ᠲᠡᠷᠢᠭᠦᠨ ᠬᠠᠭᠤᠳᠠᠰᠤ   -   ᠲᠡᠷᠢᠭᠦᠨ ᠮᠡᠳᠡᠭᠡ

《ᠶᠡᠷᠦᠩᠬᠡᠢ ᠱᠦᠵᠢ ᠰᠢ᠎ᠵᠢᠨ᠎ᠫᠢᠩ ᠲᠠᠢᠴᠢᠯᠠᠨ ᠵᠢᠯᠤᠭᠤᠳᠴᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠪᠠ》 ᠭᠡᠬᠦ᠌ ᠨᠣᠮ᠎ᠢ ᠬᠡᠪᠯᠡᠨ ᠲᠠᠷᠬᠠᠭᠠᠪᠠ

ᠨᠡᠶ᠋ᠢᠲᠡᠯᠡᠭᠰᠡᠨ ᠴᠠᠭ᠄   2026-03-04

《ᠶᠡᠷᠦᠩᠬᠡᠢ ᠱᠦᠵᠢ ᠰᠢ᠎ᠵᠢᠨ᠎ᠫᠢᠩ ᠳᠠᠢᠴᠢᠯᠠᠨ ᠵᠢᠯᠤᠭᠤᠳᠴᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠪᠠ》 ᠭᠡᠬᠦ᠌ ᠨᠣᠮ᠎ᠢ ᠤᠢ᠍ᠢᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠨᠠᠮ᠎ᠤᠨ ᠰᠤᠷᠭᠠᠭᠤᠯᠢ᠎ᠶ᠋ᠢᠨ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠪᠦᠬᠦ᠌ ᠤᠯᠤᠰ᠎ᠲᠤ ᠲᠠᠷᠬᠠᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ᠃ ᠱᠢᠨ᠎ᠡ ᠴᠠᠭ ᠦᠶ᠎ᠡ᠎ᠶ᠋ᠢᠨ ᠰᠦᠷ ᠳᠠᠯᠠᠢᠴᠠᠲᠠᠢ ᠲᠡᠦᠬᠡᠨ ᠠᠬᠢᠴᠠ᠎ᠶ᠋ᠢ ᠦᠨᠡᠨ ᠪᠣᠳᠠᠲᠠᠢ ᠠᠮᠢᠳᠤᠯᠢᠭ᠎ᠢᠶᠠᠷ ᠲᠡᠮᠳᠡᠭᠯᠡᠬᠦ᠌᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠬᠠᠭᠤᠯᠬᠤ ᠬᠡᠯᠲᠡᠰ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠬᠠᠮᠲᠤᠷᠠᠨ ᠱᠢᠨ᠎ᠡ ᠴᠠᠭ ᠦᠶ᠎ᠡ᠎ᠶ᠋ᠢᠨ 《ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠲᠡᠦᠬᠡᠲᠦ ᠴᠢᠨᠠᠷᠲᠠᠢ ᠬᠤᠪᠢᠰᠤᠯᠲᠠ》 ᠭᠡᠬᠦ᠌ ᠱᠢᠷᠢᠰ ᠶᠠᠷᠢᠶᠠᠨ᠎ᠤ ᠮᠠᠲᠧᠷᠢᠶᠠᠯ᠎ᠢ ᠰᠤᠷᠪᠤᠯᠵᠢᠯᠡᠨ ᠰᠢᠨᠭᠭᠡᠭᠡᠬᠥ ᠪᠡ ᠴᠤᠭ᠍ᠯᠠᠭᠤᠯᠤᠨ ᠡᠮᠬᠢᠳᠭᠡᠬᠦ᠌ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠪᠡ᠃ 《ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ》 ᠶᠠᠷᠢᠶᠠᠨ᠎ᠤ ᠰᠤᠷᠪᠤᠯᠵᠢᠯᠠᠭ᠎ᠠ᠎ᠶᠢ ᠲᠦᠷᠦᠭᠦᠦ ᠪᠦᠯᠦᠭ᠎ᠲᠦ ᠥᠷᠨᠢᠭᠦᠯᠪᠡ᠃

ᠱᠢᠨ᠎ᠡ ᠴᠠᠭ ᠦᠶ᠎ᠡ᠎ᠡᠴᠡ ᠨᠠᠭᠠᠰᠢ᠂ ᠶᠠᠳᠠᠭᠤ᠎ᠡᠴᠡ ᠠᠩᠭᠢᠵᠢᠷᠠᠭᠤᠯᠬᠤ ᠡᠨᠡ ᠬᠦ᠌ ᠳᠡᠯᠡᠬᠡᠢ᠎ᠶ᠋ᠢᠨ ᠬᠦᠴᠢᠷ ᠠᠰᠠᠭᠤᠳᠠᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠬᠠᠷᠢᠴᠠᠯᠠᠱᠢᠭᠦᠢ ᠶᠠᠳᠠᠭᠤ ᠬᠦᠴᠢᠷᠳᠡᠯ᠎ᠢ ᠠᠷᠢᠯᠭᠠᠬᠤ ᠬᠠᠲᠠᠭᠤ ᠪᠡᠷᠬᠡ ᠡᠭᠦᠷᠭᠡ᠎ᠶ᠋ᠢ ᠪᠡᠶᠡᠯᠡᠭᠦᠯᠵᠦ᠍᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠃ ᠲᠤᠰ ᠨᠣᠮ ᠨᠢ ᠲᠥᠯᠥᠭᠡᠯᠡᠬᠦ᠌ ᠴᠢᠨᠠᠷᠲᠠᠢ ᠬᠡᠷᠡᠭ ᠶᠠᠪᠤᠳᠠᠯ᠂ ᠲᠥᠯᠥᠭᠡᠯᠡᠬᠦ᠌ ᠴᠢᠨᠠᠷᠲᠠᠢ ᠬᠥᠮᠦᠰ᠎ᠢᠶᠡᠷ ᠭᠣᠣᠯ ᠱᠢᠵᠢᠮ ᠪᠣᠯᠭᠠᠵᠤ᠂ ᠪᠡᠶ᠎ᠡ᠎ᠪᠡᠷ᠎ᠢᠶᠡᠨ ᠥᠩᠭᠡᠷᠡᠭᠦᠯᠦᠭ᠌ᠰᠡᠳ᠎ᠦᠨ ᠲᠤᠭᠠᠴᠢᠯᠲᠠ᠎ᠪᠡᠷ ᠳᠠᠮᠵᠢᠭᠤᠯᠤᠨ᠂ ᠤᠩᠱᠢᠭ᠍ᠴᠢᠳ᠎ᠲᠤ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠠᠷᠢᠴᠠᠯᠠᠱᠢᠭᠦᠢ ᠶᠠᠳᠠᠭᠤ ᠬᠦᠴᠢᠷᠳᠡᠯ᠎ᠡᠴᠡ ᠠᠩᠭᠢᠵᠢᠷᠠᠭ᠍ᠰᠠᠨ ᠲᠡᠦᠬᠡ᠎ᠶ᠋ᠢᠨ ᠬᠠᠭᠤᠳᠠᠰᠤ᠎ᠶ᠋ᠢ ᠡᠷᠬᠢᠴᠡᠬᠦᠯᠤᠨ ᠦᠵᠡᠭᠦᠯᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠵᠤ ᠣᠯᠤᠭ᠍ᠰᠠᠨ ᠴᠢᠬᠤᠯᠠ ᠶᠡᠬᠡ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠠ ᠳᠠᠪᠲᠠᠨ ᠪᠣᠯᠪᠠᠰᠤᠷᠠᠭᠤᠯᠤᠭᠠᠳ ᠪᠦᠷᠢᠯᠳᠦᠭᠦᠯᠦᠭ᠌ᠰᠡᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ 《ᠬᠣᠶᠠᠷ᠎ᠢ ᠲᠣᠭ᠍ᠲᠠᠭᠠᠭᠰᠠᠨ》᠎ᠤ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠢᠴᠡᠳ ᠢᠯᠡᠷᠡᠭᠦᠯᠪᠡ᠃ ᠲᠣᠰ ᠨᠣᠮ᠎ᠤᠨ ᠬᠡᠪᠯᠡᠭ᠌ᠳᠡᠭ᠌ᠰᠡᠨ ᠨᠢ ᠳᠤᠮᠳᠠᠳᠤ ᠤᠯᠤᠰ᠎ᠤᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠴᠦᠬᠡᠳᠭᠡᠭᠰᠡᠨ ᠥᠯᠢᠭᠡᠷ᠎ᠢ ᠰᠠᠢᠲᠤᠷ ᠶᠠᠷᠢᠬᠤ᠎ᠳᠤ ᠠᠩᠬᠠᠨ᠎ᠤ ᠪᠤᠷᠤ ᠮᠠᠲ᠋ᠧᠷᠢᠶᠠᠯ ᠬᠠᠩᠭᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠶᠠᠳᠠᠭᠤ ᠬᠦᠴᠢᠷᠳᠡᠯ ᠲᠠᠢ ᠲᠡᠮᠡᠴᠡᠬᠦ ᠣᠨᠣᠯ᠎ᠤᠨ ᠰᠤᠳᠤᠯᠭᠠᠨ᠎ᠢ ᠭᠦᠨᠵᠡᠭᠡᠢᠷᠡᠭᠦᠯᠬᠦ᠌᠎ᠳᠦ ᠲᠡᠦᠬᠡ᠎ᠶ᠋ᠢᠨ ᠪᠤᠷᠤ ᠮᠠᠲ᠋ᠧᠷᠢᠶᠠᠯ ᠬᠠᠩᠭᠠᠵᠤ᠂ ᠳᠤᠮᠳᠠᠳᠤ ᠤᠯᠤᠰ᠎ᠤᠨ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠱᠢᠰᠲ᠋ᠧᠮ᠎ᠢ ᠪᠠᠢᠭᠤᠯᠬᠤ᠎ᠳᠤ ᠡᠷᠬᠢᠮ ᠨᠠᠨᠳᠢᠨ ᠡᠬᠢ ᠪᠠᠶᠠᠯᠢᠭ ᠬᠠᠩᠭᠠᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠳᠤ ᠱᠢᠨ᠎ᠡ ᠰᠣᠷᠭᠣᠭ ᠵᠢᠭᠠᠬᠤ ᠮᠠᠲ᠋ᠧᠷᠢᠶᠠᠯ ᠬᠠᠩᠭᠠᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ