ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠢ᠎ᠠ ᠪᠡᠭᠡᠵᠢᠩ᠎ᠳᠦ ᠰᠠᠭᠤᠭ᠎ᠠ ᠴᠡᠷᠢᠭ ᠠᠩᠬᠢ᠎ᠶ᠋ᠢᠨ ᠠᠬᠠᠮᠠᠳ ᠺᠠᠳ᠋ᠷᠴᠤᠳ᠎ᠢ ᠲᠣᠬᠣᠨᠢᠭᠤᠯᠬᠤ ᠴᠠᠭᠠᠨ ᠰᠠᠷ᠎ᠠ᠎ᠪᠠᠨ ᠤᠭ᠍ᠲᠤᠬᠤ ᠤᠷᠠᠨ ᠰᠠᠢᠬᠠᠨ᠎ᠤ ᠲᠣᠭ᠍ᠯᠠᠯᠲᠠ ᠭᠠᠷᠭᠠᠪᠠ ᠰᠢ᠎ᠵᠢᠨ᠎ᠫᠢᠩ ᠪᠦᠬᠦ᠌ ᠴᠡᠷᠢᠭ᠎ᠦᠨ ᠠᠬᠠᠮᠠᠳ ᠨᠦᠬᠦᠳ᠎ᠲᠦ ᠴᠠᠭᠠᠨ ᠰᠠᠷ᠎ᠠ᠎ᠶ᠋ᠢᠨ ᠮᠡᠨᠳᠦᠴᠢᠯᠡᠯ ᠳᠡᠪᠱᠢᠭᠦᠯᠵᠠᠢ
ᠨᠡᠶ᠋ᠢᠲᠡᠯᠡᠭᠰᠡᠨ ᠴᠠᠭ᠄ 2026-02-26
ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠪᠡᠭᠡᠵᠢᠩ᠎ᠳᠦ ᠰᠠᠭᠤᠭ᠎ᠠ ᠴᠡᠷᠢᠭ ᠠᠩᠬᠢ᠎ᠶ᠋ᠢᠨ ᠠᠬᠠᠮᠠᠳ ᠺᠠᠳ᠋ᠷᠴᠤᠳ᠎ᠢ ᠲᠣᠬᠣᠨᠢᠭᠤᠯᠬᠤ ᠴᠠᠭᠠᠨ ᠰᠠᠷ᠎ᠠ᠎ᠪᠠᠨ ᠤᠭ᠍ᠲᠤᠬᠤ ᠤᠷᠠᠨ ᠰᠠᠢᠬᠠᠨ᠎ᠤ ᠲᠣᠭ᠍ᠯᠠᠯᠲᠠ 6᠎ᠦ ᠦᠳᠡ᠎ᠶᠢᠨ ᠬᠣᠢᠨ᠎ᠠ ᠳᠤᠮᠳᠠᠳᠤ ᠤᠯᠤᠰ᠎ᠤᠨ ᠲᠢᠶᠠᠲᠷ᠎ᠲᠤ ᠶᠠᠪᠤᠭ᠍ᠳᠠᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠲᠣᠭ᠍ᠯᠠᠯᠲᠠ᠎ᠶ᠋ᠢ ᠰᠣᠨᠢᠷᠬᠠᠵᠤ᠂ ᠮᠤᠷᠢᠯᠠᠨ ᠰᠠᠭᠠᠲᠠᠭᠰᠠᠨ ᠴᠡᠷᠢᠭ ᠠᠩᠬᠢ᠎ᠶ᠋ᠢᠨ ᠠᠬᠠᠮᠠᠳ ᠨᠥᠬᠥᠳ᠎ᠲᠤ᠂ ᠪᠦᠬᠦ᠌ ᠴᠡᠷᠢᠭ᠎ᠤᠨ ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ᠎ᠪᠠᠨ ᠠᠮᠠᠷᠠᠭ᠍ᠰᠠᠨ ᠠᠬᠠᠮᠠᠳ ᠺᠠᠳ᠋ᠷᠴᠤᠳ᠎ᠲᠤ ᠪᠠᠶᠠᠷ᠎ᠤᠨ ᠡᠳᠦᠷ᠎ᠦᠨ ᠮᠡᠨᠳᠦᠴᠢᠯᠡᠯ ᠪᠠ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃

ᠴᠠᠭᠠᠨ ᠰᠠᠷ᠎ᠠ ᠣᠢᠷᠠᠳᠴᠤ᠂ ᠨᠡᠢᠰᠯᠡᠯ ᠪᠡᠭᠡᠵᠢᠩ᠎ᠦᠨ ᠴᠠᠭᠠᠨ ᠰᠠᠷ᠎ᠠ᠎ᠶᠢᠨ ᠠᠭᠤᠷ ᠠᠮᠢᠰᠭᠤᠯ ᠤᠯᠠᠮ ᠥᠳᠭᠡᠷᠡᠵᠦ᠍᠂ ᠦᠯᠵᠡᠢ ᠵᠢᠷᠭᠠᠯ᠎ᠢᠶᠡᠷ ᠪᠢᠯᠬᠠᠵᠤ᠂ ᠳᠤᠮᠳᠠᠳᠤ ᠤᠯᠤᠰ᠎ᠤᠨ ᠲᠢᠶᠠᠲ᠋ᠷ᠎ᠲᠤ ᠪᠠᠶᠠᠷ ᠪᠠᠶᠠᠰᠬᠤᠯᠠᠩᠲᠤ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢᠶᠠᠷ ᠪᠢᠯᠬᠠᠵᠤ ᠪᠠᠢᠯ᠎ᠠ᠃ ᠱᠢᠨ᠎ᠡ ᠳᠤᠮᠳᠠᠳᠤ ᠤᠯᠤᠰ᠎ᠢ ᠪᠠᠢᠭᠤᠯᠵᠤ᠂ ᠬᠠᠮᠠᠭᠠᠯᠠᠵᠤ᠂ ᠪᠦᠳᠦᠬᠡᠨ ᠪᠠᠢᠭᠤᠯᠤᠭᠰᠠᠨ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠪᠦᠳᠦᠬᠡᠨ ᠪᠠᠢᠭᠤᠯᠤᠯᠲᠠ᠎ᠳᠤ ᠳᠤᠪᠤᠢ᠌ᠮ᠎ᠠ ᠬᠤᠪᠢ ᠨᠡᠮᠡᠷᠢ ᠦᠵᠡᠭᠦᠯᠦᠭ᠌ᠰᠡᠨ ᠪᠡᠭᠡᠵᠢᠩ᠎ᠳᠦ ᠰᠠᠭᠤᠭ᠎ᠠ ᠴᠡᠷᠢᠭ ᠠᠩᠬᠢ᠎ᠶ᠋ᠢᠨ ᠠᠬᠠᠮᠠᠳ ᠺᠠᠳ᠋ᠷᠴᠤᠳ ᠨᠢᠭᠡ ᠲᠠᠩᠬᠢᠮ᠎ᠳᠤ ᠬᠤᠷᠠᠨ ᠴᠤᠭ᠍ᠯᠠᠷᠠᠵᠤ᠂ ᠴᠠᠭᠠᠨ ᠰᠠᠷ᠎ᠠ᠎ᠪᠠᠨ ᠬᠠᠮᠲᠤ᠎ᠪᠠᠷ ᠤᠭ᠍ᠲᠤᠪᠠ᠃
ᠦᠳᠡ᠎ᠶ᠋ᠢᠨ ᠬᠣᠢᠨᠠᠬᠢ 4 ᠴᠠᠭ᠎ᠤᠨ ᠦᠶ᠎ᠡ᠎ᠪᠡᠷ᠂ ᠰᠢ᠎ᠵᠢᠨ᠎ᠫᠢᠩ ᠠᠬᠠᠮᠠᠳ ᠨᠥᠬᠥᠳ᠎ᠦᠨ ᠳᠤᠮᠳᠠ ᠬᠦᠷᠴᠤ ᠢᠷᠡᠬᠦ᠎ᠳᠦ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠱᠢᠵᠠᠭᠠᠪᠠ᠃ ᠰᠢ᠎ᠵᠢᠨ᠎ᠫᠢᠩ ᠤᠯᠠᠨ᠎ᠲᠠᠶ ᠳᠣᠲᠣᠨᠣ᠎ᠪᠠᠷ ᠶᠠᠷᠢᠯᠴᠠᠵᠤ᠂ ᠬᠠᠷᠢᠯᠴᠠᠨ ᠮᠡᠨᠳᠦᠴᠢᠯᠡᠵᠦ᠍᠂ ᠲᠡᠳᠡᠨ᠎ᠦ ᠪᠡᠶ᠎ᠡ ᠮᠠᠬᠠᠪᠣᠳ ᠪᠣᠯᠤᠨ ᠠᠮᠢᠳᠤᠷᠠᠯ᠎ᠤᠨ ᠪᠠᠢᠳᠠᠯ᠎ᠢ ᠬᠠᠯᠠᠮᠵᠢᠯᠠᠨ ᠠᠰᠠᠭᠤᠵᠤ᠂ ᠥᠩᠭᠡᠷᠡᠭ᠌ᠰᠡᠨ ᠨᠢᠭᠡ ᠵᠢᠯ᠎ᠦᠨ ᠨᠠᠮ᠂ ᠤᠯᠤᠰ ᠪᠣᠯᠤᠨ ᠴᠡᠷᠢᠭ ᠠᠩᠬᠢ᠎ᠶ᠋ᠢᠨ ᠦᠢᠯᠡᠰ᠎ᠦᠨ ᠲᠤᠭᠤᠯᠵᠤ ᠢᠷᠡᠭᠰᠡᠨ ᠶᠡᠷᠦ᠍ ᠪᠤᠰᠤ᠎ᠶ᠋ᠢᠨ ᠥᠩᠭᠡᠷᠡᠯᠲᠡ᠂ ᠣᠯᠤᠭ᠍ᠰᠠᠨ ᠴᠢᠬᠤᠯᠠ ᠶᠡᠬᠡ ᠠᠮᠵᠢᠯᠲᠠ᠎ᠶ᠋ᠢ ᠬᠠᠮᠲᠤ᠎ᠪᠠᠷ ᠡᠷᠭᠢᠴᠡᠭᠦᠯᠪᠡ᠃ ᠠᠬᠠᠮᠠᠳ ᠨᠥᠬᠥᠳ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠵᠢᠨ᠎ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》᠎ᠤ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠍᠂ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠱᠢᠯᠠᠭᠤᠯᠵᠤ᠂ ᠢᠷᠠᠭᠤ ᠠᠯᠳᠠᠷᠲᠤ ᠤᠯᠠᠮᠵᠢᠯᠠᠯ᠎ᠢᠶᠠᠨ ᠪᠠᠳᠠᠷᠠᠭᠤᠯᠵᠤ᠂ ᠤᠯᠤᠰ ᠲᠦᠷᠦ᠍᠎ᠶ᠋ᠢᠨ ᠤᠤᠷ ᠴᠢᠨᠠᠷ᠎ᠢᠶᠡᠨ ᠡᠭᠦᠷᠢᠳᠡ ᠪᠠᠲᠤᠯᠠᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠵᠣᠷᠢᠭ᠍ᠲᠠᠢ᠎ᠪᠠᠷ ᠤᠷᠤᠭ᠍ᠰᠢᠯᠠᠵᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
《ᠲᠤᠭ ᠲᠡᠮᠳᠡᠭ ᠠᠶᠠᠯᠠᠯ᠎ᠢ ᠵᠠᠮᠴᠢᠯᠠᠵᠤ᠂ ᠪᠦᠯᠬᠦᠮᠳᠡᠨ ᠲᠡᠮᠡᠴᠡᠵᠦ᠍ ᠤᠷᠤᠭ᠍ᠰᠢᠯᠠᠨ᠎ᠠ ! ᠭᠠᠯ ᠹᠷᠤᠨᠲ᠎ᠲᠤ ᠳᠠᠪᠲᠠᠨ ᠪᠣᠯᠪᠠᠰᠤᠷᠠᠭᠳᠠᠵᠤ᠂ ᠶᠠᠪᠤᠬᠤ ᠲᠤᠲᠤᠮ ᠬᠠᠲᠠᠭᠤᠵᠢᠨᠠ!》 ᠬᠤᠯᠢᠯᠴᠠᠭ᠎ᠠ ᠨᠠᠢᠷᠠᠯ ᠳᠠᠭᠤᠤ 《ᠡᠭᠦᠷᠢᠳᠡ᠎ᠶᠢᠨ ᠢᠷᠠᠭᠤ ᠠᠯᠳᠠᠷ》 ᠨᠢ ᠬᠠᠩᠭᠢᠨᠠᠮ᠎ᠠ ᠬᠥᠭ ᠠᠶᠠᠰ᠎ᠢᠶᠠᠷ ᠲᠣᠭ᠍ᠯᠠᠯᠲᠠ᠎ᠶ᠋ᠢᠨ ᠬᠥᠱᠢᠭᠡ᠎ᠶ᠋ᠢ ᠨᠡᠭᠡᠭᠡᠪᠡ᠃ ᠲᠣᠭ᠍ᠯᠠᠯᠲᠠ ᠨᠢ ᠴᠡᠭ᠌ᠴᠡᠯᠡᠨ ᠪᠣᠯᠪᠠᠰᠤᠷᠠᠯ᠎ᠢᠶᠡᠷ ᠲᠠᠪᠳᠠᠬᠳᠠᠵᠤ ᠱᠢᠨ᠎ᠡ ᠬᠡᠪ ᠰᠤᠷᠲᠠᠯ᠎ᠢ ᠢᠯᠡᠷᠡᠭᠦᠯᠦᠭᠰᠡᠨ᠂ ᠪᠣᠭᠣᠮᠲᠠ ᠱᠢᠪᠲᠤᠯᠵᠤ ᠡᠴᠦᠰ᠎ᠤᠨ ᠰᠢᠪᠲᠤᠯᠤᠯᠲᠠ ᠬᠢᠵᠦ ᠵᠠᠭᠤᠨ ᠵᠢᠯ᠎ᠤᠨ ᠬᠠᠷᠠᠯᠲᠠ ᠲᠡᠢᠰᠢ ᠤᠷᠤᠭ᠍ᠰᠢᠯᠠᠭᠰᠠᠨ ᠢᠯᠡ ᠲᠣᠳᠣ ᠭᠣᠣᠯ ᠰᠡᠳᠦᠪ᠎ᠢ ᠲᠤᠭᠤᠱᠢᠯᠠᠭᠤᠯᠵᠤ᠂ ᠤᠯᠤᠰ ᠲᠦᠷᠦ᠍᠎ᠪᠡᠷ ᠴᠡᠷᠢᠭ ᠪᠠᠢᠭᠤᠯᠬᠤ ᠱᠢᠨ᠎ᠡ ᠳᠦᠷᠰᠦ ᠪᠠᠢᠳᠠᠯ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠠᠬᠢᠴᠠ᠂ ᠳᠠᠢ᠌ᠨ᠎ᠳᠦ ᠪᠡᠯᠡᠳᠭᠡᠵᠦ᠍ ᠪᠠᠢᠯᠳᠤᠭᠠᠨ ᠬᠢᠬᠦ᠌ ᠱᠢᠨ᠎ᠡ ᠦᠷ᠎ᠡ ᠪᠦᠲᠦᠮᠵᠢ᠎ᠶ᠋ᠢ ᠲᠤᠪᠤᠢ᠌ᠯᠭᠠᠨ ᠢᠯᠡᠷᠡᠭᠦᠯᠵᠦ᠍᠂ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠭᠣᠣᠯᠯᠠᠭ᠍ᠴᠢ᠎ᠪᠠᠨ ᠡᠷᠡᠰ ᠬᠠᠮᠠᠭᠠᠯᠠᠵᠤ᠂ ᠵᠢᠯᠤᠭᠤᠳᠤᠯᠭ᠎ᠠ᠎ᠶ᠋ᠢ ᠡᠷᠡᠰ ᠳᠠᠭᠠᠬᠤ ᠬᠠᠮᠲᠤ᠎ᠶ᠋ᠢᠨ ᠰᠡᠳᠭᠢᠯ᠎ᠦᠨ ᠳᠠᠭᠤᠨ᠎ᠢ ᠢᠯᠡᠳᠭᠡᠪᠡ᠃ ᠬᠥᠭ᠌ᠵᠢᠮᠳᠡᠭᠦᠷ ᠬᠥᠭ᠌ᠵᠢᠮ ᠪᠣᠯᠤᠨ ᠨᠠᠢᠷᠠᠯ ᠳᠠᠭᠤᠤ 《ᠵᠡᠪᠰᠡᠭ ᠲᠤᠨᠤᠭᠯᠠᠯ ᠰᠠᠢᠵᠢᠷᠠᠵᠤ ᠴᠡᠷᠢᠭ᠎ᠤᠨ ᠵᠢᠪᠬᠤᠭ᠎ᠠ ᠨᠡᠩ ᠪᠠᠳᠠᠷᠠᠨᠠᠮ》᠂ ᠲᠣᠭ᠍ᠯᠠᠯᠲᠤ ᠲᠠᠭᠤᠯᠠᠯ 《ᠲᠠᠢ᠌ᠨ ᠲᠠᠷᠠᠭᠠᠴᠢ᠎ᠶ᠋ᠢᠨ ᠰᠧᠺᠦ᠋ᠨ᠋ᠳ᠋᠎ᠲᠦ》 ᠨᠢ ᠴᠡᠷᠢᠭ ᠠᠩᠬᠢ᠎ᠶ᠋ᠢᠨ ᠴᠡᠷᠢᠭ᠎ᠢ ᠪᠣᠯᠪᠠᠰᠤᠷᠠᠭᠤᠯᠵᠤ ᠲᠠᠢ᠌ᠨ᠎ᠳᠦ ᠪᠡᠯᠡᠳᠭᠡᠬᠦ᠌ ᠭᠠᠯ ᠬᠠᠯᠠᠭᠤᠨ ᠦᠢᠯᠡᠳᠦᠯᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠳᠠᠷᠤᠭ᠎ᠠ ᠪᠠᠢᠯᠳᠤᠭ᠍ᠴᠢᠳ᠎ᠦᠨ ᠪᠠᠢᠯᠳᠤᠬᠤ᠎ᠪᠠᠷ ᠪᠡᠯᠡᠬᠡᠨ ᠪᠠᠢᠬᠤ᠂ ᠵᠣᠷᠢᠭ᠍ᠲᠠᠢ ᠪᠠᠢᠯᠳᠤᠵᠤ ᠵᠠᠪᠠᠯ ᠢᠯᠠᠬᠤ ᠬᠠᠷᠢᠭᠤᠴᠠᠯᠭ᠎ᠠ ᠡᠭᠦᠷᠭᠡᠯᠡᠯ᠎ᠢ ᠠᠮᠢᠳᠤᠯᠢᠭ᠎ᠢᠶᠠᠷ ᠲᠤᠰᠭᠠᠪᠠ᠃ ᠠᠬᠤᠢ ᠦᠵᠡᠭ᠌ᠳᠡᠯᠲᠦ ᠳᠠᠭᠤᠯᠠᠯ 《ᠳᠤᠯᠤᠭᠠᠨ ᠬᠦᠭᠵᠢᠮ • ᠤᠷᠲᠤ ᠵᠠᠮ᠎ᠤᠨ ᠠᠶᠠᠨ ᠳᠠᠢ᠌ᠨ》 ᠨᠢ ᠤᠯᠠᠭᠠᠨ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠠᠯᠢᠪᠠ ᠬᠦᠴᠦᠷᠬᠡᠭ ᠳᠠᠢᠰᠤᠨ᠎ᠢ ᠢᠯᠠᠭᠰᠠᠨ ᠪᠠᠭᠠᠲᠤᠷ ᠵᠣᠷᠢᠭ᠎ᠢ ᠬᠠᠯᠠᠭᠤᠨ᠎ᠢᠶᠠᠷ ᠮᠠᠭ᠍ᠲᠠᠨ ᠳᠠᠭᠤᠯᠠᠵᠤ᠂ ᠤᠷᠲᠤ ᠵᠠᠮ᠎ᠤᠨ ᠠᠶᠠᠨ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶᠢ ᠪᠠᠳᠠᠷᠠᠭᠤᠯᠬᠤ᠂ ᠱᠢᠨ᠎ᠡ ᠴᠠᠭ ᠦᠶ᠎ᠡ᠎ᠶ᠋ᠢᠨ ᠤᠷᠲᠤ ᠵᠠᠮ᠎ᠤᠨ ᠠᠶᠠᠨ ᠳᠠᠢ᠌ᠨ᠎ᠤ ᠵᠠᠮ᠎ᠢᠶᠡᠷ ᠰᠠᠢᠳᠤᠷ ᠵᠠᠮᠨᠠᠬᠤ ᠣᠮᠣᠭ ᠵᠣᠷᠢᠭ᠎ᠢ ᠬᠥᠭ᠌ᠵᠢᠭᠡᠪᠡ᠃ 《ᠭᠠᠷ᠎ᠲᠠᠭᠠᠨ ᠫᠤᠤ ᠪᠠᠷᠢᠵᠤ ᠨᠠᠮ᠎ᠢᠶᠠᠨ ᠲᠠᠭᠠᠨ᠎ᠠ》᠂ 《ᠳ᠋ᠢᠸᠢᠽᠢ᠎ᠶ᠋ᠢᠨ ᠳᠠᠷᠤᠭ᠎ᠠ᠎ᠳᠤ ᠨᠢᠭᠡᠨ ᠨᠣᠭᠣᠭᠠᠨ ᠴᠡᠷᠢᠭ᠎ᠦᠨ ᠬᠥᠨᠵᠢᠯᠡ ᠪᠤᠢ》᠂ 《ᠲᠠᠢ᠌ᠴᠢᠨ ᠬᠠᠨᠢ᠎ᠶ᠋ᠢᠨ ᠳᠠᠭᠤᠤ》 ᠵᠡᠷᠭᠡ ᠰᠣᠩᠭᠣᠳᠠᠭ ᠬᠠᠭᠤᠴᠢᠨ ᠳᠠᠭᠤᠤ᠎ᠶᠢᠨ ᠴᠦᠷᠬᠡᠯᠡᠭᠡ ᠳᠠᠭᠤᠤ ᠨᠢ ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ᠎ᠢ ᠮᠠᠭ᠍ᠲᠠᠨ ᠳᠠᠭᠤᠯᠠᠵᠤ᠂ ᠬᠤᠪᠢᠰᠭᠠᠯᠲᠤ ᠤᠳᠤᠮᠱᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ᠎ᠶᠢ ᠢᠯᠡᠷᠡᠭᠦᠯᠪᠡ᠃ ᠦᠨᠳᠦᠰᠦᠲᠡᠨ᠎ᠦ ᠳᠠᠭᠤᠤ ᠪᠥᠵᠢᠭ 《ᠰᠡᠳᠭᠢᠯ ᠨᠢᠭᠡᠳᠡᠢ ᠬᠠᠮᠲᠤ᠎ᠶᠢᠨ ᠠᠶᠠᠯᠭᠤ》 ᠨᠢ ᠬᠢᠯᠢ᠎ᠶ᠋ᠢᠨ ᠬᠠᠮᠠᠭᠠᠯᠠᠯᠲᠠ᠎ᠶ᠋ᠢᠨ ᠳᠠᠷᠤᠭ᠎ᠠ ᠪᠠᠢᠯᠳᠤᠭ᠍ᠴᠢᠳ ᠪᠣᠯᠤᠨ ᠦᠨᠳᠦᠰᠦᠲᠡᠨ ᠨᠦᠭᠦᠳ᠎ᠦᠨ ᠤᠯᠠᠨ ᠲᠦᠮᠡᠨ᠎ᠤ ᠬᠦᠴᠦ᠍᠎ᠪᠡᠨ ᠬᠠᠮᠲᠤᠳᠭᠠᠨ ᠬᠢᠯᠢ᠎ᠬᠢᠵᠠᠭᠠᠷ᠎ᠢ ᠬᠦᠴᠦᠷᠬᠡᠭ᠌ᠵᠢᠭᠦᠯᠦᠨ ᠰᠡᠷᠭᠡᠢᠯᠡᠯᠲᠡ᠎ᠶ᠋ᠢ ᠪᠡᠬᠢᠵᠢᠭᠦᠯᠵᠦ᠍᠂ ᠵᠣᠯ ᠵᠢᠷᠭᠠᠯᠲᠤ ᠠᠮᠢᠳᠤᠷᠠᠯ᠎ᠢ ᠴᠣᠭ᠍ᠴᠠᠯᠠᠭᠰᠠᠨ ᠶᠠᠪᠤᠳᠠᠯ᠎ᠢ ᠮᠠᠭ᠍ᠲᠠᠨ ᠳᠠᠭᠤᠯᠠᠵᠤ᠂ ᠨᠠᠮ᠎ᠳᠠᠭᠠᠨ ᠭᠦᠨ ᠵᠤᠵᠠᠭᠠᠨ ᠬᠠᠢᠷ᠎ᠠ ᠰᠡᠳᠭᠢᠯᠭᠡ᠎ᠲᠡᠶ᠂ ᠡᠬᠡ ᠤᠯᠤᠰ᠎ᠲᠠᠭᠠᠨ ᠬᠠᠢᠷᠠᠲᠠᠢ ᠪᠠᠢᠬᠤᠰᠡᠳᠭᠢᠯᠭᠡᠪᠠᠨ ᠢᠯᠡᠳᠭᠡᠪᠡ᠃ ᠣᠬᠣᠷ ᠵᠦᠴᠦᠭᠡ 《ᠤᠯᠠᠭᠠᠨ ᠤᠳᠤᠨ᠎ᠤ ᠤᠷᠢᠶᠠᠯᠠᠭ᠎ᠠ》 ᠨᠢ ᠵᠠᠯᠠᠭᠤ ᠳᠠᠷᠤᠭ᠎ᠠ ᠪᠠᠢᠯᠳᠤᠭ᠍ᠴᠢ ᠪᠣᠯᠤᠨ ᠤᠯᠠᠭᠠᠨ ᠴᠡᠷᠢᠭ᠎ᠦᠨ ᠪᠠᠢᠯᠳᠤᠭ᠍ᠴᠢ᠎ᠶ᠋ᠢᠨ ᠴᠠᠭ ᠬᠤᠭᠤᠴᠠᠭ᠎ᠠ ᠣᠷᠣᠨ ᠵᠠᠢ ᠠᠯᠤᠰᠯᠠᠭ᠍ᠰᠠᠨ ᠶᠠᠷᠢᠯᠴᠠᠭ᠎ᠠ᠎ᠪᠠᠷ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌᠂ ᠠᠷᠢᠭᠤᠨ ᠴᠡᠪᠡᠷ ᠢᠷᠠᠭᠤ ᠠᠯᠳᠠᠷ᠎ᠢᠶᠠᠨ ᠪᠡᠬᠢᠵᠢᠭᠦᠯᠬᠦ᠌ ᠤᠳᠤᠮᠰᠢᠯ᠎ᠤᠨ ᠤᠯᠠᠮᠵᠢᠯᠠᠯ᠎ᠢ ᠢᠯᠡᠷᠡᠭᠦᠯᠪᠡ᠃ ᠲᠣᠭ᠍ᠯᠠᠯᠳᠤ ᠲᠠᠭᠤᠯᠠᠯ 《ᠬᠠᠢᠷ᠎ᠠ ᠬᠠᠯᠠᠮᠵᠢ》 ᠨᠢ ᠶᠡᠷᠦᠩᠬᠡᠢ ᠵᠢᠯᠤᠭᠤᠳᠤᠬ᠍ᠴᠢ᠎ᠶ᠋ᠢᠨ ᠦᠨᠳᠦᠰᠦᠨ ᠱᠠᠳᠤ᠎ᠲᠠᠶ ᠰᠡᠳᠭᠢᠯ ᠵᠢᠷᠦᠬᠡ᠎ᠪᠡᠨ ᠬᠣᠯᠪᠣᠵᠤ᠂ ᠳᠠᠷᠤᠭ᠎ᠠ ᠪᠠᠢᠯᠳᠤᠭ᠍ᠴᠢᠳ᠎ᠢ ᠬᠠᠢᠷᠠᠯᠠᠨ ᠬᠠᠯᠠᠮᠵᠢᠯᠠᠭᠰᠠᠨ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠭᠦᠢᠴᠡᠳ ᠢᠯᠡᠷᠡᠭᠦᠯᠵᠦ᠍᠂ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠡᠷᠡᠰ ᠪᠠᠲᠤ᠎ᠪᠠᠷ ᠨᠢᠭᠡᠲᠦᠯᠲᠠᠢ ᠪᠠᠢᠵᠤ ᠲᠠᠭᠠᠨ ᠤᠷᠤᠭᠰᠢᠯᠠᠬᠤ᠂ ᠵᠣᠷᠢᠭ ᠱᠢᠭᠤᠳᠤᠨ ᠲᠡᠮᠡᠴᠡᠵᠦ ᠴᠡᠷᠢᠭ᠎ᠢ ᠬᠦᠴᠦᠷᠬᠡᠭ᠌ᠵᠢᠭᠦᠯᠬᠦ᠌ ᠪᠠᠲᠤ ᠴᠢᠩᠭ᠎ᠠ ᠢᠲᠡᠭᠡᠯ ᠵᠣᠷᠢᠭ᠎ᠢ ᠢᠯᠡᠷᠡᠭᠦᠯᠪᠡ᠃ 《ᠪᠢᠳᠡ ᠱᠢᠨ᠎ᠡ ᠴᠠᠭ ᠦᠶ᠎ᠡ᠎ᠳᠤ ᠤᠷᠤᠭᠰᠢᠯᠠᠵᠤ᠂ ᠪᠢᠳᠡ ᠲᠠᠨ᠎ᠢ ᠳᠠᠭᠠᠨ ᠢᠯᠠᠯᠲᠠ᠎ᠳᠤ ᠬᠦᠷᠦᠨ᠎ᠠ》᠂ ᠬᠤᠯᠢᠯᠴᠠᠭ᠎ᠠ ᠨᠠᠢᠷᠠᠯ ᠳᠠᠭᠤᠤ 《ᠨᠠᠮ᠎ᠦᠨ ᠲᠤᠭ᠎ᠤᠨ ᠳᠣᠣᠷ᠎ᠠ ᠤᠷᠤᠭ᠍ᠰᠢᠯᠠᠶ᠎ᠠ》 ᠨᠢ ᠠᠷᠠᠳ᠎ᠤᠨ ᠴᠡᠷᠢᠭ ᠠᠩᠬᠢ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠦᠨ ᠱᠢᠨ᠎ᠡ ᠪᠠᠢᠳᠠᠯ᠎ᠢ ᠨᠡᠭᠡᠭᠡᠬᠦ᠂ ᠨᠠᠮ ᠪᠣᠯᠤᠨ ᠠᠷᠠᠳ ᠲᠦᠮᠡᠨ᠎ᠡᠴᠡ ᠤᠯᠭᠤᠭᠰᠠᠨ ᠡᠯ᠎ᠡ ᠵᠦᠢᠯ᠎ᠦᠨ ᠡᠭᠦᠷᠭᠡ᠎ᠶ᠋ᠢ ᠰᠠᠢᠲᠤᠷ ᠪᠡᠶᠡᠯᠡᠭᠦᠯᠬᠦ᠌ ᠡᠷᠴᠢ ᠵᠣᠷᠢᠭ᠎ᠢ ᠲᠣᠳᠣᠷᠬᠠᠢ ᠢᠯᠡᠳᠭᠡᠪᠡ᠃ ᠪᠦᠬᠦᠢᠯᠡ ᠲᠣᠭ᠍ᠯᠠᠯᠲᠠ ᠨᠢ ᠱᠢᠨ᠎ᠡ ᠬᠡᠪ ᠰᠤᠷᠲᠠᠯ᠎ᠢᠶᠠᠷ ᠪᠢᠯᠬᠠᠵᠤ᠂ ᠪᠠᠳᠠᠷᠠᠩᠭᠤᠢ ᠦᠭᠡᠳᠡᠷᠬᠡᠭ ᠪᠠᠢᠵᠤ᠂ ᠴᠡᠷᠢᠭ ᠠᠩᠭᠢ᠎ᠶ᠋ᠢᠨ ᠤᠳᠭ᠎ᠠ ᠤᠷᠠᠯᠢᠭ᠎ᠤᠨ ᠴᠡᠷᠢᠭ᠎ᠢ ᠬᠦᠴᠦᠷᠬᠡᠭ᠌ᠵᠢᠭᠦᠯᠬᠦ᠌᠎ᠳᠤ ᠦᠢᠯᠡᠴᠢᠯᠡᠬᠦ᠂ ᠦᠨᠳᠦᠰᠦᠨ ᠱᠠᠲᠤᠨ᠎ᠳᠤ ᠦᠶ᠋ᠯᠡᠴᠢᠯᠡᠬᠦ᠌᠂ ᠳᠠᠷᠤᠭ᠎ᠠ ᠪᠠᠢᠯᠳᠤᠭ᠍ᠴᠢᠳ᠎ᠲᠤ ᠦᠶ᠋ᠯᠡᠴᠢᠯᠡᠬᠦ᠌ ᠴᠣᠭ ᠪᠠᠳᠠᠷᠠᠩᠭᠤᠶ ᠲᠦᠷᠰᠦ ᠪᠠᠢᠳᠠᠯ᠎ᠢ ᠢᠯᠡᠷᠡᠭᠦᠯᠪᠡ᠃
ᠵᠠᠩ ᠱᠧᠩ ᠮᠢᠨ ᠬᠠᠮᠲᠤ ᠰᠣᠨᠢᠷᠬᠠᠪᠠ᠃
ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠪᠡᠭᠡᠵᠢᠩ᠎ᠳᠦ ᠰᠠᠭᠤᠭ᠎ᠠ ᠴᠡᠷᠢᠭ ᠠᠩᠭᠢ᠎ᠶ᠋ᠢᠨ ᠬᠣᠯᠪᠣᠭ᠍ᠳᠠᠯ ᠪᠦᠬᠦᠢ ᠨᠢᠭᠡᠴᠢ᠎ᠶ᠋ᠢᠨ ᠤᠳᠤᠷᠢᠳᠤᠯᠭ᠎ᠠ ᠪᠣᠯᠤᠨ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭ᠌ᠴᠢ ᠪᠠᠰᠠ ᠲᠣᠭ᠍ᠯᠠᠯᠲᠠ᠎ᠶ᠋ᠢ ᠰᠣᠨᠢᠷᠬᠠᠵᠠᠶ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ