《ᠰᠢ᠎ᠵᠢᠨ᠎ᠫᠢᠩ᠎ᠤᠨ ᠠᠵᠤ ᠠᠬᠤᠢ᠎ᠶᠢᠨ ᠰᠣᠩᠭᠣᠮᠠᠯ ᠵᠣᠬᠢᠶᠠᠯ》᠎ᠤᠨ ᠨᠢᠭᠡᠳᠦᠭᠡᠷ ᠪᠣᠳᠢ ᠪᠠ 《ᠰᠢ᠎ᠵᠢᠨ᠎ᠫᠢᠩ ᠬᠢᠭᠡᠳ ᠣᠶᠤᠲᠠᠨ ᠨᠠᠢᠵᠠ ᠨᠠᠷ》᠎ᠤᠨ ᠨᠢᠭᠡᠳᠦᠭᠡᠷ ᠬᠣᠶᠠᠳᠤᠭᠠᠷ ᠪᠣᠳᠢ᠎ᠶᠢᠨ ᠤᠤᠯ ᠪᠢᠴᠢᠯᠭᠡ᠎ᠶᠢᠨ ᠬᠡᠪᠯᠡᠯ᠎ᠢ ᠰᠢᠶᠠᠩᠭᠠᠩ᠎ᠳᠤ ᠠᠩᠬ᠎ᠠ ᠲᠠᠷᠬᠠᠭᠠᠵᠠᠢ
ᠨᠡᠶ᠋ᠢᠲᠡᠯᠡᠭᠰᠡᠨ ᠴᠠᠭ᠄ 2026-03-24
《ᠰᠢ᠎ᠵᠢᠨ᠎ᠫᠢᠩ᠎ᠤᠨ ᠠᠵᠤ ᠠᠬᠤᠢ᠎ᠶᠢᠨ ᠰᠣᠩᠭᠣᠮᠠᠯ ᠵᠣᠬᠢᠶᠠᠯ》᠎ᠤᠨ ᠨᠢᠭᠡᠳᠦᠭᠡᠷ ᠪᠣᠳᠢ ᠪᠠ 《ᠰᠢ᠎ᠵᠢᠨ᠎ᠫᠢᠩ ᠬᠢᠭᠡᠳ ᠣᠶᠤᠲᠠᠨ ᠨᠠᠢᠵᠠ ᠨᠠᠷ》᠎ᠤᠨ ᠨᠢᠭᠡᠳᠦᠭᠡᠷ᠂ ᠬᠣᠶᠠᠳᠤᠭᠠᠷ ᠪᠣᠳᠢ᠎ᠶᠢᠨ ᠤᠤᠯ ᠪᠢᠴᠢᠯᠭᠡ᠎ᠶᠢᠨ ᠬᠡᠪᠯᠡᠯ᠎ᠢ ᠣᠢᠷ᠎ᠠ᠎ᠳᠦ ᠬᠠᠮᠲᠤᠷᠠᠭᠰᠠᠨ ᠬᠡᠪᠯᠡᠯ᠎ᠦᠨ ᠪᠦᠯᠦᠭᠯᠡᠯ᠎ᠡᠴᠡ ᠬᠡᠪᠯᠡᠨ ᠲᠠᠷᠬᠠᠭᠠᠪᠠ᠃ 3 ᠰᠠᠷ᠎ᠠ᠎ᠶᠢᠨ 18᠎ᠤ᠋ ᠡᠳᠦᠷ᠂ ᠭᠤᠷᠪᠠᠨ ᠨᠣᠮ᠎ᠦᠨ ᠤᠤᠯ ᠪᠢᠴᠢᠯᠭᠡ᠎ᠶᠢᠨ ᠬᠡᠪᠯᠡᠯ᠎ᠦᠨ ᠰᠢᠨ᠎ᠡ ᠨᠣᠮ ᠨᠡᠢᠲᠡᠯᠡᠬᠦ ᠬᠤᠷᠠᠯ ᠵᠢᠴᠢ ᠬᠡᠪᠯᠡᠯ᠎ᠦᠨ ᠶᠠᠷᠢᠯᠴᠠᠬᠤ ᠬᠤᠷᠠᠯ ᠰᠢᠶᠠᠩᠭᠠᠩ᠎ᠳᠤ ᠶᠠᠪᠤᠭᠳᠠᠪᠠ᠃
《ᠰᠢ᠎ᠵᠢᠨ᠎ᠫᠢᠩ᠎ᠤᠨ ᠠᠵᠤ ᠠᠬᠤᠢ᠎ᠶᠢᠨ ᠰᠣᠩᠭᠣᠮᠠᠯ ᠵᠣᠬᠢᠶᠠᠯ》᠎ᠤᠨ ᠨᠢᠭᠡᠳᠦᠭᠡᠷ ᠪᠣᠳᠢ᠎ᠳᠤ ᠰᠢ᠎ᠵᠢᠨ᠎ᠫᠢᠩ ᠨᠥᠬᠥᠷ᠎ᠦᠨ 2012 ᠣᠨ᠎ᠤ 11 ᠰᠠᠷ᠎ᠠ᠎ᠡᠴᠡ 2024 ᠣᠨ᠎ᠤ 12 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠲᠤᠬᠠᠢ ᠬᠠᠮᠤᠭ᠎ᠤᠨ ᠴᠢᠬᠤᠯᠠ᠂ ᠬᠠᠮᠤᠭ᠎ᠤᠨ ᠦᠨᠳᠦᠰᠦᠨ ᠵᠤᠬᠢᠶᠠᠯ ᠪᠦᠲᠦᠭᠡᠯ᠎ᠢ ᠣᠷᠣᠭᠤᠯᠵᠤ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ᠎ᠶᠢᠨ ᠮᠠᠨ᠎ᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢ ᠬᠥᠲᠥᠯᠥᠨ ᠳᠠᠭᠠᠭᠤᠯᠵᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠣᠯᠣᠨ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ᠎ᠶᠢ ᠲᠥᠪᠯᠡᠷᠡᠩᠭᠦᠢ ᠲᠤᠰᠬᠠᠵᠤ᠂ ᠰᠢ᠎ᠵᠢᠨ᠎ᠫᠢᠩ᠎ᠤᠨ ᠠᠵᠤ ᠠᠬᠤᠢ᠎ᠶᠢᠨ ᠦᠵᠡᠯ ᠰᠠᠨᠠᠭ᠎ᠠ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠤᠯᠤᠰ ᠲᠦᠷᠦ ᠠᠵᠤ ᠠᠬᠤᠢ᠎ᠶᠢᠨ ᠤᠬᠠᠭᠠᠨ᠎ᠤ ᠰᠢᠨ᠎ᠡ ᠠᠬᠤᠢ ᠪᠠᠢᠳᠠᠯ᠎ᠢ ᠨᠡᠭᠡᠭᠡᠭᠰᠡᠨ᠎ᠢ ᠲᠥᠪᠯᠡᠷᠡᠩᠭᠦᠢ ᠢᠯᠡᠷᠡᠭᠦᠯᠵᠦ᠂ ᠰᠢ᠎ᠵᠢᠨ᠎ᠫᠢᠩ᠎ᠤᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠰᠢᠰᠲ᠋ᠸᠮ ᠲᠠᠢ ᠲᠤᠰᠬᠠᠭᠰᠠᠨ ᠡᠷᠬᠡ ᠰᠦᠷᠲᠦ ᠵᠣᠬᠢᠶᠠᠯ ᠪᠦᠲᠦᠭᠡᠯ ᠪᠣᠯᠣᠨ᠎ᠠ᠃ 《ᠰᠢ᠎ᠵᠢᠨ᠎ᠫᠢᠩ ᠬᠢᠭᠡᠳ ᠣᠶᠤᠲᠠᠨ ᠨᠠᠢᠵᠠ ᠨᠠᠷ》᠎ᠤᠨ ᠨᠢᠭᠡᠳᠦᠭᠡᠷ᠂ ᠬᠣᠶᠠᠳᠤᠭᠠᠷ ᠪᠣᠳᠢ᠎ᠳᠤ ᠰᠢ᠎ᠵᠢᠨ᠎ᠫᠢᠩ ᠨᠥᠬᠥᠷ᠎ᠦᠨ ᠣᠷᠣᠨ ᠨᠤᠲᠤᠭ ᠪᠣᠯᠣᠨ ᠲᠥᠪ᠎ᠲᠦ ᠠᠵᠢᠯᠯᠠᠵᠤ ᠪᠠᠢᠬᠤ ᠬᠤᠭᠤᠴᠠᠭᠠᠨ᠎ᠳᠤ ᠣᠶᠤᠲᠠᠳ᠎ᠲᠠᠢ ᠶᠠᠪᠤᠯᠴᠠᠵᠤ ᠰᠣᠯᠢᠯᠴᠠᠵᠤ ᠰᠡᠳᠬᠢᠯ᠎ᠢᠶᠡᠨ ᠬᠤᠪᠢᠶᠠᠯᠴᠠᠭᠰᠠᠨ ᠦᠯᠢᠭᠡᠷ᠎ᠢ ᠶᠠᠷᠢᠵᠤ᠂ ᠲᠡᠭᠦᠨ᠎ᠦ ᠵᠠᠯᠠᠭᠤᠴᠤᠳ ᠢᠯᠠᠩᠭᠤᠶ᠎ᠠ ᠣᠶᠤᠲᠠᠳ᠎ᠢ ᠢᠮᠠᠭᠲᠠ ᠠᠨᠭᠬᠠᠷᠴᠦ ᠬᠠᠯᠠᠮᠵᠢᠯᠠᠨ ᠬᠠᠢᠷᠠᠯᠠᠵᠤ ᠪᠠᠢᠭ᠎ᠠ᠎ᠶᠢ ᠦᠨᠡᠨ ᠪᠣᠳᠠᠲᠠᠢ ᠲᠡᠮᠳᠡᠭᠯᠡᠵᠦ᠂ ᠰᠢ᠎ᠵᠢᠨ᠎ᠫᠢᠩ ᠨᠥᠬᠥᠷ᠎ᠦᠨ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠬᠤ᠎ᠶᠢᠨ ᠰᠢᠨ᠎ᠡ ᠰᠤᠳᠤᠨ ᠤᠩᠰᠢᠬᠤ ᠪᠢᠴᠢᠭ ᠪᠣᠯᠣᠨ᠎ᠠ᠃
ᠭᠤᠷᠪᠠᠨ ᠢᠵᠢ ᠨᠣᠮ᠎ᠦᠨ ᠤᠤᠯ ᠪᠢᠴᠢᠯᠭᠡ᠎ᠶᠢᠨ ᠬᠡᠪᠯᠡᠯ᠎ᠢ ᠬᠡᠪᠯᠡᠨ ᠲᠠᠷᠬᠠᠭᠠᠭᠰᠠᠨ ᠨᠢ᠂ ᠰᠢᠶᠠᠨᠭᠭᠠᠩ ᠣᠣᠮᠧᠨ᠎ᠦ ᠤᠩᠰᠢᠭ᠍ᠴᠢᠳ ᠰᠢ᠎ᠵᠢᠨ᠎ᠫᠢᠩ᠎ᠤᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠰᠢᠰᠲᠧᠮ᠎ᠲᠠᠢ ᠣᠢᠯᠠᠭᠠᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠭᠦᠨᠵᠡᠭᠡᠢ ᠣᠢᠯᠠᠭᠠᠬᠤ᠎ᠳᠦ ᠲᠤᠰᠠᠲᠠᠢ ᠪᠠᠢᠵᠤ᠂ ᠰᠢᠶᠠᠩᠭᠠᠩ ᠣᠣᠮᠧᠨ᠎ᠦ ᠠᠬ᠎ᠠ ᠳᠡᠭᠦᠦ ᠨᠠᠷ ᠪᠣᠯᠣᠨ ᠵᠠᠯᠠᠭᠤ ᠨᠢᠭᠡ ᠦᠶ᠎ᠡ᠎ᠶᠢᠨ ᠬᠢᠨᠢ ᠬᠥᠲᠥᠯᠥᠨ ᠵᠢᠯᠤᠭᠣᠳᠴᠤ ᠤᠯᠤᠰ ᠣᠷᠣᠨ᠂ ᠦᠨᠳᠦᠰᠦᠲᠡᠨ ᠪᠠ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠨᠢ ᠨᠡᠮᠡᠭᠳᠡᠭᠦᠯᠵᠦ᠂ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠡᠩ ᠰᠠᠢᠲᠤᠷ ᠠᠭᠤᠰᠤᠯᠴᠠᠭᠤᠯᠬᠤ ᠪᠠ ᠦᠢᠯᠡᠴᠢᠯᠡᠭᠦᠯᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠲᠠᠢ ᠬᠠᠮᠲᠤ᠎ᠪᠠᠷ ᠬᠦᠴᠦ᠎ᠪᠠᠨ ᠬᠠᠮᠲᠤᠳᠬᠠᠨ ᠰᠡᠳᠬᠢᠯ ᠨᠢᠭᠡᠳᠴᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠲᠥᠯᠥᠭᠡ ᠪᠦᠯᠬᠦᠮᠳᠡᠨ ᠲᠡᠮᠡᠴᠡᠬᠦ᠎ᠳᠦ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠰᠢᠶᠠᠩᠭᠠᠩ᠎ᠳᠤ ᠰᠠᠭᠤᠭ᠎ᠠ ᠲᠥᠪ᠎ᠦᠨ ᠵᠠᠰᠠᠭ᠎ᠤᠨ ᠣᠷᠳᠣᠨ᠎ᠤ ᠬᠣᠯᠪᠣᠭ᠎ᠠ ᠠᠪᠬᠤ ᠠᠯᠪᠠᠨ ᠭᠡᠷ᠎ᠦᠨ ᠬᠠᠷᠢᠭᠤᠴᠠᠯᠭᠠᠲᠠᠨ᠂ ᠰᠢᠶᠠᠩᠭᠠᠩ᠎ᠤᠨ ᠤᠯᠤᠰ᠎ᠢᠶᠠᠨ ᠬᠠᠢᠷᠠᠯᠠᠬᠤ ᠰᠢᠶᠠᠩᠭᠠᠩ᠎ᠢᠶᠠᠨ ᠬᠠᠢᠷᠠᠯᠠᠬᠤ ᠪᠠᠢᠭᠤᠯᠤᠮᠵᠢ᠂ ᠤᠯᠤᠰ ᠲᠦᠷᠦ᠎ᠶᠢᠨ ᠪᠦᠯᠬᠦᠮ ᠨᠡᠢᠭᠡᠮ᠎ᠦᠨ ᠪᠦᠯᠬᠦᠮ᠎ᠦᠨ ᠲᠥᠯᠥᠭᠡᠯᠡᠭᠴᠢ᠂ ᠰᠢᠶᠠᠩᠭᠠᠩ᠎ᠤᠨ ᠠᠵᠤ ᠠᠬᠤᠢ᠂ ᠰᠣᠶᠣᠯ᠂ ᠰᠤᠷᠭᠠᠨ ᠬᠥᠮᠦᠵᠢᠯ᠎ᠦᠨ ᠡᠲᠡᠭᠡᠳ᠎ᠦᠨ ᠲᠥᠯᠥᠭᠡᠯᠡᠭᠴᠢ᠂ ᠰᠢᠶᠠᠩᠭᠠᠩ᠎ᠤᠨ ᠵᠠᠯᠠᠭᠤᠴᠤᠳ᠎ᠤᠨ ᠲᠥᠯᠥᠭᠡᠯᠡᠭᠴᠢ ᠰᠢᠨ᠎ᠡ ᠨᠣᠮ ᠨᠡᠢᠲᠡᠯᠡᠬᠦ ᠬᠤᠷᠠᠯ ᠵᠢᠴᠢ ᠬᠡᠪᠯᠡᠯ᠎ᠦᠨ ᠶᠠᠷᠢᠯᠴᠠᠬᠤ ᠬᠤᠷᠠᠯ᠎ᠳᠤ ᠣᠷᠣᠯᠴᠠᠪᠠ᠃ ᠭᠤᠷᠪᠡᠨ ᠨᠤᠮ᠎ᠤᠨ ᠤᠤᠯ ᠪᠢᠴᠢᠯᠭᠡ᠎ᠶᠢᠨ ᠬᠡᠪᠯᠡᠯ᠎ᠢ ᠲᠤᠰ ᠡᠳᠦᠷ᠎ᠡᠴᠡ ᠡᠬᠢᠯᠡᠨ ᠰᠢᠶᠠᠩᠭᠠᠩ ᠣᠣᠮᠧᠨ᠎ᠦ ᠡᠯ᠎ᠡ ᠲᠣᠮᠣ᠌ ᠨᠣᠮ᠎ᠤᠨ ᠳᠡᠯᠭᠡᠭᠦᠷ᠎ᠲᠦ ᠤᠷᠤᠭᠤᠯᠬᠤ ᠪᠦᠭᠡᠳ ᠭᠣᠣᠯᠳᠠᠯᠭᠠᠲᠠᠢᠪᠤᠷᠤᠯᠠᠭᠤᠯᠬᠤ ᠪᠤᠯᠤᠨ᠎ᠠ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ