ᠲᠡᠷᠢᠭᠦᠨ ᠬᠠᠭᠤᠳᠠᠰᠤ   -   ᠲᠡᠷᠢᠭᠦᠨ ᠮᠡᠳᠡᠭᠡ

ᠶᠡᠷᠦᠩᠬᠡᠶ ᠱᠦᠵᠢ ᠰᠢ᠎ᠵᠢᠨ᠎ᠫᠢᠩ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠎ᠳᠤ ᠱᠢᠨ᠎ᠡ ᠵᠢᠯᠣᠭᠣᠳᠣᠯᠭ᠎ᠠ ᠭᠠᠷᠭᠠᠪᠠ

ᠨᠡᠶ᠋ᠢᠲᠡᠯᠡᠭᠰᠡᠨ ᠴᠠᠭ᠄   2026-03-19

《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠨᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠠᠵᠤ ᠠᠬᠤᠢ᠎ᠶᠢᠨ ᠦᠷᠢᠰᠦᠯᠳᠦᠬᠦ᠌ ᠬᠦᠴᠦᠨ᠎ᠢ ᠴᠢᠩᠭᠠᠳᠭᠠᠬᠤ᠎ᠳᠤ ᠲᠤᠢᠯ᠎ᠤᠨ ᠴᠢᠬᠤᠯᠠ ᠶᠤᠮ》᠃ ᠡᠨᠡ ᠵᠢᠯ᠎ᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠶ ᠱᠦᠵᠢ ᠰᠢ᠎ᠵᠢᠨ᠎ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ ᠎ᠳᠠᠭᠠᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠎ᠶᠢ ᠳᠠᠬᠢᠨᠲᠠ ᠴᠢᠬᠤᠯᠠᠴᠢᠯᠠᠵᠤ᠂ ᠳᠥᠷᠪᠡᠨ 《ᠱᠢᠨ᠎ᠡ》᠎ᠪᠠᠷ ᠱᠢᠨ᠎ᠡ ᠵᠢᠯᠣᠭᠣᠳᠣᠯᠭ᠎ᠠ ᠭᠠᠷᠭᠠᠪᠠ —

《ᠤᠤᠭᠠᠯ ᠱᠢᠨ᠎ᠡ ᠡᠬᠦᠳᠦᠯᠲᠠ ᠪᠠ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶᠢ ᠴᠢᠩᠭᠠᠳᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠱᠢᠭ᠍ᠲᠠᠢ ᠪᠠᠢᠷᠢ᠎ᠶᠢ ᠵᠠᠪᠳᠤᠨ ᠡᠵᠡᠯᠡᠬᠦ᠌ ᠲᠠᠯ᠎ᠠ᠎ᠪᠡᠷ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠦ᠂ ᠱᠢᠨ᠎ᠡ᠎ᠶ᠋ᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ ᠪᠡᠯᠡ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠢ᠎ᠪᠡᠷ ᠣᠨᠳᠣᠣᠱᠢᠭᠤᠯᠤᠨ ᠬᠡᠷᠡᠭ᠌ᠯᠡᠬᠦ᠌᠎ᠶ᠋ᠢ ᠠᠬᠢᠭᠤᠯᠬᠤ ᠲᠠᠯ᠎ᠠ᠎ᠪᠡᠷ ᠱᠢᠨ᠎ᠡ ᠠᠷᠭ᠎ᠠ ᠵᠠᠮ᠎ᠢ ᠰᠦᠪᠡᠭ᠌ᠴᠢᠯᠡᠵᠦ᠍᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ᠎ᠶᠢᠨ ᠠᠵᠤ ᠦᠢᠯᠡᠰ᠎ᠢ ᠤᠷᠢᠳᠴᠢᠯᠠᠨ ᠪᠠᠢᠷᠢᠯᠠᠭᠤᠯᠬᠤ ᠲᠠᠯ᠎ᠠ᠎ᠪᠠᠷ ᠱᠢᠨ᠎ᠡ ᠪᠠᠢᠳᠠᠯ᠎ᠢ ᠡᠭᠦᠳᠴᠦ᠍᠂ ᠥᠭᠡᠷᠡᠴᠢᠯᠡᠯᠲᠡ᠎ᠶᠢ ᠴᠢᠨᠠᠭ᠍ᠰᠢᠳᠠ ᠭᠦᠨᠵᠡᠭᠡᠢᠷᠡᠭᠦᠯᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠤ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠬᠤ ᠲᠠᠯ᠎ᠠ᠎ᠪᠠᠷ ᠱᠢᠨ᠎ᠡ ᠦᠷ᠎ᠡ ᠪᠦᠲᠦᠭᠡᠯ ᠤᠯᠬᠤ᠎ᠪᠠᠷ ᠴᠢᠷᠮᠠᠢᠬᠤ ᠬᠡᠷᠡᠭ᠌ᠲᠡᠢ》᠃

2023 ᠣᠨ᠎ᠳᠤ ᠣᠷᠣᠨ ᠨᠤᠲᠤᠭ᠎ᠲᠤ ᠱᠢᠨᠵᠢᠯᠡᠨ ᠪᠠᠢᠴᠠᠭᠠᠬᠤ᠎ᠳᠠᠭᠠᠨ ᠠᠩᠬ᠎ᠠ ᠤᠳᠠᠭ᠎ᠠ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠳᠤᠷᠠᠳᠤᠭ᠍ᠰᠠᠨ᠎ᠡᠴᠡ ᠨᠠᠭᠠᠰᠢ᠂ ᠶᠡᠷᠦᠩᠬᠡᠢ ᠱᠦᠵᠢ ᠰᠢ᠎ᠵᠢᠨ᠎ᠫᠢᠩ ᠵᠢᠯ ᠪᠦᠷᠢ᠎ᠶ᠋ᠢᠨ ᠪᠦᠬᠦ᠌ ᠤᠯᠤᠰ᠎ᠤᠨ ᠬᠣᠶᠠᠷ ᠬᠤᠷᠠᠯ᠎ᠲᠡᠭᠡᠷ᠎ᠡ ᠴᠦᠮ ᠭᠦᠨᠵᠡᠭᠡᠢ ᠲᠠᠢᠯᠪᠦᠷᠢᠯᠠᠳᠠᠭ᠄ 2024 ᠣᠨ᠎ᠳᠤ 《ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ; 2025 ᠣᠨ᠎ᠳᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠦᠨᠳᠦᠰᠦᠨ ᠠᠷᠭ᠎ᠠ ᠵᠠᠮ ᠮᠥᠨ》 ᠭᠡᠵᠦ᠍ ᠵᠢᠭᠠᠵᠤ ᠭᠠᠷᠭᠠᠪᠠ ᠁ ᠠᠯᠢ ᠤᠯᠠᠨ ᠴᠢᠬᠤᠯᠠ ᠥᠭᠦᠯᠡᠯᠲᠡ ᠨᠢ ᠱᠠᠳᠤ ᠱᠠᠳᠤ᠎ᠪᠠᠷ ᠠᠬᠢᠵᠤ᠂ ᠤᠯᠠᠮᠵᠢᠯᠠᠯᠲᠤ ᠠᠵᠤ ᠦᠢᠯᠡᠰ᠎ᠢ ᠳᠡᠭᠡᠭ᠌ᠰᠢᠯᠡᠭᠦᠯᠬᠦ᠌ ᠪᠠ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢᠨ ᠬᠠᠷᠢᠴᠠᠭ᠎ᠠ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠦᠨᠳᠦᠰᠦᠨ ᠠᠷᠭ᠎ᠠ ᠵᠠᠮ ᠵᠡᠷᠭᠡ ᠴᠢᠬᠤᠯᠠ ᠠᠰᠠᠭᠤᠳᠠᠯ᠎ᠳᠤ ᠬᠠᠷᠢᠭᠤᠯᠲᠠ ᠥᠭ᠌ᠴᠡᠢ᠃

《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶ᠋ᠢᠨ ᠵᠢᠯ᠎ᠳᠦ᠂ ᠵᠢᠯ᠎ᠤᠨ ᠡᠬᠢᠨ᠎ᠤ ᠮᠤᠵᠢ ᠶᠠᠮᠤᠨ᠎ᠤ ᠳᠡᠰ᠎ᠤᠨ ᠭᠣᠣᠯ ᠤᠳᠤᠷᠢᠳᠬᠤ ᠺᠠᠳ᠋ᠷ᠎ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶᠢᠨ ᠰᠤᠷᠤᠯᠭ᠎ᠠ ᠡᠬᠢᠯᠡᠬᠦ ᠶᠣᠰᠣᠯᠠᠯ ᠲᠡᠭᠡᠷ᠎ᠡ ᠴᠤ᠌ ᠭᠡᠰᠡᠨ᠂ ᠴᠠᠭᠠᠨ ᠰᠠᠷ᠎ᠠ᠎ᠡᠴᠡ ᠡᠮᠦᠨᠡᠬᠡᠨ ᠪᠡᠭᠡᠵᠢᠩ᠎ᠳᠤ ᠰᠢᠨᠵᠢᠯᠡᠨ ᠪᠠᠢᠴᠠᠭᠠᠭ᠍ᠰᠠᠨ ᠴᠤ᠌ ᠭᠡᠰᠡᠨ᠂ ᠶᠡᠷᠦᠩᠬᠡᠶ ᠱᠦᠵᠢ ᠰᠢ᠎ᠵᠢᠨ᠎ᠫᠢᠩ ᠴᠥᠮ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠠᠢᠨ ᠳᠠᠬᠢᠨ ᠳᠤᠷᠠᠳᠴᠤ᠌ ᠪᠠᠢᠯ᠎ᠠ᠃

2026 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠡᠨᠡ ᠵᠢᠯ᠎ᠦᠨ ᠮᠠᠨ᠎ᠤ ᠤᠯᠤᠰ᠎ᠤᠨ ᠠᠵᠤ ᠠᠬᠤᠢ᠎ᠶ᠋ᠢᠨ ᠨᠡᠮᠡᠭ᠌ᠳᠡᠯ᠎ᠦᠨ ᠵᠢᠱ᠌ᠢᠭ᠌ᠰᠡᠨ ᠬᠠᠷᠠᠯᠲᠠ᠎ᠶ᠋ᠢ 4.5% — 5%᠎ᠪᠠᠷ ᠨᠡᠢᠲᠡᠯᠡᠭ᠌ᠰᠡᠨ ᠪᠥᠭᠡᠳ 《ᠪᠣᠳᠠᠲᠠᠢ ᠠᠵᠢᠯ᠎ᠤᠨ ᠳᠤᠮᠳᠠ ᠨᠡᠩ ᠰᠠᠢ᠌ᠨ ᠦᠷ᠎ᠡ ᠳ᠋ᠦᠩ ᠤᠯᠬᠤ᠎ᠪᠡᠷ ᠴᠢᠷᠮᠠᠢᠨ᠎ᠠ》 ᠭᠡᠵᠦ᠍ ᠴᠢᠬᠤᠯᠠᠴᠢᠯᠠᠪᠠ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ᠂ ᠪᠦᠲᠦᠴᠡ᠎ᠶ᠋ᠢ ᠱᠢᠯᠢᠳᠡᠭ᠌ᠵᠢᠭᠦᠯᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠰᠠᠭᠤᠷᠢᠨ ᠳᠡᠭᠡᠷ᠎ᠡ᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠶᠡᠷᠦᠩᠬᠡᠢ ᠦᠷᠳᠡᠭ᠎ᠤᠨ ᠨᠡᠮᠡᠭ᠌ᠳᠡᠯ᠎ᠢ ᠵᠣᠬᠢᠰᠲᠠᠢ ᠬᠡᠪᠴᠢᠶᠡᠨ᠎ᠳᠦ ᠪᠠᠢᠯᠭᠠᠵᠤ᠂ ᠵᠢᠯ ᠪᠤᠯᠭᠠᠨ ᠪᠠᠢᠳᠠᠯ᠎ᠢ ᠦᠵᠡᠵᠦ᠍ ᠳᠤᠷᠠᠳᠤᠨ᠎ᠠ ᠭᠡᠵᠦ᠍ ᠲᠣᠳᠣᠷᠬᠠᠢᠯᠠᠪᠠ᠃ ᠡᠲᠡᠭᠡᠷ ᠨᠡᠮᠡᠭ᠌ᠳᠡᠯ᠎ᠦᠨ ᠬᠠᠷᠠᠯᠲᠠ᠎ᠶ᠋ᠢᠨ ᠲᠤᠬᠠᠶ ᠥᠭᠦᠯᠡᠯᠲᠡ ᠨᠢ ᠴᠥᠮ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠣᠭᠠᠨ᠎ᠤ ᠵᠦᠶ ᠵᠣᠬᠢᠰᠲᠠᠶ ᠨᠡᠮᠡᠭ᠌ᠳᠡᠯ᠎ᠢ ᠠᠬᠢᠭᠤᠯᠬᠤ ᠢᠯᠡ ᠲᠣᠳᠣ ᠳᠣᠬᠢᠶ᠎ᠠ᠎ᠶ᠋ᠢ ᠢᠯᠡᠷᠡᠭᠦᠯᠦᠭ᠌ᠰᠡᠨ ᠪᠠᠢᠨ᠎ᠠ᠃

ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ᠎ᠶ᠋ᠢ ᠲᠠᠯᠪᠢᠬᠤ᠎ᠳᠦ ᠡᠷᠬᠡᠪᠰᠢ 《ᠱᠢᠨ᠎ᠡ》 ᠲᠡᠢᠰᠢ ᠬᠦᠴᠦᠯᠡᠬᠦ᠌ ᠬᠡᠷᠡᠭ᠌ᠲᠡᠢ᠃ ᠶᠠᠭ ᠶᠡᠷᠦᠩᠬᠡᠢ ᠱᠦᠵᠢ ᠰᠢ᠎ᠵᠢᠨ᠎ᠫᠢᠩ᠎ᠤᠨ ᠵᠢᠭᠠᠵᠤ ᠭᠠᠷᠭᠠᠭ᠍ᠰᠠᠨᠴᠢᠯᠠᠨ᠄ 《ᠵᠥᠪᠬᠡᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠶᠡᠷᠦᠩᠬᠡᠢ ᠦᠷᠳᠡᠭ᠎ᠤᠨ ᠨᠡᠮᠡᠭ᠌ᠳᠡᠯ᠎ᠢ ᠦᠵᠡᠭᠡᠳ ᠪᠣᠯᠬᠤ ᠦᠭᠡᠢ᠂ ᠤᠳᠤ ᠪᠣᠯ ᠬᠠᠲᠠᠭᠤ ᠪᠣᠳᠠᠲᠤ ᠬᠦᠴᠦᠨ ᠨᠡᠮᠡᠭ᠌ᠳᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠎ᠪᠡᠷ ᠬᠥᠭᠡᠭᠡᠴᠡᠯᠳᠦᠵᠦ᠍ ᠪᠠᠢᠨ᠎ᠠ᠃ ᠲᠠᠰᠤᠷᠠᠯᠲᠠ ᠥᠬᠡᠶ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠦᠨ ᠰᠢᠨᠡᠳᠭᠡᠨ ᠰᠣᠯᠢᠬᠤ᠎ᠪᠡᠷ ᠳᠡᠮᠵᠢᠨ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ ᠬᠡᠷᠡᠭᠲᠡᠢ》᠃

《ᠠᠷᠪᠠᠨ ᠲᠠᠪᠤᠳᠤᠭᠠᠷ ᠲᠠᠪᠤᠨ ᠵᠢᠯ》᠎ᠤᠨ ᠡᠬᠢᠯᠡᠯᠲᠡ᠎ᠶ᠋ᠢᠨ ᠵᠢᠯ᠎ᠳᠦ᠂ ᠳᠥᠷᠪᠡᠨ《ᠱᠢᠨ᠎ᠡ》ᠡᠴᠡ ᠬᠥᠭ᠌ᠵᠢᠯᠲᠡ᠎ᠶ᠋ᠢᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠤᠨ ᠬᠦᠴᠦᠨ᠎ᠦ ᠬᠦᠴᠦᠯᠡᠬᠦ᠌ ᠴᠡᠭ᠎ᠢ ᠡᠵᠡᠮᠱᠢᠬᠦ᠌᠎ᠳᠤ ᠡᠷᠬᠡᠪᠰᠢ ᠱᠢᠰᠲ᠋ᠧᠮᠲᠦ ᠰᠡᠳᠭᠢᠬᠦᠶ᠎ᠪᠠᠷ ᠨᠢᠭᠡ ᠴᠣᠭ᠍ᠴᠠᠵᠢᠭᠤᠯᠤᠨ ᠠᠬᠢᠭᠤᠯᠬᠤ ᠬᠡᠷᠡᠭ᠌ᠲᠡᠶ᠃

《ᠱᠢᠨ᠎ᠡ ᠱᠢᠪᠲᠤᠯᠤᠯᠲᠠ》 — ᠡᠨᠡ ᠪᠣᠯ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠲᠠᠯ᠎ᠠ᠎ᠪᠠᠷ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠶᠠᠪᠤᠳᠠᠯ ᠮᠥᠨ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠠᠵᠤ ᠦᠶ᠋ᠯᠡᠰ᠎ᠤᠨ ᠱᠢᠨ᠎ᠡ᠎ᠶᠢ ᠡᠭᠦᠳᠬᠦ᠌ ᠠᠵᠢᠯ ᠠᠯᠢ ᠣᠯᠠᠨ ᠱᠢᠪᠲᠤᠯᠤᠯᠲᠠ᠎ᠲᠠᠶ ᠪᠣᠯᠵᠣ᠂ ᠨᠢᠭᠡ ᠪᠦᠯᠦᠭ ᠴᠢᠬᠤᠯᠠ ᠶᠡᠬᠡ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠳᠦ ᠱᠢᠪᠲᠤᠯᠤᠯᠲᠠ ᠭᠠᠷᠭᠠᠪᠠ᠃ ᠡᠭᠦᠨ᠎ᠤ ᠬᠠᠮᠲᠤ᠂ ᠮᠠᠨ᠎ᠤ ᠤᠯᠤᠰ᠎ᠤᠨ ᠤᠤᠭᠠᠯ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠮᠥᠨ ᠬᠦ᠌ ᠦᠷᠭᠦᠯᠵᠢᠯᠡᠨ ᠴᠢᠩᠭᠠᠳᠭᠠᠬᠤ ᠴᠢᠬᠤᠯᠠᠲᠠᠢ ᠪᠠᠢᠵᠤ᠂ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠬᠢ᠎ᠶᠢ ᠪᠠᠰᠠ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠴᠢᠬᠤᠯᠠᠲᠠᠢ ᠪᠠᠢᠨ᠎ᠠ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ ᠲᠦᠷᠭᠡᠨ ᠬᠥᠭ᠌ᠵᠢᠵᠦ᠍ ᠪᠠᠢᠭ᠎ᠠ ᠥᠷᠨᠢᠯᠲᠡ ᠳᠣᠣᠷ᠎ᠠ᠂ ᠡᠷᠬᠡᠪᠰᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠥᠪᠡᠷ᠎ᠦᠨ ᠭᠠᠷ᠎ᠲᠠᠭᠠᠨ ᠪᠠᠲᠤ ᠡᠵᠡᠮᠱᠢᠬᠦ᠌ ᠬᠡᠷᠡᠭ᠌ᠲᠡᠢ᠃

《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠬᠦᠲᠦᠯᠪᠦᠷᠢ᠎ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭᠵᠢᠭᠦᠯᠬᠦ ᠰᠢᠨ᠎ᠡ ᠵᠢᠷᠤᠭ ᠲᠥᠰᠥᠪ᠎ᠢ ᠵᠢᠷᠤᠭᠯᠠᠪᠠ᠄《ᠤᠯᠤᠰ᠎ᠤᠨ ᠰᠢᠨ᠎ᠡ᠎ᠶᠢ ᠡᠭᠦᠳᠬᠦ ᠰᠢᠰᠲ᠋ᠸᠮ᠎ᠤᠨ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠢᠯᠡᠳᠲᠡ ᠳᠡᠭᠡᠭᠰᠢᠯᠡᠭᠦᠯᠦᠨ᠎ᠡ》᠂ 《ᠰᠠᠭᠤᠷᠢ ᠰᠤᠳᠤᠯᠭᠠᠨ ᠪᠠ ᠤᠤᠭᠠᠯ ᠰᠢᠨ᠎ᠡ᠎ᠶᠢ ᠡᠭᠦᠳᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠢ ᠲᠦᠷᠭᠡᠨ ᠰᠢᠪᠲᠤᠯᠤᠯᠲᠠ᠎ᠲᠠᠢ ᠪᠣᠯᠭᠠᠨ᠎ᠠ》᠁ ᠡᠳᠡᠭᠡᠷ ᠬᠠᠷᠠᠯᠲᠠ᠎ᠶᠢ ᠪᠡᠶᠡᠯᠡᠭᠦᠯᠬᠦ᠎ᠳᠦ᠂ ᠴᠠᠭ ᠮᠦᠴᠡ ᠪᠢᠳᠡᠨ᠎ᠢ ᠬᠦᠯᠢᠶᠡᠬᠦ ᠦᠭᠡᠢ ᠲᠤᠯᠭᠠᠮ ᠰᠡᠳᠬᠢᠯᠭᠡ᠎ᠪᠡᠷ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠤᠨ ᠪᠣᠭᠣᠮᠲᠠ ᠰᠢᠪᠲᠤᠯᠬᠤ ᠪᠦᠬᠦ ᠬᠡᠯᠬᠢᠶ᠎ᠡ᠎ᠶᠢᠨ ᠪᠠᠢᠷᠢᠯᠠᠭᠤᠯᠤᠯᠲᠠ᠂ ᠰᠢᠰᠲ᠋ᠸᠮᠴᠢᠯᠡᠭᠰᠡᠨ ᠪᠠᠢᠷᠢᠰᠢᠭᠤᠯᠤᠯᠲᠠ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠠᠰᠢᠭ᠍ᠲᠠᠢ ᠪᠠᠢᠷᠢ᠎ᠶᠢ ᠳᠠᠰᠤᠷᠠᠯᠳᠠ ᠦᠭᠡᠢ ᠡᠵᠡᠯᠡᠬᠦ ᠬᠡᠷᠡᠭᠲᠡᠢ᠃

《ᠰᠢᠨ᠎ᠡ ᠠᠷᠭ᠎ᠠ ᠵᠠᠮ》 — ᠡᠨᠡ ᠪᠣᠯ ᠰᠢᠨᠵᠢᠯᠡᠬᠦ ᠤᠬᠠᠭᠠᠨ ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ ᠲᠠᠯ᠎ᠠ᠎ᠪᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠶᠠᠪᠤᠳᠠᠯ ᠮᠦᠨ᠃

ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠤᠯᠤᠰ ᠲᠥᠷᠥ᠎ᠶᠢᠨ ᠵᠥᠪᠯᠡᠯᠭᠡᠨ᠎ᠦ ᠳᠤᠭᠤᠢᠯᠠᠩ ᠬᠠᠮᠲᠤᠷᠠᠭᠰᠠᠨ ᠬᠤᠷᠠᠯ᠎ᠳᠦ ᠣᠷᠣᠯᠴᠠᠬᠤ᠎ᠳᠠᠭᠠᠨ ᠶᠡᠷᠦᠩᠬᠡᠢ ᠱᠦᠵᠢ ᠰᠢ᠎ᠵᠢᠨ᠎ᠫᠢᠩ᠄ 《ᠤᠤᠭᠠᠯ ᠡᠭᠦᠳᠦᠯᠲᠡ᠎ᠶᠢᠨ ᠴᠢᠨᠠᠷᠲᠠᠢ ᠮᠡᠷᠭᠡᠵᠢᠯ᠎ᠢ 〈0〉᠎ᠡᠴᠡ 〈1〉 ᠪᠣᠯᠭᠠᠵᠤ᠂ ᠲᠤᠷᠰᠢᠯᠲᠠ᠎ᠡᠴᠡ ᠤᠨᠳᠤᠤᠰᠢᠭᠤᠯᠤᠯᠲᠠ ᠪᠤᠯᠭᠠᠬᠤ ᠬᠡᠷᠡᠭᠲᠡᠢ᠂ ᠬᠠᠷᠢᠨ ᠥᠭᠦᠯᠡᠯ᠎ᠦᠨ ᠱᠠᠲᠤᠨ᠎ᠳᠤ ᠵᠣᠭᠰᠣᠩᠭᠤᠢᠷᠠᠵᠤ ᠪᠣᠯᠬᠤ ᠦᠭᠡᠢ᠃ ᠬᠣᠢᠰᠢᠳᠠ ᠪᠠᠰᠠ〈1〉᠎ᠶᠢ ᠤᠷᠲᠤᠳᠬᠠᠵᠤ᠂ ᠠᠬᠢᠭᠤᠯᠬᠤ ᠬᠡᠷᠡᠭᠲᠡᠢ》᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠬᠠᠮᠤᠭ᠎ᠤᠨ ᠡᠴᠦᠰ᠎ᠲᠤ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠤᠨᠳᠤᠤᠰᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠠᠬᠤᠢ᠎ᠶᠢᠨ 《ᠬᠣᠶᠠᠷ ᠲᠠᠯ᠎ᠠ》᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ ᠰᠢᠨ᠎ᠡ᠎ᠶᠢ ᠡᠭᠦᠳᠬᠦ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ ᠪᠡᠯᠡ ᠮᠥᠩᠭᠥ᠎ᠶᠢᠨ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠴᠢᠬᠤᠯᠠᠲᠠᠢ ᠭᠡᠵᠦ ᠵᠢᠭᠠᠵᠤ ᠭᠠᠷᠭᠠᠪᠠ᠃

ᠰᠢᠨ᠎ᠡ᠎ᠶᠢ ᠡᠭᠦᠳᠬᠦ ᠬᠡᠯᠬᠢᠶ᠎ᠡ ᠪᠣᠯ ᠵᠢᠯᠤᠭᠤᠳᠤᠮᠵᠢ᠂ ᠠᠵᠤ ᠦᠢᠯᠡᠰ᠎ᠦᠨ ᠬᠡᠯᠬᠢᠶ᠎ᠡ ᠪᠣᠯ ᠠᠴᠢᠶᠠᠯᠠᠪᠤᠷᠢ᠂ ᠪᠡᠯᠡ ᠮᠥᠩᠭᠥᠨ᠎ᠤ ᠬᠡᠯᠬᠢᠶ᠎ᠡ ᠪᠣᠯ ᠴᠢᠰᠤ᠂ ᠴᠢᠳᠠᠪᠤᠷᠢᠲᠠᠨ᠎ᠤ ᠬᠡᠯᠬᠢᠶ᠎ᠡ ᠪᠣᠯ ᠦᠨᠳᠦᠰᠦ ᠰᠠᠭᠤᠷᠢ ᠮᠥᠨ᠃ 《ᠲᠦᠷᠪᠡᠨ ᠬᠡᠯᠬᠢᠶ᠎ᠡ》᠎ᠶᠢᠨ ᠠᠭᠤᠰᠤᠯᠴᠠᠯ ᠨᠢ ᠳᠥᠭᠥᠮᠬᠡᠨ ᠬᠦᠴᠦᠨ ᠵᠦᠢᠯ ᠳᠠᠪᠬᠤᠴᠠᠬᠤ ᠶᠠᠪᠤᠳᠠᠯ ᠪᠢᠰᠢ᠂ ᠮᠥᠨ ᠴᠢᠨᠠᠷ ᠨᠢ ᠡᠯᠸᠮᠸᠨ᠋ᠲ ᠡᠬᠢ ᠪᠠᠶᠠᠯᠢᠭ᠋᠎ᠤᠨ ᠥᠨᠳᠥᠷ ᠪᠦᠲᠦᠮᠵᠢᠲᠡᠢ ᠰᠢᠯᠵᠢᠯᠲᠡ᠂ ᠤᠨᠢᠨ ᠳᠡᠭᠡᠷ᠎ᠡ ᠨᠢ ᠵᠣᠬᠢᠴᠠᠭᠤᠯᠬᠤ ᠪᠠ ᠬᠠᠷᠢᠯᠴᠠᠨ ᠠᠬᠢᠭᠤᠯᠵᠤ᠂ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠢ ᠬᠥᠲᠥᠯᠥᠨ ᠳᠠᠭᠠᠭᠤᠯᠬᠤ᠂ ᠠᠵᠤ ᠦᠢᠯᠡᠰ᠎ᠢᠶᠡᠷ ᠬᠥᠷᠥᠩᠭᠡ ᠲᠠᠲᠠᠬᠤ᠂ ᠬᠥᠷᠥᠩᠭᠡ᠎ᠪᠠᠷ ᠴᠢᠳᠠᠪᠤᠷᠢᠲᠠᠨ᠎ᠢ ᠴᠤᠭᠯᠠᠷᠠᠭᠤᠯᠬᠤ᠂ ᠴᠢᠳᠠᠪᠤᠷᠢᠲᠠᠨ᠎ᠢᠶᠠᠷ ᠰᠢᠨ᠎ᠡ᠎ᠶᠢ ᠡᠭᠦᠳᠬᠦ᠎ᠶᠢ ᠲᠤᠯᠭᠠᠭᠤᠷᠢᠯᠠᠬᠤ ᠰᠠᠢᠨ ᠰᠠᠢᠬᠠᠨ ᠠᠮᠢ ᠠᠬᠤᠢ᠎ᠶᠢᠨ ᠣᠷᠴᠢᠯ᠎ᠢ ᠴᠣᠭᠴᠠᠯᠠᠨ ᠪᠠᠶ᠋ᠢᠭᠤᠯᠬᠤ ᠶᠠᠪᠤᠳᠠᠯ ᠮᠦᠨ᠃

《ᠰᠢᠨ᠎ᠡ ᠪᠠᠢᠳᠠᠯ》 — ᠡᠨᠡ ᠪᠣᠯ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠸᠮ᠎ᠢ ᠪᠠᠶ᠋ᠢᠭᠤᠯᠬᠤ ᠲᠠᠯ᠎ᠠ᠎ᠪᠠᠷ ᠰᠠᠢᠲᠤᠷ ᠪᠠᠢᠷᠢᠯᠠᠭᠤᠯᠬᠤ᠎ᠶᠠᠪᠤᠳᠠᠯ ᠶᠤᠮ᠃

《ᠤᠯᠠᠮᠵᠢᠯᠠᠯᠲᠤ ᠠᠵᠤ ᠦᠢᠯᠡᠰ᠎ᠢ ᠲᠠᠰ ᠳᠡᠪᠰᠢᠬᠦᠯᠬᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠤᠵᠠᠭᠠᠢᠷᠠᠭᠤᠯᠬᠤ᠂ ᠢᠷᠡᠭᠡᠳᠦᠢ᠎ᠶᠢᠨ ᠠᠵᠤ ᠦᠢᠯᠡᠰ᠎ᠢ ᠪᠣᠶ᠋ᠢᠵᠢᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ》᠎ᠡᠴᠡ 《ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠠᠰ ᠳᠡᠪᠰᠢᠭᠦᠯᠬᠦ ᠪᠠ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠂ ᠢᠷᠡᠭᠡᠳᠦᠢ᠎ᠶᠢᠨ ᠠᠵᠤ ᠦᠢᠯᠡᠰ᠎ᠤᠨ ᠰᠢᠨ᠎ᠡ ᠤᠷᠤᠯᠳᠤᠭᠠᠨ᠎ᠤ ᠵᠠᠮ᠎ᠢ ᠨᠡᠭᠡᠭᠡᠬᠦ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠬᠤ》 ᠬᠦᠷᠲᠡᠯ᠎ᠡ᠂ ᠪᠥᠬᠥ ᠤᠯᠤᠰ᠎ᠤᠨ ᠬᠣᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠵᠢᠨ᠎ᠫᠢᠩ ᠠᠵᠤ ᠦᠢᠯᠡᠰ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠬᠠᠮᠵᠢᠯᠴᠠᠨ ᠬᠥᠭᠵᠢᠬᠦ᠎ᠶᠢ ᠠᠩᠬᠠᠷᠬᠤ ᠪᠦᠷᠢ ᠲᠠᠰᠤᠷᠠᠯᠲᠠ ᠦᠭᠡᠢ ᠨᠠᠩ ᠥᠨᠳᠥᠷ ᠱᠠᠭᠠᠷᠳᠠᠯᠭ᠎ᠠ ᠳᠤᠷᠠᠳᠪᠠ᠃

ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠶ᠋ᠢᠨ ᠵᠣᠷᠢᠯᠭ᠎ᠠ ᠨᠢ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠬᠦ᠌᠎ᠶ᠋ᠢᠨ ᠲᠥᠯᠥᠭᠡ ᠶᠤᠮ; ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠨᠢ ᠬᠦᠭᠵᠢᠯᠳᠡ᠎ᠶᠢᠨ ᠬᠦᠴᠦᠷᠬᠡᠭ ᠶᠡᠬᠡ ᠬᠥᠳᠡᠯᠭᠡᠬᠦ᠌ ᠡᠨᠧᠷᠭᠢ᠎ᠶ᠋ᠢ ᠢᠳᠡᠪᠬᠢᠵᠢᠬᠦᠯᠬᠦ᠎ᠶᠢ ᠵᠤᠷᠢᠭᠰᠠᠨ ᠶᠤᠮ; ᠢᠷᠡᠭᠡᠳᠦᠢ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠱᠢᠭᠤᠯᠬᠤ ᠨᠢ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠤᠷᠢᠳᠠᠴᠢ ᠲᠣᠬᠢᠶᠠᠯ᠎ᠢ ᠤᠬᠠᠭᠠᠯᠠᠨ ᠲᠦᠯᠦᠪᠯᠡᠬᠦ᠎ᠳᠦ ᠠᠩᠬᠠᠷᠤᠯ᠎ᠢᠶᠡᠨ ᠬᠠᠨᠳᠤᠭᠤᠯᠪᠠ᠃

ᠪᠡᠭᠡᠵᠢᠩ ᠲᠢᠶᠠᠨᠵᠢᠨ ᠾᠧᠪᠧᠶ ᠠᠮᠢᠳᠤ ᠪᠣᠳᠠᠰ᠎ᠤᠨ ᠡᠮ ᠡᠮᠨᠡᠯᠭᠡ᠂ ᠲᠣᠭᠠᠴᠢᠯᠠᠭ᠍ᠰᠠᠨ ᠠᠵᠤ ᠠᠬᠤᠶ ᠵᠡᠷᠭᠡ ᠬᠦᠷᠢᠶᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠵᠢᠯᠴᠠᠨ ᠬᠥᠭ᠌ᠵᠢᠬᠦ᠌ ᠲᠣᠬᠢᠶᠠᠯ᠎ᠤᠨ ᠨᠠᠷᠢᠨ ᠲᠠᠩᠰᠠ᠎ᠶ᠋ᠢ ᠨᠡᠢᠲᠡᠯᠡᠪᠡ; ᠬᠥᠬᠡᠮᠥ᠋ᠷᠡᠨ᠎ᠦ ᠭᠤᠷᠪᠠᠯᠵᠢᠨ ᠬᠣᠢᠭ 《ᠵᠠᠭᠠᠭ ᠬᠢᠵᠠᠭᠠᠷ ᠥᠬᠡᠶ ᠠᠭᠠᠷ᠎ᠤᠨ ᠣᠷᠣᠨ》᠎ᠤ ᠵᠠᠰᠠᠯᠲᠠ᠎ᠶ᠋ᠢ ᠰᠦᠪᠡᠭ᠌ᠴᠢᠯᠡᠵᠦ᠍᠂ ᠤᠢᠷ᠎ᠠ ᠤᠭᠳᠠᠷᠭᠤᠢ᠎ᠶᠢᠨ ᠠᠵᠤ ᠠᠬᠤᠶ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠪᠠ; ᠵᠦᠵᠢᠶᠠᠩ ᠮᠥᠷᠡᠨ᠎ᠦ ᠭᠤᠷᠪᠠᠯᠵᠢᠨ ᠬᠣᠢᠭ ᠨᠢ 6G ᠵᠡᠷᠭᠡ ᠢᠷᠡᠭᠡᠳᠦᠢ᠎ᠶ᠋ᠢᠨ ᠮᠡᠷᠭᠡᠵᠢᠯ᠎ᠤᠨ ᠠᠵᠤ ᠦᠢᠯᠡᠰᠵᠢᠯᠲᠡ᠎ᠶ᠋ᠢ ᠲᠦᠷᠭᠡᠳᠭᠡᠪᠡ ᠁ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠣᠷᠣᠬᠤᠶ᠎ᠠ᠂ ᠡᠯ᠎ᠡ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠲᠤᠰ ᠲᠤᠰ᠎ᠤᠨ ᠣᠨᠴᠠᠯᠢᠭᠳᠤ᠂ ᠳᠠᠪᠠᠭᠤᠯᠢᠭ ᠬᠠᠷᠢᠯᠴᠠᠨ ᠨᠥᠬᠥᠪᠥᠷᠢᠯᠡᠭ᠌ᠰᠡᠨ ᠠᠵᠤ ᠦᠢᠯᠡᠰ᠎ᠦᠨ ᠪᠦᠯᠦᠭ᠌ᠵᠢᠯ᠎ᠢ ᠪᠠᠢᠭᠤᠯᠵᠤ᠂ ᠬᠥᠳᠡᠯᠭᠡᠬᠦ᠌ ᠡᠨᠧᠷᠭᠢ ᠴᠢᠩᠭ᠎ᠠ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠨ ᠪᠠᠢᠭᠤᠯᠵᠤ ᠪᠠᠢᠨ᠎ᠠ᠃

《ᠱᠢᠨ᠎ᠡ ᠦᠷ᠎ᠡ ᠪᠦᠲᠦᠭᠡᠯ》 — ᠡᠨᠡ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠦᠭ᠌ᠵᠢᠷᠡᠯ᠎ᠢ ᠨᠡᠪᠳᠡᠷᠡᠬᠦᠯᠬᠦ ᠲᠠᠯ᠎ᠠ᠎ᠪᠠᠷ ᠬᠦᠴᠢᠷ᠎ᠢ ᠰᠠᠢᠳᠤᠷ ᠱᠢᠢᠳᠪᠦᠷᠢᠯᠡᠬᠦ᠌ ᠶᠠᠪᠤᠳᠠᠯ ᠪᠣᠯᠤᠨ᠎ᠠ᠃

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠨᠢ ᠱᠢᠨ᠎ᠡ ᠮᠡᠷᠭᠡᠵᠢᠯ᠂ ᠱᠢᠨ᠎ᠡ ᠠᠵᠤ ᠦᠢᠯᠡᠰ᠂ ᠱᠢᠨ᠎ᠡ ᠵᠠᠭ᠍ᠪᠤᠷ᠎ᠢᠶᠠᠷ ᠬᠥᠳᠡᠯᠭᠡᠭᠦᠷ ᠪᠣᠯᠭᠠᠳᠠᠭ᠂ ᠬᠡᠷᠪᠡ ᠳᠦᠷᠢᠮ᠎ᠤᠨ ᠣᠷᠴᠢᠨ ᠨᠥᠬᠥᠴᠡᠯ ᠠᠨᠠᠢ ᠪᠣᠯ ᠱᠢᠨ᠎ᠡ᠎ᠶ᠋ᠢ ᠡᠭᠦᠳᠬᠦ᠌᠂ ᠬᠥᠭ᠌ᠵᠢᠭᠦᠯᠬᠦ᠌᠂ ᠬᠡᠷᠡᠭ᠌ᠯᠡᠬᠦ᠌ ᠵᠡᠷᠭᠡ ᠡᠯ᠎ᠡ ᠭᠣᠭ᠍ᠴᠣᠭ᠎ᠠ᠎ᠳᠤ ᠠᠮᠠᠷᠬᠠᠨ ᠬᠠᠷᠰᠢ ᠰᠠᠭᠠᠳ ᠪᠣᠯᠳᠠᠭ᠃ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠬᠤ ᠪᠣᠯ ᠮᠥᠨ ᠴᠢᠨᠠᠷ ᠳᠡᠭᠡᠷ᠎ᠡ᠎ᠪᠠᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠯᠦᠭᠡ ᠵᠣᠬᠢᠴᠠᠭ᠍ᠰᠠᠨ ᠱᠢᠨ᠎ᠡ ᠮᠠᠶᠢᠭ᠎ᠤᠨ ᠦᠢᠯᠡᠳᠪᠦᠷᠢᠯᠡᠯ᠎ᠤᠨ ᠬᠠᠷᠢᠴᠠᠭ᠎ᠠ᠎ᠶ᠋ᠢ ᠲᠡᠭᠦᠯᠳᠡᠷᠵᠢᠭᠦᠯᠬᠦ᠌ ᠶᠠᠪᠤᠳᠠᠯ ᠪᠣᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠳᠤᠷᠠᠳᠤᠭᠰᠠᠨ᠎ᠢᠶᠠᠷ᠂ 《ᠢᠷᠡᠭᠡᠳᠦᠢ᠎ᠶ᠋ᠢᠨ ᠠᠵᠤ ᠦᠢᠯᠡᠰ᠎ᠤᠨ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ ᠪᠣᠯᠤᠨ ᠠᠶᠤᠯ ᠲᠦᠭ᠌ᠰᠢᠭᠦᠷᠢ᠎ᠶᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠪᠠᠢᠭᠤᠯᠤᠨ᠎ᠠ》᠂ 《ᠥᠷᠢᠰᠥᠯᠳᠦᠭᠡᠨ᠎ᠤ ᠴᠢᠨᠠᠷᠲᠠᠢ ᠳᠡᠮᠵᠢᠯᠭᠡ ᠪᠣᠯᠤᠨ ᠲᠣᠭ᠍ᠲᠠᠭᠤᠨ᠎ᠢᠶᠠᠷ ᠳᠡᠮᠵᠢᠬᠦ᠌᠎ᠶ᠋ᠢ ᠬᠠᠷᠢᠯᠴᠠᠨ ᠤᠶᠠᠯᠳᠤᠭᠤᠯᠤᠭ᠍ᠰᠠᠨ ᠪᠡᠯᠡ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ》᠂ 《ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠬᠤ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ》᠁ ᠂ ᠠᠯᠢ ᠤᠯᠠᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ᠎ᠤ ᠵᠠᠮ᠎ᠤᠨ ᠳᠦᠷᠢᠮ᠎ᠤᠨ ᠬᠠᠩᠭᠠᠯᠭ᠎ᠠ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠪᠤᠢᠵᠢᠯᠳᠠ᠎ᠳᠦ ᠨᠡᠩ ᠦᠷᠭᠡᠨ ᠠᠭᠤᠳᠠᠮ ᠤᠷᠤᠨ ᠵᠠᠢ᠎ᠶᠢ ᠳᠠᠰᠤᠷᠠᠯᠳᠠ ᠦᠭᠡᠢ ᠨᠡᠭᠡᠭᠡᠵᠦ ᠦᠭᠴᠡᠢ᠃

ᠳᠥᠷᠪᠡᠨ 《ᠱᠢᠨ᠎ᠡ》 ᠨᠢ ᠴᠢᠭ᠌ᠯᠡᠯ᠎ᠢ ᠵᠢᠭᠠᠵᠤ ᠦᠭᠭᠦᠭᠰᠡᠨ ᠪᠥᠭᠡᠳ ᠪᠠᠰᠠ ᠴᠤ᠌ ᠠᠷᠭ᠎ᠠ ᠵᠠᠮ᠎ᠢ ᠲᠣᠳᠣᠷᠬᠠᠢᠯᠠᠪᠠ᠃ 《ᠱᠢᠨ᠎ᠡ》᠎ᠡᠴᠡ ᠡᠭᠦᠰᠴᠦ᠍ ᠂ 《ᠴᠢᠨᠠᠷ ᠰᠠᠢᠲᠠᠢ》 ᠲᠡᠢᠰᠢ ᠤᠷᠤᠭ᠍ᠰᠢᠯᠠᠵᠤ᠂ ᠲᠦᠷᠪᠡᠨ 《ᠱᠢᠨ᠎ᠡ》᠎ᠶᠢᠨ ᠱᠠᠭᠠᠷᠳᠠᠯᠭ᠎ᠠ᠎ᠶ᠋ᠢ ᠯᠠᠪᠳᠠᠭᠤᠨ ᠪᠠᠲᠤᠲᠠᠢ ᠠᠮᠢᠳᠤᠯᠢᠭ ᠦᠢᠯᠡᠳᠦᠯᠭᠡ ᠪᠣᠯᠭᠠᠨ ᠤᠨᠳᠤᠤᠰᠢᠭᠤᠯᠪᠠᠯ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠯᠠᠪᠲᠠᠢ ᠨᠡᠭᠡᠭᠡᠬᠦ᠌ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ