ᠰᠢ᠎ᠵᠢᠨ᠎ᠫᠢᠩ ᠨᠠᠮ᠎ᠤᠨ ᠭᠠᠳᠠᠨᠠᠬᠢ ᠬᠥᠮᠦᠰ᠎ᠲᠡᠶ ᠬᠠᠮᠲᠤ᠎ᠪᠠᠷ ᠴᠠᠭᠠᠨ ᠰᠠᠷᠠᠶ᠋ᠢ ᠤᠭ᠍ᠲᠤᠪᠠ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠡᠮᠦᠨ᠎ᠡ᠎ᠡᠴᠡ ᠡᠯ᠎ᠡ ᠠᠷᠠᠳᠴᠢᠯᠠᠭ᠍ᠰᠠᠨ ᠨᠠᠮ ᠪᠦᠯᠦᠭ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠨᠢᠭᠡᠳᠦᠮᠡᠯ ᠹᠷᠣᠨᠲ᠎ᠤᠨ ᠥᠷᠭᠡᠨ ᠤᠯᠠᠨ ᠪᠦᠷᠢᠯᠳᠦᠬᠦᠨ᠎ᠳᠦ ᠴᠢᠩ ᠰᠡᠳᠭᠢᠯ᠎ᠦᠨ ᠮᠡᠨᠳᠦᠴᠢᠯᠡᠯ ᠪᠠ ᠰᠠᠢ᠌ᠨ ᠰᠠᠢᠬᠠᠨ ᠵᠥᠩᠨᠡᠯ ᠳᠡᠪᠱᠢᠭᠦᠯᠵᠠᠢ ᠸᠠᠩ ᠬᠣ᠌ ᠨᠢᠩ ᠼᠠᠢ ᠴᠢ ᠳ᠋ᠢᠩ ᠱᠢᠤᠸᠠᠢ ᠱᠢᠶᠠᠩ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2026-02-26
ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠪᠠᠶᠠᠷ ᠪᠤᠯᠬᠤ ᠤᠯᠠᠭᠠᠨ ᠮᠣᠷᠢᠨ ᠵᠢᠯ᠎ᠦᠨ ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ 11᠎ᠦ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢᠳ᠎ᠲᠡᠶ ᠨᠢᠭᠡ ᠲᠠᠩᠬᠢᠮ᠎ᠳᠤ ᠴᠤᠭ᠍ᠯᠠᠷᠠᠵᠤ᠂ ᠪᠠᠶᠠᠷ᠎ᠤᠨ ᠡᠳᠤᠷ᠎ᠢ ᠬᠠᠮᠲᠤ᠎ᠪᠠᠷ ᠤᠭ᠍ᠲᠤᠪᠠ᠃ ᠰᠢ᠎ᠵᠢᠨ᠎ᠫᠢᠩ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠡᠮᠦᠨ᠎ᠡ᠎ᠡᠴᠡ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ᠂ ᠨᠢᠭᠡᠳᠦᠮᠡᠯ ᠹᠷᠣᠨᠲ᠎ᠤᠨ ᠥᠷᠭᠡᠨ ᠤᠯᠠᠨ ᠪᠦᠷᠢᠯᠳᠦᠬᠦᠨ᠎ᠳᠦ ᠴᠢᠩ ᠰᠡᠳᠭᠢᠯ᠎ᠦᠨ ᠮᠡᠨᠳᠦᠴᠢᠯᠡᠯ ᠪᠣᠯᠤᠨ ᠰᠠᠢᠨ ᠰᠠᠢᠬᠠᠨ ᠵᠥᠩᠨᠡᠯ ᠳᠡᠪᠱᠢᠭᠦᠯᠪᠡ᠃

2 ᠰᠠᠷ᠎ᠠ᠎ᠶᠢᠨ 11᠎ᠦ ᠡᠳᠤᠷ᠂ ᠰᠢ᠎ᠵᠢᠨ᠎ᠫᠢᠩ᠂ ᠸᠠᠩ ᠬᠣ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ ᠨᠠᠷ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠨᠠᠮ᠎ᠤᠨ ᠭᠠᠳᠠᠨᠠᠬᠢ ᠬᠦᠮᠦᠰ ᠲᠠᠢ ᠨᠢᠭᠡ ᠲᠠᠩᠬᠢᠮ᠎ᠳᠤ ᠴᠤᠬᠯᠠᠷᠠᠵᠤ᠂ ᠪᠠᠶᠠᠷ᠎ᠤᠨ ᠡᠳᠤᠷ᠎ᠢ ᠬᠠᠮᠳᠤᠪᠡᠷ ᠤᠬᠳᠤᠪᠠ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠣ ᠨᠢᠩ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ ᠣᠷᠣᠯᠴᠠᠪᠠ᠃
ᠵᠢᠶᠠᠨ ᠪᠠᠩ᠂ ᠲᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶ᠎ᠠ᠎ᠶᠢᠨ ᠲᠡᠷᠢᠭᠦᠯᠡᠭ᠌ᠴᠢ ᠳ᠋ᠢᠩ ᠵᠦᠩ ᠯᠢ᠂ ᠲᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠣᠷᠢᠶ᠎ᠠ᠎ᠶᠢᠨ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠴᠢᠨ ᠪᠥᠸᠧ ᠶᠦᠩ᠂ ᠲᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠣᠷᠢᠶ᠎ᠠ᠎ᠶᠢᠨ ᠲᠡᠷᠢᠭᠦᠯᠡᠭ᠌ᠴᠢ ᠼᠠᠢ ᠳ᠋ᠠ ᠹᠸᠩ᠂ ᠲᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠡᠷᠢᠭᠦᠯᠡᠭ᠌ᠴᠢ ᠾᠧ ᠸᠧᠢ᠂ ᠲᠤᠮᠳᠠᠳᠤ ᠤᠯᠤᠰ᠎ᠤᠨ ᡁᠢᠬᠦ᠋ᠩᠳ᠋ᠠᠩ ᠨᠠᠮ᠎ᠤᠨ ᠲᠥᠪ ᠬᠣᠷᠢᠶ᠎ᠠ᠎ᠶᠢᠨ ᠲᠡᠷᠢᠭᠦᠯᠡᠭ᠌ᠴᠢ ᠵᠢᠶᠠᠩ ᠽᠦᠸᠧ ᠵᠢᠶᠦ᠋ᠨ᠂ 《9·3》᠎ᠦ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶ᠎ᠠ᠎ᠶᠢᠨ ᠲᠡᠷᠢᠭᠦᠯᠡᠭ᠌ᠴᠢ ᠦ᠋ ᠸᠧᠢ ᠬᠤᠸᠠ᠂ ᠲᠠᠢᠸᠠᠨ᠎ᠤ ᠠᠷᠠᠳᠴᠢᠯᠠᠯ᠎ᠢᠶᠠᠷ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠣᠷᠢᠶ᠎ᠠ᠎ᠶᠢᠨ ᠲᠡᠷᠢᠭᠦᠯᠡᠭ᠌ᠴᠢ ᠰᠦ᠍ ᠬᠤᠢ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠲᠡᠷᠢᠭᠦᠯᠡᠭ᠌ᠴᠢ ᠭᠤᠤ ᠶᠦᠨ ᠯᠦᠩ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ ᠵᠧᠦ ᠵᠦᠩ ᠾᠧ᠂ ᠸᠠᠩ ᠮᠧᠢ ᠱᠢᠶᠠᠩᠨᠠᠷ ᠤᠷᠢᠯᠭ᠎ᠠ᠎ᠪᠠᠷ ᠣᠷᠣᠯᠴᠠᠵᠠᠢ᠃ ᠤᠷᠢᠯᠭ᠎ᠠ᠎ᠪᠠᠷ ᠣᠷᠣᠯᠴᠠᠭ᠍ᠰᠠᠳ᠎ᠲᠤ ᠪᠠᠰᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠭᠤ ᠪᠠᠢᠷᠢ᠎ᠡᠴᠡ᠎ᠪᠠᠨ ᠪᠠᠭᠤᠭ᠍ᠰᠠᠨ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠤᠤᠯ᠎ᠤᠨ ᠲᠡᠷᠢᠭᠦᠯᠡᠭ᠌ᠴᠢ᠂ ᠨᠢᠭᠡᠳᠦᠭᠡᠷ ᠳᠡᠳ᠋ ᠲᠡᠷᠢᠭᠦᠯᠡᠭ᠌ᠴᠢ ᠪᠣᠯᠤᠨ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠪᠤᠢ᠃
ᠾᠧ ᠸᠧᠢ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ᠎ᠤᠨ ᠡᠮᠦᠨ᠎ᠠ ᠡᠴᠡ ᠪᠠᠶᠠᠷ᠎ᠤᠨ ᠦᠭᠡ ᠬᠡᠯᠡᠪᠡ᠃ ᠲᠡᠷᠡ᠂ 2025 ᠣᠨ᠎ᠳᠤ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠡᠬᠡ ᠰᠠᠯᠬᠢᠨ ᠰᠢᠷᠦᠭᠦᠨ ᠳᠠᠪᠠᠯᠭᠠᠨᠦᠳᠤᠮᠳᠠ ᠡᠷᠡᠮᠡᠬᠡᠢᠯᠡᠨ ᠤᠷᠤᠭ᠍ᠰᠢᠯᠠᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠳᠤᠮᠳᠠ ᠬᠡᠷᠡᠯ ᠰᠠᠴᠤᠷᠠᠩᠭᠤᠶ ᠠᠮᠵᠢᠯᠲᠠ᠎ᠶ᠋ᠢ ᠡᠭᠦᠳᠴᠦ᠍᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠪᠠ᠃ ᠱᠢᠨ᠎ᠡ ᠨᠢᠭᠡ ᠵᠢᠯ᠎ᠳᠦ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠢᠳᠡᠪᠬᠢᠲᠡᠢ᠎ᠪᠡᠷ ᠠᠷᠭ᠎ᠠ ᠤᠬᠠᠭᠠᠨ ᠳᠡᠪᠰᠢᠭᠦᠯᠦᠨ ᠵᠠᠰᠠᠭ᠎ᠲᠤ ᠲᠤᠰᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠦ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ ᠭᠡᠵᠦ ᠢᠯᠡᠳᠭᠡᠪᠡ᠃
ᠾᠧ ᠸᠧᠢ᠎ᠶ᠋ᠢᠨ ᠪᠠᠶᠠᠷ᠎ᠤᠨ ᠦᠭᠡ᠎ᠶ᠋ᠢ ᠰᠣᠨᠣᠰᠤᠭ᠍ᠰᠠᠨ᠎ᠤ ᠳᠠᠷᠠᠭ᠎ᠠ᠂ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2025 ᠣᠨ ᠪᠣᠯ ᠲᠤᠢᠯ᠎ᠤᠨ ᠶᠡᠷᠦ᠍ ᠪᠤᠰᠤ᠎ᠶ᠋ᠢᠨ ᠨᠢᠭᠡ ᠵᠢᠯ ᠪᠣᠯᠤᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠬᠦᠴᠦᠯᠡᠨ ᠲᠡᠮᠡᠴᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠢ ᠬᠤᠷᠠᠯᠳᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠦᠪᠡᠳᠡᠭ᠌ᠰᠢ ᠶᠡᠬᠡᠪᠡᠷ ᠳᠤᠷᠠᠰᠭᠠᠵᠤ᠂ ᠲᠠᠢᠸᠠᠨ᠎ᠢ ᠡᠭᠡᠭᠦᠯᠦᠨ ᠠᠪᠤᠭᠰᠠᠨ ᠳᠤᠷᠠᠰᠭᠠᠯ᠎ᠤᠨ ᠡᠳᠦᠷ᠎ᠢ ᠲᠤᠭᠲᠠᠭᠠᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠤᠢ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠪᠡ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠮᠠᠨ᠎ᠤ ᠤᠯᠤᠰ᠎ᠤᠨ ᠠᠵᠤ ᠠᠬᠤᠢ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠱᠢᠨ᠎ᠡ ᠲᠡᠢᠰᠢ ᠱᠢᠯᠢᠳᠡᠭ ᠲᠡᠢᠰᠢ ᠬᠥᠭ᠌ᠵᠢᠪᠡ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠢᠳᠡᠪᠬᠢᠲᠡᠢ ᠠᠬᠢᠭᠤᠯᠪᠠ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠰᠤᠷᠲᠠᠯ᠎ᠤᠨ ᠪᠠᠢᠭᠤᠯᠤᠯᠲᠠ ᠪᠠ ᠢᠯᠵᠢᠷᠠᠯ᠎ᠢ ᠡᠰᠡᠷᠭᠦᠴᠡᠬᠦ᠌ ᠲᠡᠮᠡᠴᠡᠯ ᠢᠯᠡᠳᠲᠡ ᠦᠷ᠎ᠡ ᠪᠦᠲᠦᠮᠵᠢ ᠤᠯᠪᠠ᠃ 5 ᠵᠢᠯ᠎ᠦᠨ ᠴᠥᠬᠥᠷᠡᠰᠢ ᠦᠭᠡᠢ ᠲᠡᠮᠡᠴᠡᠯ᠎ᠢᠶᠡᠷ ᠳᠠᠮᠵᠢᠨ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠶ ᠰᠡᠭᠦᠯ ᠬᠤᠷᠢᠶᠠᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠡᠳᠡᠭᠡᠷ ᠠᠮᠵᠢᠯᠲᠠ ᠪᠣᠯ ᠬᠢᠯᠪᠠᠷ ᠪᠤᠰᠤ᠎ᠪᠠᠷ ᠢᠷᠡᠭ᠌ᠰᠡᠨ ᠶᠤᠮ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ᠎ᠢ ᠪᠠᠭ᠍ᠲᠠᠭᠠᠭ᠍ᠰᠠᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ ᠭᠡᠵᠦ ᠴᠢᠬᠤᠯᠠᠴᠢᠯᠠᠪᠠ᠃
ᠰᠢ᠎ᠵᠢᠨ᠎ᠫᠢᠩ᠂ ᠥᠩᠭᠡᠷᠡᠭ᠌ᠰᠡᠨ ᠨᠢᠭᠡ ᠵᠢᠯ᠎ᠳᠦ᠂ ᠤᠯᠠᠨ ᠨᠠᠮ ᠬᠠᠮᠲᠤᠷᠠᠨ ᠠᠵᠢᠯᠯᠠᠬᠤ ᠦᠢᠯᠡᠰ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠲᠣᠭ᠍ᠲᠠᠭᠠᠯ᠎ᠢ ᠰᠤᠷᠤᠯᠴᠠᠬᠤ᠂ ᠰᠤᠷᠲᠠᠯ᠎ᠢᠶᠠᠨ ᠬᠦᠴᠦᠷᠬᠡᠭ᠌ᠵᠢᠭᠦᠯᠬᠦ᠌᠂ ᠲᠦᠷᠢ ᠲᠥᠷᠬᠦ᠌᠎ᠶ᠋ᠢ ᠱᠤᠭᠤᠬᠤ》 ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠲᠠᠶ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠪᠡ᠃ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ 《ᠬᠣᠶᠠᠷ ᠡᠷᠡᠭᠦᠯ》 ᠠᠬᠢᠭᠤᠯᠬᠤ᠎ᠶ᠋ᠢᠨ ᠲᠥᠯᠥᠭᠡ ᠶᠡᠬᠡ ᠬᠡᠮᠵᠢᠶᠡᠨ᠎ᠦ ᠠᠵᠢᠯ ᠬᠢᠪᠠ ᠭᠡᠵᠦ ᠵᠢᠭᠠᠵᠤ ᠭᠠᠷᠭᠠᠪᠠ᠃ ᠲᠡᠷᠡ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠡᠮᠦᠨ᠎ᠡ᠎ᠡᠴᠡ ᠤᠯᠠᠨ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠭᠡᠪᠡ !
ᠰᠢ᠎ᠵᠢᠨ᠎ᠫᠢᠩ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶ᠋ᠢᠨ ᠵᠢᠯ ᠪᠣᠯᠤᠨ᠎ᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢᠨ ᠲᠤᠭᠤᠷᠢᠨ᠎ᠳᠦ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠦᠰᠡᠵᠦ᠍ ᠪᠠᠢᠨ᠎ᠠ᠃ ᠨᠢᠭᠡ᠎ᠳᠦ᠂ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠬᠤ ᠬᠡᠷᠡᠭᠳᠠᠢ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠢᠮᠠᠭ᠍ᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠯᠤᠭ᠎ᠠ ᠪᠤᠳᠤᠯ ᠨᠢᠭᠡᠲᠡᠢ᠂ ᠵᠣᠭ᠍ᠰᠣᠯᠲᠠ ᠨᠢᠭᠡᠲᠡᠢ᠂ ᠠᠵᠢᠯᠯᠠᠭ᠎ᠠ ᠨᠢᠭᠡᠲᠡᠢ ᠪᠠᠢᠬᠤ ᠬᠡᠷᠡᠭ᠌ᠲᠡᠢ᠃ ᠪᠥᠬᠥ᠌ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ᠎ᠬᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠮᠦᠰ᠎ᠢ ᠬᠥᠲᠥᠯᠥᠨ ᠵᠢᠯᠣᠭᠣᠳᠴᠤ᠌ ᠪᠠᠢᠭᠠᠳ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ᠎ᠨᠢ ᠪᠠᠲᠤᠳᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠬᠡᠷᠡᠭ᠌ᠲᠡᠶ᠃ ᠬᠣᠶᠠᠷ᠎ᠲᠤ᠂ ᠭᠣᠣᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》ᠦ᠋ᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠬᠤ ᠬᠡᠷᠡᠭᠳᠡᠢ᠃ ᠪᠠᠢᠴᠠᠭᠠᠨ ᠰᠤᠳᠤᠯᠤᠯᠲᠠᠬᠢᠬᠦᠶᠢ ᠴᠢᠩᠭᠠᠳᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠨᠡᠩ ᠤᠯᠠᠨ ᠪᠣᠳᠠᠲᠠᠢ᠎ᠶ᠋ᠢ ᠡᠷᠬᠢᠮᠯᠡᠭ᠌ᠰᠡᠨ ᠲᠤᠰᠠᠲᠠᠢ ᠰᠠᠨᠠᠭᠤᠯᠭ᠎ᠠ ᠬᠠᠩᠭᠠᠬᠤ ᠬᠡᠷᠡᠭ᠌ᠲᠡᠢ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠳᠦ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠳᠡᠢ᠃ ᠭᠤᠷᠪᠠ᠎ᠳᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠦᠨᠡᠨ ᠬᠦ᠌ ᠴᠢᠩᠭᠠᠳᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠰᠠᠭ᠎ᠤᠨ ᠶᠠᠪᠤᠳᠠᠯ᠎ᠳᠤ ᠣᠷᠣᠯᠴᠠᠬᠤ ᠨᠠᠮ ᠪᠠ ᠵᠠᠰᠠᠭ᠎ᠤᠨ ᠶᠠᠪᠤᠳᠠᠯ᠎ᠳᠤ ᠣᠷᠣᠯᠴᠠᠬᠤ ᠬᠦᠴᠦᠨ᠎ᠦ ᠱᠢᠨ᠎ᠡ ᠳᠦᠷᠰᠦ ᠪᠠᠢᠳᠠᠯ᠎ᠢ ᠨᠡᠩ ᠰᠠᠢᠲᠤᠷ ᠢᠯᠡᠷᠡᠭᠦᠯᠬᠦ ᠬᠡᠷᠡᠭᠳᠡᠢ᠃ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠷᠢᠯᠳᠦᠬᠦᠨ ᠨᠠᠷ᠎ᠤᠨ᠎ᠢᠶᠠᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠴᠢᠬᠤᠯᠠᠴᠢᠯᠠᠵᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠵᠤᠯᠭᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠤᠯᠠᠨ ᠨᠠᠮ ᠬᠠᠮᠲᠤᠷᠠᠨ ᠠᠵᠢᠯᠯᠠᠬᠤ ᠦᠢᠯᠡᠰ᠎ᠦᠨ ᠢᠮᠠᠭ᠍ᠲᠠ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠲᠡᠶ ᠪᠠᠢᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠯᠢ ᠭᠠᠨ ᠵᠢᠶ᠍ᠸ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ ᠲᠥᠪ᠎ᠦᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠠᠵᠢᠯᠯᠠᠭ᠎ᠠ᠎ᠳᠤ ᠣᠷᠣᠯᠴᠠᠵᠠᠢ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ