ᠰᠢ᠎ᠵᠢᠨ᠎ᠫᠢᠩ ᠴᠠᠬᠢᠯᠭᠠᠨ ᠴᠢᠮᠡᠭᠡ ᠶᠠᠪᠤᠭᠤᠯᠵᠤ ᠹᠧᠷᠨᠠᠨᠳᠧᠰ᠎ᠤᠨ ᠺᠣᠰᠲ᠋ᠠ ᠷᠢᠺᠠ᠎ᠶ᠋ᠢᠨ ᠶᠡᠷᠦᠩᠬᠡᠢᠯᠡᠭ᠌ᠴᠢ᠎ᠪᠠᠷ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2026-02-26
2 ᠰᠠᠷ᠎ᠠ᠎ᠶ᠋ᠢᠨ 5᠎ᠤ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠯᠤᠷᠠ • ᠹᠧᠷᠨᠠᠨᠳᠧᠰ᠎ᠲᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠦᠬᠦᠳᠠ ᠨᠠᠢᠷᠠᠮᠳᠠᠬᠤ ᠺᠤᠰᠲ᠋ᠠ ᠷᠢᠺᠠ ᠤᠯᠤᠰ᠎ᠤᠨ ᠶᠡᠷᠦᠩᠬᠡᠢᠯᠡᠭ᠌ᠴᠢ᠎ᠪᠡᠷ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ᠃
ᠰᠢ᠎ᠵᠢᠨ᠎ᠫᠢᠩ᠂ ᠳᠤᠮᠳᠠᠳᠤ ᠺᠣᠰᠲ᠋ᠠ ᠷᠢᠺᠠ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 18 ᠵᠢᠯ᠎ᠦᠨ ᠲᠤᠷᠰᠢ᠂ ᠬᠣᠶᠠᠷ ᠲᠠᠯ᠎ᠠ᠎ᠶ᠋ᠢᠨ ᠬᠠᠷᠢᠯᠴᠠᠭ᠎ᠠ ᠲᠦᠷᠭᠡᠨ ᠬᠥᠭ᠌ᠵᠢᠵᠦ᠍᠂ ᠡᠯ᠎ᠡ ᠬᠦᠷᠢᠶᠡᠨ᠎ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠬᠦᠴᠦᠯᠡᠨ ᠨᠡᠮᠡᠭᠳᠡᠬᠦᠯᠪᠡ᠃ ᠳᠤᠮᠳᠠᠳᠤ ᠺᠣᠰᠲ᠋ᠠ ᠷᠢᠺᠠ᠎ᠶ᠋ᠢᠨ ᠬᠠᠷᠢᠯᠴᠠᠭ᠎ᠠ᠎ᠶᠢᠨ ᠬᠥᠭ᠌ᠵᠢᠯᠲᠡ ᠨᠢ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠦ ᠦᠨᠳᠦᠰᠦᠨ ᠠᠱᠢᠭ ᠲᠤᠰᠠᠲᠠᠶ ᠨᠡᠢᠴᠡᠵᠦ᠍᠂ ᠴᠠᠭ᠎ᠤᠨ ᠪᠠᠢᠳᠠᠯ᠎ᠤᠨ ᠬᠠᠨᠳᠤᠰᠢ᠂ ᠬᠥᠮᠦᠰ᠎ᠦᠨ ᠰᠡᠳᠭᠢᠯ᠎ᠦᠨ ᠬᠠᠨᠳᠤᠰᠢ ᠪᠣᠯᠬᠤ᠎ᠶ᠋ᠢ ᠪᠣᠳᠠᠲᠤ ᠶᠠᠪᠤᠳᠠᠯ ᠭᠦᠢᠴᠡᠳ ᠭᠡᠷᠡᠴᠢᠯᠡᠪᠡ ᠭᠡᠵᠤ ᠵᠢᠭᠠᠵᠤ ᠭᠠᠷᠭᠠᠵᠠᠢ᠃
ᠰᠢ᠎ᠵᠢᠨ᠎ᠫᠢᠩ᠂ ᠪᠢ ᠳᠤᠮᠳᠠᠳᠤ ᠺᠣᠰᠲ᠋ᠠ ᠷᠢᠺᠠ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭ᠌ᠴᠢ ᠹᠧᠷᠨᠠᠨᠳᠧᠰ ᠲᠠᠢ ᠬᠠᠮᠲᠤ᠎ᠪᠠᠷ ᠴᠢᠷᠮᠠᠢᠵᠤ᠂ ᠪᠠᠢᠯᠳᠤᠬᠤ ᠪᠤᠳᠤᠯᠭ᠎ᠠ᠎ᠶᠢᠨ ᠤᠯᠤᠯᠴᠠᠭ᠎ᠠ᠎ᠪᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠍᠂ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠶ᠋ᠢ ᠢᠳᠡᠪᠬᠢᠲᠡᠢ ᠠᠬᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶ᠋ᠢ ᠬᠦᠳᠦᠯᠦᠨ ᠳᠠᠭᠠᠭᠤᠯᠵᠤ ᠨᠢᠭᠡ ᠳᠤᠮᠳᠠᠳᠤ ᠤᠯᠤᠰ ᠪᠠᠢᠬᠤ ᠵᠠᠷᠴᠢᠮ᠎ᠤᠨ ᠰᠠᠭᠤᠷᠢᠨ ᠳᠡᠭᠡᠷ᠎ᠡ ᠲᠠᠰᠤᠷᠠᠯᠳᠠ ᠦᠭᠡᠢ ᠬᠥᠭ᠌ᠵᠢᠭᠦᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠦᠨ᠎ᠡ ᠭᠡᠵᠦ᠍ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ