ᠲᠡᠷᠢᠭᠦᠨ ᠬᠠᠭᠤᠳᠠᠰᠤ   -   ᠲᠡᠷᠢᠭᠦᠨ ᠮᠡᠳᠡᠭᠡ

ᠰᠢ᠎ᠵᠢᠨ᠎ᠫᠢᠩ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠦᠨ ᠠᠵᠢᠯ᠎ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠠᠭᠤᠷᠢ ᠰᠤᠳᠤᠯᠭᠠᠨ᠎ᠤ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠪᠠᠷᠠᠯᠠᠯᠲᠤ ᠴᠢᠨᠠᠷᠲᠠᠢ ᠰᠢᠰᠲ᠋ᠧᠮᠵᠢᠭᠰᠡᠨ ᠪᠠᠢᠷᠢᠰᠢᠭᠤᠯᠤᠯᠲᠠ᠎ᠶᠢ ᠴᠢᠩᠭᠠᠳᠬᠠᠵᠤ ᠥᠷᠭᠡᠨ ᠣᠯᠠᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠰᠢᠨᠵᠢᠯᠡᠬᠦ ᠤᠬᠠᠭᠠᠨ᠎ᠤ ᠨᠣᠶᠠᠨ ᠣᠷᠭᠢᠯ᠎ᠳᠤ ᠵᠣᠷᠢᠭᠲᠠᠢ ᠠᠪᠠᠷᠢᠵᠤ ᠨᠡᠩ ᠣᠯᠠᠨ ᠤᠤᠭᠠᠯ ᠡᠭᠦᠳᠦᠯᠲᠡ᠎ᠶᠢᠨ ᠴᠢᠨᠠᠷᠲᠠᠢ ᠦᠷ᠎ᠡ ᠪᠦᠲᠦᠭᠡᠯ ᠭᠠᠷᠭᠠᠬᠤ᠎ᠶᠢ ᠳᠡᠮᠵᠢᠬᠦ ᠬᠡᠷᠡᠭᠲᠡᠢ

ᠨᠡᠶ᠋ᠢᠲᠡᠯᠡᠭᠰᠡᠨ ᠴᠠᠭ᠄   2026-02-26

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠣᠢᠷ᠎ᠠ᠎ᠳᠤ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠦᠨ ᠠᠵᠢᠯ᠎ᠳᠤ ᠴᠢᠬᠤᠯᠠ ᠵᠢᠭᠠᠪᠤᠷᠢ ᠥᠭ᠌ᠴᠦ᠂ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ ᠪᠠᠢᠭᠤᠯᠤᠭ᠍ᠳᠠᠭ᠍ᠰᠠᠨ 40 ᠵᠢᠯ᠎ᠦᠨ ᠲᠤᠷᠰᠢ᠂ ᠰᠠᠭᠤᠷᠢ ᠰᠤᠳᠤᠯᠭᠠᠨ᠎ᠢ ᠠᠬᠢᠭᠤᠯᠬᠤ᠂ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠱᠢᠨ᠎ᠡ ᠠᠶᠠᠨ᠎ᠳᠤ᠂ ᠲᠠ ᠨᠠᠷ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ᠎ᠶ᠋ᠢᠨ ᠲᠡᠦᠬᠡᠳᠤ ᠠᠵᠠ ᠲᠣᠬᠢᠶᠠᠯ᠎ᠢ ᠠᠮᠵᠢᠵᠤ᠂ 《ᠳᠦᠷᠪᠡ᠎ᠳᠦ ᠬᠠᠨᠳᠤᠭᠤᠯᠬᠤ》 ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠵᠤ᠂ ᠰᠠᠭᠤᠷᠢ ᠰᠤᠳᠤᠯᠭᠠᠨ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷ᠂ ᠪᠠᠷᠠᠯᠠᠯᠳᠤ ᠴᠢᠨᠠᠷ᠂ ᠱᠢᠰᠲ᠋ᠧᠮᠵᠢᠭ᠌ᠰᠡᠨ ᠪᠠᠢᠷᠢᠯᠠᠭᠤᠯᠤᠯᠲᠠ᠎ᠶᠢ ᠴᠢᠩᠭᠠᠳᠬᠠᠵᠤ᠂ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠡᠳ᠋ ᠮᠦᠨᠭᠭᠦ᠎ᠪᠡᠷ ᠲᠤᠰᠠᠯᠠᠬᠤ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠮᠦᠨᠭᠭᠦ᠎ᠪᠡᠷ ᠲᠤᠰᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠂ ᠰᠠᠢ᠌ᠨ ᠰᠠᠢᠬᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠮᠢ ᠠᠬᠤᠢ᠎ᠶ᠋ᠢ ᠪᠤᠢ ᠪᠣᠯᠭᠠᠬᠤ᠎ᠶ᠋ᠢ ᠠᠬᠢᠭᠤᠯᠵᠤ᠂ ᠣᠯᠠᠨ ᠤᠯᠤᠰ᠎ᠤᠨ ᠬᠠᠮᠲᠤᠷᠠᠯᠴᠠᠭᠠᠨ᠎ᠤ ᠣᠷᠣᠨ ᠵᠠᠶ᠎ᠶ᠋ᠢ ᠥᠷᠭᠡᠳᠭᠡᠵᠦ᠂ ᠥᠷᠭᠡᠨ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠱᠢᠨᠵᠢᠯᠡᠬᠦ᠌ ᠤᠬᠠᠭᠠᠨ᠎ᠤ ᠨᠣᠶᠠᠨ ᠣᠷᠭᠢᠯ᠎ᠳᠤ ᠵᠣᠷᠢᠭ᠍ᠲᠠᠶ ᠠᠪᠠᠷᠢᠬᠤ᠂ ᠨᠠᠩ ᠣᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠶ ᠦᠷ᠎ᠡ ᠪᠦᠲᠦᠭᠡᠯ ᠭᠠᠷᠭᠠᠬᠤ᠎ᠶᠢ ᠳᠡᠮᠵᠢᠵᠦ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ ᠨᠠᠩ ᠶᠡᠬᠡ ᠬᠤᠪᠢ ᠨᠡᠮᠡᠷᠢ ᠦᠵᠡᠭᠦᠯᠬᠦ᠌ ᠵᠢ ᠬᠦᠰᠡᠵᠤ ᠪᠠᠢᠨ᠎ᠠ ᠭᠡᠵᠦ ᠴᠢᠬᠤᠯᠠᠴᠢᠯᠠᠪᠠ᠃

ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ 1986 ᠣᠨ᠎ᠤ 2 ᠰᠠᠷ᠎ᠠ᠎ᠳᠤ ᠪᠠᠢᠭᠤᠯᠤᠭ᠍ᠳᠠᠵᠤ᠂ 40 ᠵᠢᠯ᠎ᠦᠨ ᠬᠥᠭ᠌ᠵᠢᠯᠲᠡ᠎ᠪᠡᠷ ᠳᠠᠮᠵᠢᠨ᠂ ᠤᠯᠤᠰ᠎ᠡᠴᠡ ᠥᠷᠭᠡᠨ ᠤᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠳᠠᠨ᠎ᠤ ᠰᠠᠭᠤᠷᠢ ᠰᠤᠳᠤᠯᠭᠠᠨ ᠥᠷᠨᠢᠭᠦᠯᠬᠦ᠌᠎ᠳᠦ ᠡᠳ᠋ ᠮᠦᠨᠭᠭᠦ ᠪᠡᠷ ᠲᠤᠰᠠᠯᠠᠬᠤ ᠴᠢᠬᠤᠯᠠ ᠠᠷᠭ᠎ᠠ ᠵᠠᠮ ᠪᠣᠯᠤᠭ᠍ᠰᠠᠨ ᠪᠠᠢᠨ᠎ᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 12 ᠎ᠤ᠋ᠨ ᠴᠠᠬᠢᠯᠭᠠᠨ ᠮᠡᠳᠡᠭᠡ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ