ᠳᠤᠮᠲᠠᠲᠤ ᠤᠯᠤᠰ᠎ᠤᠨ ᠡᠪ ᠬᠠᠮᠲᠣ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ 《7•1᠎ᠤ᠋ ᠭᠠᠪᠢᠶᠠᠨ ᠲᠡᠮᠲᠡᠭ》᠎ᠦᠨ ᠨᠡᠷ᠎ᠡ ᠳᠤᠷᠠᠳᠬᠤ ᠪᠠ ᠪᠦᠬᠦ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》᠎ᠢ ᠰᠣᠩᠭᠣᠨ ᠲᠠᠨᠢᠯᠴᠠᠭᠤᠯᠬᠤ ᠠᠵᠢᠯ᠎ᠢ ᠰᠠᠢ᠌ᠲᠤᠷ ᠬᠢᠬᠦ ᠲᠣᠬᠠᠢ ᠮᠡᠳᠡᠭᠳᠡᠯ᠎ᠢ ᠳᠠᠷᠣᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2026-03-04
ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ᠎ᠶᠢᠨ ᠠᠯᠪᠠᠨ ᠲᠢᠩᠬᠢᠮ 《〈7•1᠎ᠤ ᠭᠠᠪᠢᠶᠠᠨ ᠲᠡᠮᠳᠡᠭ〉᠎ᠤᠨ ᠨᠡᠷ᠎ᠡ ᠳᠤᠷᠠᠳᠬᠤ ᠪᠠ ᠪᠥᠬᠥ ᠤᠯᠤᠰ᠎ᠤᠨ 〈ᠬᠣᠶᠠᠷ ᠰᠢᠯᠢᠳᠡᠭ ᠨᠢᠭᠡ ᠲᠡᠷᠢᠭᠦᠨ〉᠎ᠢ ᠰᠤᠨᠭᠭᠤᠨ ᠲᠠᠨᠢᠯᠴᠠᠭᠤᠯᠬᠤ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》 (ᠳᠣᠷᠣᠭ᠍ᠰᠢ 《ᠮᠡᠳᠡᠭᠳᠡᠯ》 ᠭᠡᠵᠦ ᠳᠦᠭᠦᠮᠴᠢᠯᠡᠨ᠎ᠠ)᠎ᠢ ᠳᠠᠷᠤᠮᠠᠯᠯᠠᠨ ᠲᠠᠷᠬᠠᠭᠠᠪᠠ᠃ 《ᠮᠡᠳᠡᠭᠳᠡᠯ》᠎ᠳᠦ᠂ ᠨᠠᠮ᠎ᠤᠨ ᠲᠥᠪ ᠬᠣᠷᠢᠶ᠎ᠠ᠎ᠡᠴᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢᠨ ᠲᠠᠰᠢᠷᠠᠮ᠎ᠢᠶᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ᠎ᠶᠢᠨ ᠡᠮᠦᠨ᠎ᠡ ᠡᠴᠡ 《7•1᠎ᠤ ᠭᠠᠪᠢᠶᠠᠨ ᠲᠡᠮᠳᠡᠭ》 ᠣᠯᠭᠣᠵᠤ᠂ ᠪᠦᠬᠦ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯ᠎ᠤᠨ ᠠᠵᠢᠯᠲᠠᠨ ᠪᠣᠯᠣᠨ ᠪᠦᠬᠦ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠬᠥᠬᠢᠭᠦᠯᠦᠨ ᠰᠠᠢᠰᠢᠶᠠᠬᠤ᠎ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃
《ᠮᠡᠳᠡᠭᠳᠡᠯ》᠎ᠳᠤ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ᠎ᠶᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ 《7•1᠎ᠤ ᠭᠠᠪᠢᠶᠠᠨ ᠲᠡᠮᠳᠡᠭ》᠎ᠢ ᠰᠢᠯᠭᠠᠷᠠᠭᠤᠯᠵᠤ ᠣᠯᠭᠣᠬᠤ ᠪᠠ ᠪᠦᠬᠦ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》᠎ᠢ ᠰᠢᠯᠭᠠᠷᠠᠭᠤᠯᠵᠤ ᠬᠥᠬᠢᠭᠦᠯᠦᠨ ᠰᠠᠢᠰᠢᠶᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠭᠠᠪᠢᠶᠠᠲᠤ ᠵᠢᠱ᠌ᠢᠶᠡᠴᠢ ᠪᠠ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠵᠣᠷᠢᠭ᠋ ᠰᠠᠨᠠᠭᠠᠨ᠎ᠤ ᠬᠡᠪ ᠲᠦᠷᠬᠦ᠎ᠶᠢ ᠭᠦᠢᠴᠡᠳ ᠢᠯᠡᠷᠡᠭᠦᠯᠵᠦ᠂ ᠥᠷᠭᠡᠨ ᠤᠯᠠᠨ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠰᠢᠭᠦᠨ᠎ᠦ ᠡᠯ᠎ᠡ ᠹᠷᠣᠨᠲ᠂ ᠡᠯ᠎ᠡ ᠬᠦᠷᠢᠶ᠎ᠡ᠂ ᠡᠯ᠎ᠡ ᠵᠦᠢᠯ᠎ᠦᠨ ᠠᠵᠢᠯ᠎ᠤᠨ ᠳᠤᠮᠳᠠ ᠣᠯᠣᠭᠰᠠᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠭᠦᠢᠴᠡᠳ ᠢᠯᠡᠷᠡᠭᠦᠯᠬᠦ ᠬᠡᠷᠡᠭᠳᠡᠢ; ᠢᠲᠡᠭᠡᠯ ᠪᠢᠰᠢᠷᠡᠯ᠎ᠢᠶᠠᠨ ᠪᠠᠲᠤᠳᠬᠠᠬᠤ᠂ ᠵᠣᠷᠢᠯᠲᠠ᠎ᠪᠠᠨ ᠦᠢᠯᠡᠳᠦᠯᠭᠡᠵᠢᠭᠦᠯᠬᠦ᠂ ᠴᠢᠷᠮᠠᠢᠨ ᠲᠡᠮᠡᠴᠡᠵᠤ ᠵᠢᠳᠬᠦᠯ ᠭᠠᠷᠭᠠᠬᠤ᠂ ᠠᠷᠢᠭᠤᠨ ᠴᠢᠬᠡᠴᠢ᠎ᠪᠡᠷ ᠨᠡᠶ᠋ᠢᠲᠡ᠎ᠶᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠣᠯᠣᠨ ᠡᠷᠬᠢᠮ ᠳᠡᠭᠡᠳᠦ ᠵᠣᠷᠢᠭ᠋ ᠰᠠᠨᠠᠭ᠎ᠠ᠎ᠶᠢ ᠶᠡᠬᠡ᠎ᠪᠠᠷ ᠪᠠᠳᠠᠷᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ᠎ᠤᠨ ᠭᠡᠰᠢᠭᠦᠨ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠭᠤᠯᠵᠤ᠂ 《ᠳᠥᠷᠪᠡᠨ ᠤᠬᠠᠮᠰᠠᠷ》᠎ᠢᠶᠠᠨ ᠴᠢᠩᠭᠠᠳᠬᠠᠵᠤ᠂ 《ᠳᠥᠷᠪᠡᠨ ᠢᠲᠡᠭᠡᠯ》᠎ᠢᠶᠠᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠷᠢᠭᠦᠨ᠎ᠦ ᠬᠢᠪᠤᠯᠬᠤᠪᠡᠷ ᠡᠷᠡᠯᠬᠡᠭᠯᠡᠨ ᠲᠡᠮᠡᠴᠡᠵᠦ᠂ ᠪᠦᠬᠦ ᠨᠠᠮ ᠪᠦᠬᠦ ᠨᠡᠢᠭᠡᠮ᠎ᠦᠨ ᠲᠡᠷᠢᠭᠦᠨ᠎ᠦ ᠬᠢ᠎ᠶᠢ ᠡᠷᠬᠢᠮᠯᠡᠬᠦ᠂ ᠮᠡᠷᠭᠡᠳ᠎ᠡᠴᠡ ᠳᠠᠭᠠᠨ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠬᠤ᠎ᠶᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠪᠠᠢᠳᠠᠯ᠎ᠢ ᠲᠠᠰᠤᠷᠠᠯᠳᠠ ᠦᠭᠡᠢ ᠪᠤᠢ ᠪᠣᠯᠭᠠᠬᠤ᠎ᠶᠢᠨ ᠲᠥᠯᠥᠭᠡ ᠬᠠᠮᠲᠤ᠎ᠪᠠᠷ ᠲᠡᠮᠡᠴᠡᠬᠦ ᠬᠡᠷᠡᠭᠲᠡᠢ ᠭᠡᠵᠤ ᠱᠠᠭᠠᠷᠳᠠᠪᠠ᠃
《ᠮᠡᠳᠡᠭᠳᠡᠯ》᠎ᠳᠦ 《7•1᠎ᠤ ᠭᠠᠪᠢᠶᠠᠨ ᠲᠡᠮᠳᠡᠭ》᠎ᠤᠨ ᠨᠡᠷ᠎ᠡ ᠳᠤᠷᠠᠳᠬᠤ ᠪᠠ ᠪᠥᠬᠥ ᠤᠯᠤᠰ᠎ᠤᠨ 《ᠬᠣᠶᠠᠷ ᠰᠢᠯᠢᠳᠡᠭ ᠨᠢᠭᠡ ᠲᠡᠷᠢᠭᠦᠨ》᠎ᠢ ᠰᠤᠨᠭᠭᠤᠨ ᠲᠠᠨᠢᠯᠴᠠᠭᠤᠯᠬᠤ ᠲᠣᠭ᠎ᠠ᠂ ᠨᠥᠬᠥᠴᠡᠯ ᠪᠠ ᠠᠷᠭ᠎ᠠ᠎ᠶᠢ ᠲᠣᠳᠣᠷᠬᠠᠢ ᠲᠣᠭᠲᠠᠭᠠᠪᠠ᠃ ᠡᠯ᠎ᠡ ᠨᠡᠷ᠎ᠡ ᠳᠤᠷᠠᠳᠤᠬᠳᠠᠭᠰᠠᠨ ᠨᠢᠭᠡᠴᠢ (ᠰᠤᠨᠭᠭᠤᠨ ᠲᠠᠨᠢᠯᠴᠠᠭᠤᠯᠤᠭᠳᠠᠭᠰᠠᠨ ᠨᠢᠭᠡᠴᠢ) ᠵᠣᠬᠢᠶᠠᠨ ᠪᠠᠢᠭᠤᠯᠵᠦ ᠤᠳᠤᠷᠢᠳᠬᠤ᠎ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ᠎ᠪᠡᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ ᠬᠡᠷᠡᠭᠵᠢᠭᠦᠯᠬᠦ ᠬᠡᠷᠡᠭᠲᠡᠢ; ᠬᠣᠯᠪᠣᠭᠳᠠᠯ ᠪᠦᠬᠦᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠠᠷᠢᠮᠵᠢᠶ᠎ᠠ᠂ ᠨᠥᠬᠥᠴᠡᠯ ᠪᠠ ᠲᠡᠰ ᠳᠠᠷᠠᠭᠠᠯᠠᠯ᠎ᠢ ᠴᠢᠩᠭ᠎ᠠ ᠵᠢᠷᠤᠮᠯᠠᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)᠎ᠶᠢᠨ ᠤᠳᠤᠷᠢᠳᠬᠤ ᠪᠠ ᠪᠣᠭᠣᠮᠲᠠ ᠰᠠᠬᠢᠬᠤ ᠦᠢᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠢ; ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠤ ᠲᠠᠯᠪᠢᠬᠤ᠎ᠶᠢ ᠪᠠᠷᠢᠮᠲᠠᠯᠠᠵᠤ᠂ ᠨᠡᠷ᠎ᠡ ᠳᠤᠷᠠᠳᠤᠭᠳᠠᠭᠰᠠᠨ ᠬᠥᠮᠥᠨ ᠪᠠ ᠰᠤᠨᠭᠭᠤᠨ ᠲᠠᠨᠢᠯᠴᠠᠭᠤᠯᠤᠭᠳᠠᠭᠰᠠᠨ ᠡᠲᠡᠭᠡᠳ᠎ᠦᠨ ᠪᠦᠬᠦᠢᠯᠡ ᠢᠯᠡᠷᠡᠯ᠎ᠢ ᠪᠦᠬᠦ ᠲᠠᠯ᠎ᠠ᠎ᠪᠠᠷ ᠰᠢᠯᠭᠠᠨ ᠪᠠᠢᠴᠠᠭᠠᠵᠤ᠂ ᠪᠣᠳᠠᠲᠠᠢ ᠬᠤᠪᠢ ᠨᠡᠮᠡᠷᠢ ᠂ ᠤᠯᠠᠨ ᠲᠦᠮᠡᠨ᠎ᠦ ᠨᠡᠶ᠋ᠢᠲᠡ᠎ᠵᠢᠨ ᠮᠡᠳᠡᠷᠡᠴᠡ᠎ᠪᠡᠷ ᠦᠨᠡᠯᠡᠯᠳᠡ᠎ᠶᠢᠨ ᠪᠠᠷᠢᠮᠵᠢᠶ᠎ᠠ ᠪᠣᠯᠭᠠᠬᠤ ᠬᠡᠷᠡᠭᠳᠡᠢ; ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ᠎ᠶᠢᠨ ᠬᠢᠨ᠎ᠦ ᠰᠠᠨᠠᠯ᠎ᠢ ᠥᠷᠭᠡᠨ᠎ᠢᠶᠡᠷ ᠰᠣᠨᠣᠰᠴᠤ᠂ ᠲᠡᠷᠢᠭᠦᠨ᠎ᠦ ᠴᠢᠨᠠᠷ᠂ ᠲᠥᠯᠥᠭᠡᠯᠡᠬᠦ ᠴᠢᠨᠠᠷ᠂ ᠴᠠᠭ ᠦᠶᠡᠴᠢ ᠴᠢᠨᠠᠷ᠎ᠢ ᠭᠦᠢᠴᠡᠳ ᠢᠯᠡᠷᠡᠭᠦᠯᠬᠦ ᠬᠡᠷᠡᠭᠳᠡᠢ ᠭᠡᠵᠤ ᠱᠠᠭᠠᠷᠳᠠᠵᠠᠢ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ