ᠲᠡᠷᠢᠭᠦᠨ ᠬᠠᠭᠤᠳᠠᠰᠤ   -   ᠲᠡᠷᠢᠭᠦᠨ ᠮᠡᠳᠡᠭᠡ

ᠨᠠᠮ᠎ᠦᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶ᠋ᠢᠨ ᠭᠡᠰᠢᠬᠦᠨ ᠱᠦᠵᠢ᠎ᠨᠡᠷ᠎ᠦᠨ ᠭᠠᠵᠠᠷ᠎ᠤᠨ ᠱᠦᠵᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠨᠠᠮ᠎ᠤᠨ ᠲᠥᠪ ᠬᠣᠷᠢᠶ᠎ᠠ ᠪᠣᠯᠤᠨ ᠶᠡᠷᠦᠩᠬᠡᠢ ᠱᠦᠵᠢ ᠰᠢ᠎ᠵᠢᠨ᠎ᠫᠢᠩ᠎ᠳᠦ ᠲᠤᠱᠢᠶᠠᠯ᠎ᠤᠨ ᠮᠡᠳᠡᠭᠦᠯᠦᠯᠲᠡ ᠬᠢᠪᠡ

ᠨᠡᠶ᠋ᠢᠲᠡᠯᠡᠭᠰᠡᠨ ᠴᠠᠭ᠄   2026-03-04

ᠰᠢ᠎ᠵᠢᠨ᠎ᠫᠢᠩ ᠲᠤᠱᠢᠶᠠᠯ᠎ᠤᠨ ᠮᠡᠳᠡᠭᠦᠯᠦᠯᠲᠡ᠎ᠶ᠋ᠢ ᠬᠢᠨᠠᠨ ᠦᠵᠡᠬᠦ᠌᠎ᠶ᠋ᠢᠨ ᠬᠠᠮᠲᠤ ᠴᠢᠬᠤᠯᠠ ᠱᠠᠭᠠᠷᠳᠠᠯᠭ᠎ᠠ ᠳᠤᠷᠠᠳᠴᠤ᠌

ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡ᠎ᠶ᠋ᠢᠨ ᠡᠭᠦᠷᠭᠡ ᠬᠠᠷᠢᠭᠤᠴᠠᠯᠭᠠᠳᠤ ᠰᠡᠳᠬᠢᠯᠭᠡ᠎ᠪᠠᠨ ᠴᠢᠩᠭᠠᠳᠭᠠᠵᠤ

ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠣᠷᠢᠶ᠎ᠠ᠎ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ

《ᠠᠷᠪᠠᠨ ᠲᠠᠪᠤᠳᠤᠭᠠᠷ ᠲᠠᠪᠤᠨ ᠵᠢᠯ》᠎ᠤᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ

ᠨᠠᠮ᠎ᠤᠨ ᠲᠥᠪ ᠬᠣᠷᠢᠶ᠎ᠠ᠎ᠶ᠋ᠢᠨ ᠬᠣᠯᠪᠣᠭ᠍ᠳᠠᠯ ᠪᠥᠬᠥᠶ ᠲᠣᠭ᠍ᠲᠠᠭᠠᠯ᠎ᠢ ᠦᠨᠳᠤᠰᠤᠯᠡᠵᠤ᠂ ᠨᠠᠮ᠎ᠤᠨ ᠲᠥᠪ ᠬᠣᠷᠢᠶ᠎ᠠ᠎ᠶ᠋ᠢᠨ ᠤᠯᠤᠰ ᠲᠥᠷᠥ᠎ᠶ᠋ᠢᠨ ᠲᠣᠪᠴᠢᠶ᠎ᠠ᠎ᠶ᠋ᠢᠨ ᠭᠡᠱᠢᠭᠦᠨ᠂ ᠱᠦᠵᠢ᠎ᠨᠡᠷ᠎ᠦᠨ ᠭᠠᠵᠠᠷ᠎ᠤᠨ ᠱᠦᠵᠢ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠣᠢᠷ᠎ᠠ᠎ᠵᠢᠨ ᠬᠤᠭᠤᠴᠠᠭᠠᠨ᠎ᠳᠤ 2025 ᠣᠨ᠎ᠤ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ ᠪᠤᠯᠤᠨ ᠶᠡᠷᠦᠩᠬᠡᠶ ᠱᠦᠵᠢ ᠰᠢ᠎ᠵᠢᠨ᠎ᠫᠢᠩ᠎ᠳᠦ ᠪᠢᠴᠢᠭ᠎ᠦᠨ ᠬᠡᠯᠪᠡᠷᠢ᠎ᠪᠡᠷ ᠲᠤᠱᠢᠶᠠᠯ᠎ᠤᠨ ᠮᠡᠳᠡᠭᠦᠯᠦᠯᠲᠡ ᠬᠢᠪᠠ᠃ ᠰᠢ᠎ᠵᠢᠨ᠎ᠫᠢᠩ ᠲᠤᠱᠢᠶᠠᠯ᠎ᠤᠨ ᠮᠡᠳᠡᠭᠦᠯᠦᠯᠲᠡ᠎ᠶ᠋ᠢ ᠬᠢᠨᠠᠨ ᠦᠵᠡᠭ᠌ᠰᠡᠨ ᠪᠥᠭᠡᠳ ᠴᠢᠬᠤᠯᠠ ᠱᠠᠭᠠᠷᠳᠠᠯᠭ᠎ᠠ ᠳᠤᠷᠠᠳᠴᠠᠢ᠃

ᠰᠢ᠎ᠵᠢᠨ᠎ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶ᠋ᠢᠨ ᠵᠢᠯ ᠪᠣᠯᠤᠨ᠎ᠠ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶ᠋ᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠳᠥᠷᠪᠡᠳᠦᠭᠡᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 《ᠲᠦᠷᠪᠡᠨ ᠤᠬᠠᠮᠰᠠᠷ》᠎ᠢᠶᠠᠨ ᠴᠢᠩᠭᠠᠳᠭᠠᠵᠤ᠂ 《ᠲᠦᠷᠪᠡᠨ ᠢᠲᠡᠭᠡᠯ》᠎ᠢᠶᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡ᠎ᠶ᠋ᠢᠨ ᠡᠬᠦᠷᠭᠡ ᠬᠠᠷᠢᠭᠤᠴᠠᠯᠭᠠᠳᠤ ᠰᠡᠳᠬᠢᠯᠭᠡ᠎ᠪᠡᠨ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠲᠥᠪ ᠬᠣᠷᠢᠶ᠎ᠠ᠎ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠭᠡᠷᠡᠭᠳᠠᠢ᠃ ᠲᠣᠰ ᠲᠣᠰ᠎ᠤᠨ ᠲᠤᠱᠢᠶᠠᠯ ᠬᠠᠷᠢᠭᠤᠴᠠᠯᠭ᠎ᠠ᠎ᠶ᠋ᠢᠨ ᠬᠡᠪᠴᠢᠶᠡᠨ ᠳᠣᠲᠣᠷ᠎ᠠ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠣᠭ᠍ᠲᠠᠭᠤᠨ᠎ᠤ ᠳᠤᠮᠳᠠ ᠠᠬᠢᠯᠳᠠ᠎ᠲᠠᠶ ᠪᠠᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠢᠵᠢᠷᠠᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠶ ᠲᠣᠭ᠍ᠲᠠᠭᠤᠨ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠶ᠃ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠬᠦᠨ᠎ᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠢᠮᠠᠭ᠍ᠲᠠ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠶᠣᠰᠣ ᠰᠤᠷᠲᠠᠬᠤᠨ᠎ᠢ ᠡᠷᠬᠢᠮᠯᠡᠨ ᠪᠡᠶ᠎ᠡ᠎ᠪᠡᠨ ᠬᠦᠨᠳᠦᠳᠭᠡᠵᠦ᠍᠂ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠪᠡᠶ᠎ᠡ᠎ᠪᠡᠨ ᠱᠠᠭᠠᠷᠳᠠᠬᠤ ᠲᠠᠯ᠎ᠠ᠎ᠪᠠᠷ ᠳᠠᠭᠤᠷᠢᠶᠠᠯ ᠪᠤᠯᠵᠤ᠂ ᠵᠢᠱ᠌ᠢᠢ᠎ᠡ ᠦᠵᠡᠭᠦᠯᠬᠦ᠌ ᠬᠡᠷᠡᠭ᠌ᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠲᠦᠷᠦᠭᠦᠯᠡᠨ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠠᠢ᠎ᠡᠴᠡ ᠡᠭᠦᠰᠭᠦ᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠨ᠂ ᠠᠷᠠᠳ ᠲᠦᠮᠡᠨ᠎ᠤ᠋ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠪᠠᠷ ᠴᠢᠷᠮᠠᠢᠬᠤ ᠭᠡᠷᠡᠭᠳᠠᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠢᠯᠵᠢᠷᠡᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠡᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ