ᠲᠡᠷᠢᠭᠦᠨ ᠬᠠᠭᠤᠳᠠᠰᠤ   -   ᠲᠡᠷᠢᠭᠦᠨ ᠮᠡᠳᠡᠭᠡ

ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶᠢᠨ ᠲᠣᠪᠴᠢᠢ᠎ᠠ ᠬᠤᠷᠠᠯ ᠬᠤᠷᠠᠯᠳᠤᠭᠤᠯᠪᠠ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠥᠰᠦᠯ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠶᠠᠷᠢᠯᠴᠠᠵᠠᠢ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ ᠰᠢ᠎ᠵᠢᠨ᠎ᠫᠢᠩ ᠬᠤᠷᠠᠯ᠎ᠢ ᠡᠷᠭᠢᠯᠡᠪᠠ

ᠨᠡᠶ᠋ᠢᠲᠡᠯᠡᠭᠰᠡᠨ ᠴᠠᠭ᠄   2026-03-04

ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠡᠣᠯᠣᠰ ᠲᠦᠷᠦ᠎ᠶᠢᠨ ᠲᠣᠪᠴᠢᠶ᠎ᠠ 2 ᠰᠠᠷ᠎ᠠ᠎ᠶ᠋ᠢᠨ 27᠎ᠦ ᠡᠳᠦᠷ ᠬᠤᠷᠠᠯ ᠬᠤᠷᠠᠯᠳᠤᠭᠤᠯᠵᠤ᠂ ᠲᠥᠷᠥ᠎ᠶ᠋ᠢᠨ ᠶᠠᠪᠤᠳᠠᠯ᠎ᠤᠨ ᠬᠣᠷᠢᠢ᠎ᠠ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠳᠡᠪᠱᠢᠭᠦᠯᠦᠨ ᠬᠢᠨᠠᠨ ᠪᠠᠢᠴᠠᠭᠠᠯᠭᠠᠬᠤ᠎ᠪᠡᠷ ᠪᠠᠢᠭ᠎ᠠ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠦᠰᠦᠯ᠎ᠤᠨ ᠨᠣᠣᠷᠠᠭ ᠪᠣᠯᠤᠨ ᠬᠢᠨᠠᠨ ᠵᠦᠪᠯᠡᠭᠦᠯᠬᠦ᠎ᠪᠠᠷ ᠪᠠᠢᠭ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠨᠣᠣᠷᠠᠭ᠎ᠢ ᠶᠠᠷᠢᠯᠴᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯ᠎ᠢ ᠡᠷᠬᠢᠯᠡᠪᠡ᠃

ᠬᠤᠷᠠᠯ᠎ᠡᠴᠡ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠲᠤᠢᠯ᠎ᠤᠨ ᠵᠢᠷ᠎ᠤᠨ ᠪᠤᠰᠤ᠂ ᠲᠤᠢᠯ᠎ᠤᠨ ᠶᠡᠷᠦ᠍ ᠪᠤᠰᠤ᠎ᠶ᠋ᠢᠨ ᠶᠤᠮ᠃ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ᠂ ᠡᠷᠡᠮᠡᠬᠡᠢᠯᠡᠨ ᠤᠷᠤᠭ᠍ᠰᠢᠯᠠᠵᠤ᠂ ᠵᠠᠭᠤᠨ ᠵᠢᠯ ᠲᠤᠬᠢᠶᠠᠯᠳᠤᠭ᠎ᠠ ᠦᠭᠡᠢ ᠬᠢᠵᠢᠭ᠎ᠦᠨ ᠪᠠᠢᠳᠠᠯ᠎ᠤᠨ ᠬᠦᠨᠳᠦ ᠨᠣᠴᠢᠲᠠᠢ ᠳᠠᠭᠠᠷᠢᠯᠳᠠ᠎ᠶ᠋ᠢ ᠳᠠᠭᠠᠭᠠᠵᠤ᠂ ᠠᠯᠢ ᠤᠯᠠᠨ ᠬᠦᠨᠳᠦ ᠶᠡᠬᠡ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠪᠠ᠃ 5 ᠵᠢᠯ ᠦᠷᠭᠦᠯᠵᠢᠯᠡᠨ ᠲᠡᠮᠡᠴᠡᠬᠦ᠌᠎ᠪᠡᠷ ᠳᠠᠮᠵᠢᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠠᠮᠵᠢᠯᠲᠠ᠎ᠲᠠᠶ ᠪᠡᠶᠡᠯᠡᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠪᠣᠳᠠᠲᠤ ᠬᠦᠴᠦᠨ᠂ ᠶᠡᠷᠦᠩᠬᠡᠢᠯᠡᠭᠰᠡᠡ ᠤᠯᠤᠰ᠎ᠤᠨ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠠᠢ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶ᠋ᠢ ᠪᠡᠬᠢᠵᠢᠭᠦᠯᠦᠨ᠂ ᠪᠦᠭᠦ᠌ ᠲᠠᠯ᠎ᠠ᠎ᠪᠠᠷ ᠬᠦᠴᠣᠯᠠᠭᠦ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠃ ᠨᠠᠮ᠎ᠤᠨ ᠲᠥᠪ ᠬᠤᠷᠢᠶ᠎ᠠ᠎ᠶᠢᠨ ᠤᠳᠤᠷᠢᠳᠤᠯᠭ᠎ᠠ ᠳᠣᠣᠷ᠎ᠠ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠲᠣᠭ᠍ᠲᠠᠭᠠᠵᠤ ᠬᠡᠷᠡᠭ᠌ᠵᠢᠭᠦᠯᠦᠨ᠂ ᠳᠠᠪᠠᠭᠤᠯᠢᠭ᠎ᠢᠶᠠᠨ ᠴᠢᠷᠮᠠᠢᠨ ᠪᠡᠬᠢᠵᠢᠭᠦᠯᠵᠦ᠍ ᠥᠷᠭᠡᠳᠭᠡᠨ᠂ ᠪᠣᠭᠣᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠬᠦ᠌ ᠨᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠡᠩ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠬᠦ᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ ᠭᠡᠵᠦ ᠦᠵᠡᠪᠡ᠃

ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠎ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ᠂ ᠡᠷᠬᠡᠪᠰᠢ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠎ᠶᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠰᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ 《ᠳᠥᠷᠪᠡᠨ ᠪᠦᠬᠦ᠌ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠬᠦᠯᠦᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠨ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠨ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠶᠠᠪᠤᠳᠠᠯ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶᠢ ᠠᠬᠢᠭᠤᠯᠵᠤ᠂ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ ᠱᠢᠢᠳᠪᠦᠷᠢᠯᠡᠭ᠌ᠴᠢ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢᠨ ᠲᠥᠰᠦᠯ᠎ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠳᠡᠪᠱᠢᠭᠦᠯᠦᠨ ᠬᠢᠨᠠᠨ ᠪᠠᠢᠴᠠᠭᠠᠯᠭᠠᠬᠤ ᠪᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠳᠥᠷᠪᠡᠳᠦᠭᠡᠷ ᠬᠤᠷᠠᠯ᠎ᠳᠤ ᠲᠡᠪᠰᠢᠭᠦᠯᠦᠨ ᠶᠠᠷᠢᠯᠴᠠᠭᠤᠯᠬᠤ ᠶᠠᠪᠤᠴᠠ᠎ᠳᠤ᠂ ᠠᠷᠠᠳᠴᠢᠯᠠᠯ᠎ᠢ ᠪᠠᠳᠠᠷᠠᠭᠤᠯᠤᠨ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠬᠤ ᠬᠡᠷᠡᠭ᠌ᠲᠡᠢ ᠭᠡᠵᠦ ᠱᠠᠭᠠᠷᠳᠠᠪᠠ᠃

ᠬᠤᠷᠠᠯ ᠡᠴᠡ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ᠎ᠳᠦ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠬᠦᠯᠵᠦ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠦᠨ᠂ ᠨᠠᠩ ᠢᠳᠡᠪᠬᠢᠲᠡᠶ ᠦᠷ᠎ᠡ ᠪᠦᠳᠦᠮᠵᠢᠲᠠᠢ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠂ ᠲᠥᠷᠥ᠎ᠶ᠋ᠢᠨ ᠪᠣᠳᠣᠯᠭ᠎ᠠ᠎ᠶ᠋ᠢᠨ ᠪᠠᠷᠠᠯᠠᠯᠳᠤ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠭᠠᠨ᠂ ᠦᠷᠬᠦᠯᠵᠢᠯᠡᠨ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠨ᠂ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠂ ᠨᠡᠮᠡᠭ᠌ᠳᠡᠯ᠎ᠢ ᠱᠢᠯᠢᠳᠡᠭ᠌ᠵᠢᠭᠦᠯᠦᠨ᠂ ᠬᠠᠳᠠᠭᠠᠯᠠᠯᠲᠠ᠎ᠶ᠋ᠢ ᠠᠮᠢᠳᠤᠯᠢᠭᠵᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠡᠷ ᠬᠦᠴᠦᠯᠡᠵᠦ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠢ ᠰᠠᠢ᠌ᠳᠤᠷ ᠡᠬᠢᠯᠡᠬᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃

ᠬᠤᠷᠠᠯ ᠡᠴᠡ᠂ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ ᠪᠣᠯᠤᠨ ᠵᠣᠬᠢᠰᠲᠠᠢ ᠠᠭᠤᠵᠢᠭᠤ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠪᠣᠯᠤᠨ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠪᠠᠢᠭᠤᠯᠵᠤ᠂ ᠱᠢᠨ᠎ᠡ ᠬᠥᠳᠡᠯᠭᠡᠬᠦ᠌ ᠬᠦᠴᠦᠨ᠎ᠢ ᠱᠠᠯᠠᠪᠳᠠᠨ ᠪᠣᠢᠵᠢᠭᠤᠯᠤᠨ ᠪᠤᠵᠠᠭᠠᠢᠷᠠᠭᠤᠯᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠬᠡᠷᠡᠭ᠌ᠲᠡᠢ᠃ ᠭᠤᠤᠯᠳᠠᠯᠭ᠎ᠠ᠎ᠲᠠᠶ ᠬᠦᠷᠢᠶᠡᠨ᠎ᠦ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠤᠯᠠᠮ ᠨᠢᠭᠡ ᠠᠯᠬᠤᠮ ᠥᠷᠭᠡᠳᠭᠡᠨ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ ᠪᠣᠯᠤᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ᠃ ᠠᠷᠠᠳ᠎ᠤᠨ ᠠᠮᠢᠳᠤᠷᠠᠯ᠎ᠢ ᠨᠡᠩ ᠶᠡᠬᠡ ᠡᠷᠴᠢᠮ᠎ᠢᠶᠡᠷ ᠪᠠᠲᠤᠯᠠᠨ ᠰᠠᠢᠵᠢᠷᠠᠭᠤᠯᠵᠤ᠂ ᠪᠦᠬᠦ᠌ ᠲᠠᠯ᠎ᠠ᠎ᠪᠠᠷ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ