ᠰᠢ᠎ᠵᠢᠨ᠎ᠫᠢᠩ ᠭᠧᠷᠮᠠᠨ᠎ᠤ ᠶᠡᠷᠦᠩᠬᠡᠢ ᠰᠠᠢᠳ ᠮᠦᠸᠸᠽᠢ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2026-03-04
2 ᠰᠠᠷ᠎ᠠ᠎ᠶ᠋ᠢᠨ 25 ᠤ᠋ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠳ᠋ᠢᠶᠤᠤ ᠢᠦᠢ ᠲᠡᠶ᠎ᠳᠡᠬᠢ ᠲᠦᠷᠦ᠍᠎ᠶ᠋ᠢᠨ ᠵᠣᠴᠢᠳ᠎ᠤᠨ ᠪᠠᠭᠤᠳᠠᠯ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠭᠧᠷᠮᠠᠨ᠎ᠤ ᠶᠡᠷᠦᠩᠬᠡᠢ ᠰᠠᠢᠳ ᠮᠦᠸᠸᠽᠢ ᠲᠠᠢ ᠠᠭᠤᠯᠵᠠᠪᠠ᠃

ᠰᠢ᠎ᠵᠢᠨ᠎ᠫᠢᠩ᠂ ᠳᠤᠮᠳᠠᠳᠤ ᠤᠯᠤᠰ ᠪᠣᠯᠤᠨ ᠭᠧᠷᠮᠠᠨ ᠪᠣᠯ ᠲᠤᠰ ᠲᠤᠰ ᠳᠡᠯᠡᠬᠡᠢ᠎ᠶ᠋ᠢᠨ ᠬᠣᠶᠠᠳᠤᠭᠠᠷ᠂ ᠭᠤᠷᠪᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠣᠯᠤᠨ᠎ᠠ᠂ ᠳᠤᠮᠳᠠᠳᠤ ᠭᠧᠷᠮᠠᠨ᠎ᠤ ᠬᠠᠷᠢᠯᠴᠠᠭ᠎ᠠ ᠨᠢ ᠬᠣᠶᠠᠷ ᠤᠯᠤᠰ᠎ᠤᠨ ᠠᠱᠢᠭ ᠲᠤᠰᠠ᠎ᠳᠤ ᠬᠣᠯᠪᠣᠭ᠍ᠳᠠᠬᠤ᠎ᠪᠠᠷ ᠪᠠᠷᠠᠬᠤ ᠦᠬᠡᠢ᠂ ᠧᠦ᠋ᠷᠣᠫᠠ ᠲᠢᠪ ᠪᠣᠯᠤᠨ ᠳᠡᠯᠡᠬᠡᠢ ᠳ᠋ᠠᠬᠢᠨ᠎ᠳᠤ ᠴᠤ᠌ ᠴᠢᠬᠤᠯᠠ ᠨᠥᠯᠥᠭᠡᠯᠡᠬᠦ᠌ ᠦᠢᠯᠡᠳᠦᠯ᠎ᠲᠡᠶ ᠶᠤᠮ᠃ ᠣᠳᠣᠬᠠᠨ᠎ᠳᠤ ᠳᠡᠯᠡᠬᠡᠢ᠎ᠶ᠋ᠢᠨ ᠪᠠᠢᠳᠠᠯ ᠶᠠᠭ ᠳᠡᠯᠡᠬᠡᠢ᠎ᠶ᠋ᠢᠨ ᠬᠣᠶᠠᠳᠤᠭᠠᠷ ᠲᠠᠢ᠌ᠨ ᠳᠠᠭᠤᠰᠤᠭ᠍ᠰᠠᠨ᠎ᠡᠴᠡ ᠨᠠᠭᠠᠱᠢᠬᠢ ᠬᠠᠮᠤᠭ᠎ᠤᠨ ᠭᠦᠨᠵᠡᠭᠡᠢ ᠬᠤᠪᠢᠰᠤᠯᠲᠠ᠎ᠶ᠋ᠢ ᠥᠩᠭᠡᠷᠡᠭᠡᠵᠦ᠍ ᠪᠤᠢ᠃ ᠳᠡᠯᠡᠬᠡᠢ ᠶᠢᠷᠲᠢᠨᠴᠦ᠍ ᠬᠡᠳᠦᠢ ᠦᠢᠮᠡᠬᠡᠨ ᠲᠡᠪᠵᠢᠶᠠᠨ᠎ᠲᠡᠶ ᠪᠣᠯᠬᠤ ᠲᠤᠳᠤᠮ᠂ ᠳᠤᠮᠳᠠᠳᠤ ᠭᠧᠷᠮᠠᠨ ᠬᠣᠶᠠᠷ ᠤᠯᠤᠰ ᠤᠯᠠᠮ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ᠎ᠪᠠᠨ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠢᠲᠡᠭᠡᠯᠴᠡᠭᠡ᠎ᠪᠡᠨ ᠨᠡᠮᠡᠭ᠌ᠳᠡᠭᠦᠯᠦᠨ᠂ ᠳᠤᠮᠳᠠᠳᠤ ᠭᠧᠷᠮᠠᠨ᠎ᠤ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠲᠠᠰᠤᠷᠠᠯᠳᠡ ᠦᠭᠡᠢ ᠱᠢᠨ᠎ᠡ ᠬᠥᠭ᠌ᠵᠢᠯᠲᠡ᠎ᠲᠡᠶ ᠪᠣᠯᠬᠤ᠎ᠶ᠋ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ ᠳᠠᠷᠠᠭᠠᠴᠢ᠎ᠶ᠋ᠢᠨ ᠠᠯᠬᠤᠮ᠎ᠤᠨ ᠳᠤᠮᠳᠠᠳᠤ ᠭᠧᠷᠮᠠᠨ᠎ᠤ ᠬᠠᠷᠢᠯᠴᠠᠭ᠎ᠠ᠎ᠶ᠋ᠢᠨ ᠬᠥᠭ᠌ᠵᠢᠯᠲᠡ᠎ᠳᠦ ᠭᠤᠷᠪᠠᠨ ᠰᠠᠨᠠᠯ ᠳᠤᠷᠠᠳᠪᠠ᠃ ᠨᠢᠭᠡ᠎ᠳᠦ᠂ ᠬᠠᠷᠢᠯᠴᠠᠨ ᠳᠡᠮᠵᠢᠬᠦ᠌ ᠨᠠᠢᠳᠠᠪᠤᠷᠢᠲᠠᠢ ᠬᠠᠨᠢᠲᠠᠨ ᠪᠣᠯᠤᠶ᠎ᠠ᠃ ᠳᠤᠮᠳᠠᠳᠤ ᠭᠧᠷᠮᠠᠨ ᠬᠣᠶᠠᠷ ᠤᠯᠤᠰ ᠴᠥᠮ ᠲᠤᠰ ᠪᠡᠶ᠎ᠡ᠎ᠳᠡᠭᠡᠨ ᠰᠠᠭᠤᠷᠢᠯᠠᠵᠤ᠂ ᠲᠦᠷᠭᠡᠨ ᠬᠥᠭ᠌ᠵᠢᠵᠦ᠍᠂ ᠬᠠᠷᠢᠯᠴᠠᠨ ᠬᠦᠨᠳᠦᠳᠭᠡᠵᠦ᠍ ᠬᠠᠷᠢᠯᠴᠠᠨ ᠢᠲᠡᠭᠡᠯᠴᠡᠬᠦ᠌᠂ ᠨᠡᠭᠡᠭᠡᠯᠲᠡᠲᠦ ᠬᠠᠮᠲᠤᠷᠠᠯᠴᠠᠭ᠎ᠠ ᠬᠢᠬᠦ᠌᠎ᠶ᠋ᠢ ᠪᠠᠷᠢᠮᠲᠠᠯᠠᠵᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠭᠰᠡᠨ ᠠᠮᠵᠢᠯᠲᠠ᠎ᠲᠠᠶ ᠦᠯᠢᠭᠡᠷ᠎ᠢ ᠪᠢᠴᠢᠭ᠌ᠯᠡᠪᠡ᠃ ᠳᠤᠮᠳᠠᠳᠤ ᠤᠯᠤᠰ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠴᠢᠳᠠᠪᠤᠷᠢ ᠪᠠ ᠢᠳᠡᠭᠡᠯ ᠵᠤᠷᠢᠭ᠎ᠲᠡᠶ ᠪᠠᠢᠵᠤ᠂ ᠭᠧᠷᠮᠠᠨᠢ ᠪᠠᠭ᠍ᠲᠠᠭᠠᠭ᠍ᠰᠠᠨ ᠳᠡᠯᠡᠬᠡᠢ᠎ᠶ᠋ᠢᠨ ᠡᠯ᠎ᠡ ᠤᠯᠤᠰ᠎ᠲᠠᠶ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠦᠷᠭᠦᠯᠵᠢᠯᠡᠨ ᠬᠤᠪᠢᠶᠠᠯᠴᠠᠨ᠎ᠠ᠃ ᠭᠧᠷᠮᠠᠨ᠎ᠤ ᠬᠢᠨ ᠳᠤᠮᠳᠠᠳᠤ ᠤᠯᠤᠰ᠎ᠤᠨ ᠬᠥᠭ᠌ᠵᠢᠯᠲᠡ᠎ᠵᠢᠨ ᠲᠤᠬᠠᠢ ᠪᠤᠰᠤᠳᠴᠢ ᠪᠥᠭᠡᠳ ᠣᠶᠤᠨᠴᠢ᠎ᠪᠠᠷ ᠬᠠᠨᠳᠤᠵᠤ᠂ ᠳᠤᠮᠳᠠᠳᠤ ᠤᠯᠤᠰ᠎ᠤᠨ ᠲᠤᠬᠠᠢ ᠢᠳᠡᠪᠬᠢᠲᠡᠢ ᠪᠦᠬᠡᠳ ᠪᠣᠳᠠᠲᠠᠢ᠎ᠶ᠋ᠢ ᠡᠷᠬᠢᠮᠯᠡᠭ᠌ᠰᠡᠨ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠳᠤᠮᠳᠠᠳᠤ ᠤᠯᠤᠰ᠎ᠲᠠᠶ ᠬᠠᠮᠲᠤ᠎ᠪᠠᠷ ᠳᠤᠮᠳᠠᠳᠤ ᠭᠧᠷᠮᠠᠨ᠎ᠤ ᠬᠠᠷᠢᠯᠴᠠᠭ᠎ᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠌ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ᠃
ᠬᠣᠶᠠᠷ᠎ᠲᠤ᠂ ᠨᠡᠭᠡᠭᠡᠯᠲᠡ ᠬᠢᠵᠦ᠍ ᠬᠠᠷᠢᠯᠴᠠᠨ ᠠᠱᠢᠭ᠍ᠲᠠᠶ ᠪᠠᠢᠬᠤ ᠱᠢᠨ᠎ᠡ᠎ᠶ᠋ᠢ ᠡᠭᠦᠳᠬᠦ᠌ ᠬᠠᠨᠢᠲᠠᠨ ᠪᠣᠯᠤᠶ᠎ᠠ᠃ ᠭᠧᠷᠮᠠᠨ᠎ᠤ ᠵᠠᠰᠠᠭ᠎ᠤᠨ ᠣᠷᠳᠣᠨ ᠮᠡᠷᠭᠡᠵᠢᠯ᠂ ᠱᠢᠨ᠎ᠡ᠎ᠶᠢ ᠡᠭᠦᠳᠬᠦ᠂ ᠲᠣᠭᠠᠴᠢᠯᠠᠯᠳᠠ ᠵᠡᠷᠭᠡ ᠬᠦᠷᠢᠶᠡᠨ᠎ᠳᠦ ᠱᠢᠨ᠎ᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠳᠤᠷᠠᠳᠴᠤ᠌᠂ ᠳᠤᠮᠳᠠᠳᠤ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠤᠶᠤᠨᠴᠢᠯᠠᠬ᠍ᠰᠠᠨ᠂ ᠪᠣᠬᠢᠷᠲᠤᠯ ᠦᠭᠡᠢ᠌ᠵᠢᠭ᠌ᠰᠡᠨ᠂ ᠠᠭᠤᠰᠤᠯᠴᠠᠭ᠍ᠰᠠᠨ ᠬᠥᠭ᠌ᠵᠢᠯᠲᠡ᠎ᠶ᠋ᠢᠨ ᠴᠢᠭ᠌ᠯᠡᠯ᠎ᠲᠡᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠨ᠎ᠠ᠃ ᠬᠣᠶᠠᠷ ᠲᠠᠯ᠎ᠠ᠎ᠪᠠᠷ᠎ᠢᠶᠠᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠪᠠᠨ ᠵᠣᠯᠭᠠᠭᠤᠯᠬᠤ᠎ᠶ᠋ᠢ ᠴᠢᠩᠭᠠᠳᠭᠠᠵᠤ᠂ ᠬᠣᠶᠠᠷ ᠤᠯᠤᠰ᠎ᠤᠨ ᠴᠢᠳᠠᠪᠤᠷᠢᠲᠠᠨ᠂ ᠮᠡᠳᠡᠯᠭᠡ᠂ ᠮᠡᠷᠭᠡᠵᠢᠯ᠎ᠦᠨ ᠬᠣᠣᠰ ᠴᠢᠭ᠌ᠯᠡᠯ᠎ᠢᠶᠡᠷ ᠱᠢᠯᠵᠢᠬᠦ᠌᠎ᠶ᠋ᠢ ᠳᠡᠮᠵᠢᠵᠦ᠍᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠣᠱᠢᠭᠤᠷᠠᠯ ᠬᠦᠷᠢᠶᠡᠨ᠎ᠳ᠋ᠡᠬᠢ ᠶᠠᠷᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠤᠶ᠎ᠠ᠃ ᠬᠣᠶᠠᠷ ᠲᠠᠯ᠎ᠠ᠎ᠪᠠᠷ᠎ᠢᠶᠠᠨ ᠥᠷᠢᠰᠥᠯᠳᠦᠭᠡᠨ ᠪᠣᠯᠤᠨ ᠬᠠᠮᠲᠤᠷᠠᠯᠴᠠᠭᠠᠨ᠎ᠤ ᠬᠠᠷᠢᠯᠴᠠᠭ᠎ᠠ᠎ᠶ᠋ᠢ ᠵᠥᠪ ᠡᠵᠡᠮᠳᠡᠵᠦ᠍᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠬᠠᠮᠲᠤᠷᠠᠯᠴᠠᠭᠠᠨ᠎ᠤ ᠵᠠᠮ᠎ᠢ ᠡᠷᠢᠯᠬᠢᠯᠡᠵᠦ᠍᠂ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠥᠭᠡᠳ ᠰᠠᠭᠠᠳ ᠦᠭᠡᠢ ᠨᠡᠪᠲᠡᠷᠡᠬᠦ᠌᠎ᠶ᠋ᠢ ᠬᠠᠮᠲᠤ᠎ᠪᠠᠷ ᠬᠠᠮᠠᠭᠠᠯᠠᠶ᠎ᠠ᠃
ᠭᠤᠷᠪᠠ᠎ᠳᠤ᠂ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣ ᠪᠠᠢᠬᠤ ᠰᠣᠶᠣᠯ ᠢᠷᠭᠡᠨᠱᠢᠯ᠎ᠤᠨ ᠬᠠᠨᠢᠲᠠᠨ ᠪᠣᠯᠤᠶ᠎ᠠ᠃ ᠳᠤᠮᠳᠠᠳᠤ ᠭᠧᠷᠮᠠᠨ ᠪᠣᠯ ᠪᠦᠷ ᠭᠦᠨ ᠵᠤᠵᠠᠭᠠᠨ ᠰᠣᠶᠣᠯ᠎ᠤᠨ ᠤᠤᠷ ᠲᠤᠨᠳᠠᠰᠤ᠎ᠶᠢ ᠪᠦᠷᠢᠯᠳᠦᠬᠦᠯᠦᠭᠰᠡᠨ ᠲᠤᠮᠤ ᠤᠯᠤᠰ ᠮᠥᠨ᠂ ᠬᠣᠶᠠᠷ ᠲᠠᠯ᠎ᠠ᠎ᠪᠠᠷ᠎ᠢᠶᠠᠨ ᠪᠣᠯᠪᠠᠰᠤᠨ᠎ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠤᠯᠭᠠᠬᠤ᠎ᠪᠠᠨ ᠴᠢᠩᠭᠠᠳᠭᠠᠵᠤ᠂ ᠰᠣᠶᠣᠯ ᠢᠷᠭᠡᠨᠱᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠳᠤᠮᠳᠠᠳᠤ ᠭᠧᠷᠮᠠᠨ᠎ᠤ ᠨᠥᠬᠥᠷᠯᠡᠯ᠎ᠦᠨ ᠠᠷᠠᠳ᠎ᠤᠨ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠦᠶ᠎ᠡ ᠭᠡᠪᠡ᠃
ᠰᠢ᠎ᠵᠢᠨ᠎ᠫᠢᠩ᠂ ᠲᠦᠷᠭᠡᠰᠦᠨ ᠤᠯᠠᠷᠢᠵᠤ ᠪᠠᠢᠭ᠎ᠠ ᠳᠡᠯᠡᠬᠡᠢ᠎ᠶ᠋ᠢᠨ ᠵᠠᠭᠤᠨ ᠵᠢᠯ ᠳ᠋ᠤ ᠳᠤᠬᠢᠶᠠᠯᠳᠤᠭ᠎ᠠ ᠦᠭᠡᠢ ᠬᠤᠪᠢᠰᠤᠯᠳᠠ᠎ᠶ᠋ᠢᠨ ᠡᠮᠦᠨ᠎ᠡ᠂ ᠡᠯ᠎ᠡ ᠤᠯᠤᠰ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠬᠤᠪᠢ ᠵᠠᠶᠠᠭ᠎ᠠ᠎ᠪᠠᠨ ᠬᠠᠮᠲᠤᠳᠭᠠᠪᠠᠯ ᠵᠣᠬᠢᠨ᠎ᠠ᠃ ᠳᠤᠮᠳᠠᠳᠤ ᠭᠧᠷᠮᠠᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠵᠢᠨ ᠭᠣᠣᠯᠯᠠᠬᠴᠢ ᠪᠠᠢᠷᠢ ᠰᠠᠭᠤᠷᠢ᠎ᠲᠠᠢ ᠪᠠᠢᠬᠤ ᠶ᠋ᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠭᠣᠣᠯᠯᠠᠬᠤ ᠦᠢᠯᠡᠳᠦᠯ᠎ᠢ ᠲᠡᠬᠢᠨᠲᠡ ᠰᠡᠷᠭᠦᠭᠡᠵᠦ᠍᠂ ᠤᠯᠠᠨ ᠲᠠᠯᠠᠲᠤ ᠦᠵᠡᠯ᠎ᠦᠨ ᠬᠠᠮᠠᠭᠠᠯᠠᠭ᠍ᠴᠢ᠂ ᠤᠯᠠᠨ ᠤᠯᠤᠰ᠎ᠤᠨ ᠬᠠᠤᠯᠢ ᠪᠡᠷ ᠵᠠᠰᠠᠬᠤ᠎ᠶᠢ ᠦᠢᠯᠡᠳᠦᠯᠭᠡᠵᠢᠭᠦᠯᠦᠭ᠌ᠴᠢ᠂ ᠴᠢᠯᠥᠭᠡᠲᠦ ᠠᠷᠠᠯᠵᠢᠶᠠᠨ᠎ᠤ ᠬᠠᠮᠠᠭᠠᠯᠠᠭ᠍ᠴᠢ᠂ ᠪᠦᠯᠬᠦᠮᠳᠡᠨ ᠬᠠᠮᠵᠢᠯᠴᠠᠬᠤ᠎ᠶ᠋ᠢ ᠰᠠᠨᠠᠭᠠᠴᠢᠯᠠᠭ᠍ᠴᠢ ᠪᠣᠯᠪᠠᠯ ᠵᠣᠬᠢᠨ᠎ᠠ᠃ ᠳᠤᠮᠳᠠᠳᠤ ᠤᠯᠤᠰ ᠧᠦ᠋ᠷᠣᠫᠠ ᠲᠢᠪ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠳᠡᠮᠵᠢᠨ᠎ᠡ᠂ ᠧᠦ᠋ᠷᠣᠫᠠ᠎ᠶ᠋ᠢᠨ ᠲᠠᠯ᠎ᠠ ᠵᠢᠨ᠎ᠬᠢᠨ ᠳᠤᠮᠳᠠᠳᠤ ᠤᠯᠤᠰ᠎ᠯᠤᠭ᠎ᠠ ᠠᠳᠠᠯᠢ ᠴᠢᠭ᠌ᠯᠡᠯ᠎ᠢᠶᠡᠷ ᠤᠷᠤᠭ᠍ᠰᠢᠯᠠᠵᠤ᠂ ᠪᠠᠢᠯᠳᠤᠬᠤ ᠪᠣᠳᠣᠯᠭ᠎ᠠ᠎ᠶ᠋ᠢᠨ ᠬᠠᠨᠢᠲᠠᠨ᠎ᠤ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠨᠡᠭᠡᠭᠡᠯᠲᠡᠲᠡᠶ ᠪᠠᠭ᠍ᠲᠠᠭᠠᠮᠵᠢᠲᠠᠶ᠂ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠪᠠᠷᠢᠮᠲᠠᠯᠠᠵᠤ᠂ ᠳᠤᠮᠳᠠᠳᠤ ᠧᠦ᠋ᠷᠣᠫᠠ᠎ᠶ᠋ᠢᠨ ᠬᠠᠷᠢᠯᠴᠠᠭ᠎ᠠ᠎ᠶ᠋ᠢᠨ ᠨᠠᠩ ᠶᠡᠬᠡ ᠬᠥᠭ᠌ᠵᠢᠯᠲᠡ᠎ᠶ᠋ᠢ ᠪᠡᠶᠡᠯᠡᠭᠦᠯᠵᠦ᠍᠂ ᠳᠡᠯᠡᠬᠡᠶ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠮᠦᠸᠸᠽᠢ᠂ ᠳᠤᠮᠳᠠᠳᠤ ᠤᠯᠤᠰ᠎ᠤᠨ ᠠᠷᠠᠳ ᠲᠦᠮᠡᠨ ᠴᠠᠭᠠᠨ ᠰᠠᠷ᠎ᠠ᠎ᠪᠠᠨ ᠪᠠᠶᠠᠷᠯᠠᠨ ᠪᠡᠯᠭᠡᠯᠡᠵᠦ ᠪᠠᠢᠭ᠎ᠠ ᠴᠠᠭ ᠮᠦᠴᠡ᠎ᠳᠦ ᠳᠤᠮᠳᠠᠳᠤ ᠤᠯᠤᠰ᠎ᠲᠤ ᠠᠢᠯᠴᠢᠯᠠᠭ᠍ᠰᠠᠨ᠎ᠳᠠᠭᠠᠨ ᠮᠠᠰᠢ ᠪᠠᠶᠠᠷᠲᠠᠶ ᠪᠠᠢᠨ᠎ᠠ᠂ ᠳᠤᠮᠳᠠᠳᠤ ᠤᠯᠤᠰ᠎ᠤᠨ ᠠᠷᠠᠳ ᠲᠦᠮᠡᠨ᠎ᠦ ᠮᠤᠷᠢᠨ ᠵᠢᠯ᠎ᠳᠦ ᠦᠯᠵᠡᠢ ᠬᠡᠢᠮᠤᠷᠢ ᠲᠠᠢ ᠪᠠᠢᠬᠤ᠎ᠶᠢ ᠵᠥᠩᠨᠡᠵᠦ᠍ ᠪᠠᠢᠨ᠎ᠠ᠃ ᠭᠧᠷᠮᠠᠨ ᠳᠤᠮᠳᠠᠳᠤ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ᠎ᠡᠴᠡ ᠨᠠᠭᠠᠰᠢ ᠨᠥᠬᠥᠷᠰᠡᠭ ᠶᠠᠪᠤᠯᠴᠠᠭ᠎ᠠ ᠪᠠ ᠨᠢᠭ᠍ᠲᠠ ᠬᠠᠮᠲᠤᠷᠠᠯᠴᠠᠭ᠎ᠠ᠎ᠪᠠᠨ ᠪᠠᠲᠤᠯᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠠᠵᠠ ᠵᠢᠷᠭᠠᠯ ᠬᠦᠷᠳᠡᠬᠡᠪᠡ᠃ ᠭᠧᠷᠮᠠᠨ᠎ᠤ ᠬᠢᠨ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠪᠠᠨ ᠨᠠᠨᠳᠢᠩᠨᠠᠵᠤ᠂ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠨᠥᠬᠥᠷᠰᠡᠭ ᠤᠯᠠᠮᠵᠢᠯᠠᠯ᠎ᠢᠶᠠᠨ ᠦᠷᠭᠦᠯᠵᠢᠯᠡᠭᠦᠯᠵᠦ᠍᠂ ᠬᠠᠷᠢᠯᠴᠠᠨ ᠬᠦᠨᠳᠦᠳᠭᠡᠵᠦ᠂ ᠨᠡᠭᠡᠭᠡᠯᠲᠡᠲᠡᠢ ᠬᠠᠮᠲᠤᠷᠠᠯᠴᠠᠭ᠎ᠠ ᠬᠢᠬᠦ᠌᠎ᠶ᠋ᠢ ᠪᠠᠷᠢᠮᠲᠠᠯᠠᠵᠤ᠂ ᠬᠣᠶᠠᠷ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠦᠨ᠎ᠡ᠃ ᠭᠧᠷᠮᠠᠨ᠎ᠤ ᠠᠵᠤ ᠠᠬᠤᠢᠯᠠᠯ᠎ᠤᠨ ᠬᠢᠨ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠳᠤᠮᠳᠠᠳᠤ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌᠂ ᠬᠠᠮᠲᠤ᠎ᠪᠠᠷ ᠬᠥᠭ᠌ᠵᠢᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ᠃ ᠳᠡᠯᠡᠬᠡᠢ᠎ᠶ᠋ᠢᠨ ᠪᠠᠢᠳᠠᠯ᠎ᠳᠤ ᠶᠠᠭ ᠭᠦᠨᠵᠡᠭᠡᠢ ᠬᠤᠪᠢᠷᠠᠯᠲᠠ ᠭᠠᠷᠴᠤ᠌ ᠪᠤᠢ᠂ ᠭᠧᠷᠮᠠᠨ ᠳᠤᠮᠳᠠᠳᠤ ᠪᠦᠬᠦ᠌ ᠪᠥᠮᠪᠥᠷᠴᠡᠭ᠎ᠦᠨ ᠥᠷᠢᠰᠥᠯᠳᠦᠭᠡᠨ᠎ᠢ ᠬᠠᠮᠲᠤᠪᠡᠷ ᠠᠷᠭᠠᠴᠠᠭᠠᠬᠤ ᠴᠢᠬᠤᠯᠠ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠃ ᠭᠧᠷᠮᠠᠨ᠎ᠤ ᠬᠢᠨ ᠳᠤᠮᠳᠠᠳᠤ ᠤᠯᠤᠰ᠎ᠯᠤᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠴᠢᠯᠥᠭᠡᠲᠦ ᠠᠷᠠᠯᠵᠢᠶ᠎ᠠ᠎ᠶ᠋ᠢ ᠪᠠᠷᠢᠮᠲᠠᠯᠠᠵᠤ᠂ ᠬᠠᠮᠠᠭᠠᠯᠠᠬᠤ ᠦᠵᠡᠯ᠎ᠢ ᠡᠰᠡᠷᠭᠦᠴᠡᠬᠦ᠌᠎ᠶ᠋ᠢ ᠬᠦᠰᠡᠵᠦ᠍ ᠪᠠᠢᠨ᠎ᠠ᠃ ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭ᠎ᠠ ᠪᠣᠯᠤᠨ ᠳᠤᠮᠳᠠᠳᠤ ᠤᠯᠤᠰ ᠨᠠᠢᠳᠠᠪᠤᠷᠢᠲᠠᠢ ᠪᠥᠭᠡᠳ ᠥᠨᠢ ᠤᠳᠠᠭᠠᠨ᠎ᠤ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠬᠠᠷᠢᠯᠴᠠᠭ᠎ᠠ᠎ᠶᠢ ᠬᠦᠭᠵᠢᠭᠦᠯᠬᠦ ᠨᠢ ᠬᠣᠶᠠᠷ ᠲᠠᠯ᠎ᠠ᠎ᠶ᠋ᠢᠨ ᠠᠱᠢᠭ ᠲᠤᠰᠠ᠎ᠳᠤ ᠨᠡᠢᠴᠡᠬᠦ᠌ ᠪᠥᠭᠡᠳ ᠳᠡᠯᠡᠬᠡᠢ᠎ᠶ᠋ᠢᠨ ᠲᠣᠭ᠍ᠲᠠᠭᠤᠨ ᠪᠠ ᠬᠥᠭ᠌ᠵᠢᠯ ᠴᠡᠴᠡᠭ᠌ᠯᠡᠯ᠎ᠳᠦ ᠠᠱᠢᠭ᠍ᠲᠠᠢ ᠶᠤᠮ᠂ ᠭᠧᠷᠮᠠᠨ᠎ᠤ ᠬᠢᠨ ᠧᠦ᠋ᠷᠣᠫᠠ ᠳᠤᠮᠳᠠᠳᠤ᠎ᠶ᠋ᠢᠨ ᠶᠠᠷᠢᠯᠴᠠᠭ᠎ᠠ ᠬᠢᠭᠡᠳ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠶ᠋ᠢ ᠳᠡᠮᠵᠢᠨ᠎ᠠ ᠭᠡᠵᠦ ᠢᠯᠡᠳᠭᠡᠪᠡ᠃
ᠬᠣᠶᠠᠷ ᠤᠯᠤᠰ᠎ᠤᠨ ᠤᠳᠤᠷᠢᠳᠭᠤ ᠬᠥᠮᠦᠨ ᠦᠺᠷᠠᠢᠨ᠎ᠤ ᠬᠢᠮᠤᠷᠠᠯ᠎ᠤᠨ ᠲᠤᠬᠠᠶ ᠰᠠᠨᠠᠯ᠎ᠢᠶᠠᠨ ᠰᠣᠯᠢᠯᠴᠠᠪᠠ᠃ ᠰᠢ᠎ᠵᠢᠨ᠎ᠫᠢᠩ ᠳᠤᠮᠳᠠᠳᠤ ᠤᠯᠤᠰ᠎ᠤᠨ ᠵᠠᠷᠴᠢᠮ ᠵᠣᠭ᠍ᠰᠣᠯᠲᠠ᠎ᠶ᠋ᠢ ᠲᠣᠳᠣᠷᠬᠠᠢᠯᠠᠨ ᠥᠭᠦᠯᠡᠵᠤ᠂ ᠵᠠᠩᠭᠢᠯᠠᠭ᠎ᠠ ᠨᠢ ᠶᠠᠷᠢᠯᠴᠠᠭ᠎ᠠ ᠬᠡᠯᠡᠯᠴᠡᠭᠡ ᠬᠢᠬᠦ᠌᠎ᠪᠡᠷ ᠳᠠᠮᠵᠢᠨ ᠱᠢᠶ᠋ᠳᠪᠦᠷᠢᠯᠡᠬᠦ᠌ ᠲᠥᠰᠦᠯ᠎ᠢ ᠡᠷᠢᠯᠬᠢᠯᠡᠬᠦ᠌᠎ᠳᠦ ᠪᠤᠢ᠃ ᠡᠯ᠎ᠡ ᠲᠠᠯ᠎ᠠ᠎ᠶ᠋ᠢᠨ ᠬᠢᠨ᠎ᠤ ᠡᠷᠬᠡ ᠲᠡᠭ᠌ᠰᠢ᠎ᠪᠡᠷ ᠣᠷᠣᠯᠴᠠᠬᠤ᠎ᠶ᠋ᠢ ᠪᠠᠲᠤᠯᠠᠵᠤ᠂ ᠡᠩᠬᠡ ᠲᠠᠢᠪᠤᠩ᠎ᠤᠨ ᠰᠠᠭᠤᠷᠢ᠎ᠶ᠋ᠢ ᠪᠠᠲᠤ ᠴᠣᠭ᠍ᠴᠠᠯᠠᠶ᠎ᠠ; ᠡᠯ᠎ᠡ ᠲᠠᠯ᠎ᠠ᠎ᠶ᠋ᠢᠨ ᠬᠢᠨ᠎ᠦ ᠵᠦᠢ ᠶᠣᠰᠣᠨ᠎ᠤ ᠠᠩᠬᠠᠷᠴᠤ ᠪᠠᠢᠭ᠎ᠠ ᠠᠰᠠᠭᠤᠳᠠᠯ ᠢ᠋ ᠬᠠᠷᠠᠭᠠᠯᠵᠠᠬᠤ᠎ᠶ᠋ᠢ ᠪᠠᠲᠤᠯᠠᠵᠤ᠂ ᠡᠩᠬᠡ ᠲᠠᠢᠪᠤᠩ᠎ᠤᠨ ᠲᠤᠬᠠᠢ ᠬᠦᠰᠡᠯ ᠡᠷᠡᠮᠡᠯᠵᠡᠯ᠎ᠢ ᠨᠡᠮᠡᠭ᠌ᠳᠡᠭᠦᠯᠦᠶᠠ; ᠬᠠᠮᠲᠤ᠎ᠶ᠋ᠢᠨ ᠠᠮᠤᠷ ᠲᠦᠪᠱᠢᠨ᠎ᠢ ᠪᠡᠶᠡᠯᠡᠭᠦᠯᠬᠦ᠌᠎ᠶ᠋ᠢ ᠪᠠᠲᠤᠯᠠᠵᠤ᠂ ᠥᠨᠢ ᠤᠳᠠᠭᠠᠨ᠎ᠤ ᠡᠩᠬᠡ ᠲᠠᠢᠪᠤᠩ᠎ᠤᠨ ᠪᠣᠷᠣ ᠲᠥᠯᠥᠪ᠎ᠢ ᠪᠠᠢᠭᠤᠯᠤᠶ᠎ᠠ ᠭᠡᠵᠤ ᠵᠢᠭᠠᠵᠤ ᠭᠠᠷᠭᠠᠵᠠᠢ᠃
ᠬᠣᠶᠠᠷ ᠲᠠᠯ᠎ᠠ᠎ᠪᠠᠷ᠎ᠢᠶᠠᠨ《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠬᠤᠯᠪᠤᠭᠠᠨ᠎ᠤ ᠪᠦᠬᠦᠳᠠ ᠨᠠᠢᠷᠠᠮᠳᠠᠬᠤ ᠭᠧᠷᠮᠠᠨ ᠤᠯᠤᠰ᠎ᠤᠨ ᠬᠠᠮᠲᠤᠷᠠᠭ᠍ᠰᠠᠨ ᠰᠣᠨᠢᠨ ᠮᠡᠳᠡᠭᠡᠨ᠎ᠦ ᠢᠯᠡᠷᠬᠡᠢᠯᠡᠯᠲᠡ》᠎ᠶᠢ ᠨᠡᠢᠲᠡᠯᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ