ᠰᠢ᠎ᠵᠢᠨ᠎ᠫᠢᠩ ᠹᠷᠠᠨᠼᠢ᠎ᠶᠢᠨ ᠣᠯᠠᠨ ᠤᠯᠤᠰ᠎ᠤᠨ ᠰᠤᠷᠭᠠᠭᠤᠯᠢ᠎ᠶ᠋ᠢᠨ ᠬᠢᠲᠠᠳ ᠬᠡᠯᠡᠨ᠎ᠤ ᠠᠩᠭᠢ᠎ᠶᠢᠨ ᠪᠠᠭ᠍ᠰᠢ ᠰᠤᠷᠤᠭ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2026-03-19
ᠣᠢᠷ᠎ᠠ᠎ᠵᠢᠨ ᠡᠳᠤᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠹᠷᠠᠨᠼᠢ᠎ᠶᠢᠨ ᠫᠷᠦ᠋ᠸᠠᠨᠰ — ᠠᠯᠫᠰ — ᠴᠡᠩᠬᠡᠷ ᠲᠡᠯᠡᠶ᠎ᠶᠢᠨ ᠬᠦᠪᠡᠭᠡ ᠶᠡᠬᠡ ᠲᠣᠭᠣᠷᠢᠭ᠎ᠤᠨ ᠣᠯᠠᠨ ᠤᠯᠤᠰ᠎ᠤᠨ ᠰᠤᠷᠭᠠᠭᠤᠯᠢ᠎ᠶᠢᠨ ᠬᠢᠲᠠᠳ ᠬᠡᠯᠡᠨ᠎ᠦ ᠠᠩᠭᠢ᠎ᠶᠢᠨ ᠪᠠᠭ᠍ᠰᠢ ᠰᠤᠷᠤᠭ᠍ᠴᠢᠳ᠎ᠲᠤ ᠬᠠᠷᠢᠭᠤ ᠵᠠᠬᠢᠳᠠᠯ ᠢᠯᠡᠭᠡᠵᠦ᠍᠂ ᠲᠠᠳᠠ ᠪᠣᠯᠤᠨ ᠪᠥᠬᠥ᠌ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠲᠤ ᠰᠠᠢᠨ ᠰᠠᠢᠬᠠᠨ ᠵᠥᠩᠨᠡᠯ ᠳᠡᠪᠱᠢᠭᠦᠯᠪᠡ᠃
ᠰᠢ᠎ᠵᠢᠨ᠎ᠫᠢᠩ᠂ ᠬᠢᠳᠡᠳ ᠬᠡᠯᠡ ᠲᠤᠮᠳᠠᠳᠤ᠎ᠶᠢᠨ 5000 ᠵᠢᠯ᠎ᠤᠨ ᠪᠣᠯᠪᠠᠰᠤᠨ᠎ᠢ ᠠᠴᠢᠶᠠᠯᠠᠵᠤ᠂ ᠵᠢᠵᠢᠭᠭᠡᠨ ᠳᠥᠷᠪᠡᠯᠵᠢᠨ ᠦᠰᠦᠭ᠎ᠲᠤ ᠲᠡᠦᠬᠡ᠎ᠶᠢᠨ ᠶᠡᠬᠡ ᠤᠶᠤᠨ ᠤᠬᠠᠭᠠᠨ᠎ᠢ ᠠᠭᠤᠯᠵᠤ ᠪᠠᠢᠳᠠᠭ᠃
ᠬᠢᠲᠠᠳ ᠬᠡᠯᠡ ᠰᠤᠷᠤᠯᠴᠠᠬᠤ ᠨᠢ ᠡᠷᠲᠡᠨ᠎ᠤ ᠪᠥᠭᠡᠳ ᠣᠲᠣ ᠦᠶ᠎ᠡ᠎ᠶᠢᠨ ᠳᠤᠮᠳᠠᠳᠤ ᠤᠯᠤᠰ᠎ᠢ ᠣᠢᠯᠠᠭᠠᠬᠤ᠎ᠳᠦ ᠠᠱᠢᠭ᠍ᠲᠠᠶ ᠮᠦᠷᠲᠡᠭᠡᠨ ᠪᠠᠰᠠ ᠳᠤᠮᠳᠠᠳᠤ ᠹᠷᠠᠨᠼᠢ ᠬᠣᠶᠠᠷ ᠤᠯᠤᠰ᠎ᠤᠨ ᠨᠠᠩ ᠰᠠᠢᠨ ᠰᠠᠢᠬᠠᠨ ᠢᠷᠡᠭᠡᠳᠦᠶ᠎ᠳᠤ ᠨᠡᠪᠲᠡᠷᠡᠬᠦ᠌ ᠬᠥᠭᠥᠷᠭᠡ᠎ᠶᠢ ᠴᠣᠭ᠍ᠴᠠᠯᠠᠬᠤ᠎ᠳᠦ ᠠᠱᠢᠭ᠍ᠲᠠᠶ ᠶᠤᠮ ᠭᠡᠵᠤ ᠢᠯᠡᠳᠭᠡᠪᠡ᠃
ᠰᠢ᠎ᠵᠢᠨ᠎ᠫᠢᠩ᠂ ᠲᠠ ᠨᠠᠷ ᠪᠣᠯᠤᠨ ᠹᠷᠠᠨᠼᠢ᠂ ᠧᠦ᠋ᠷᠣᠫᠠ ᠲᠢᠪ᠎ᠤᠨ ᠨᠡᠩ ᠤᠯᠠᠨ ᠵᠠᠯᠠᠭᠤᠴᠤᠳ ᠪᠠᠭᠠᠴᠤᠳ᠎ᠤᠨ ᠳᠤᠮᠳᠠᠳᠤ ᠤᠯᠤᠰ᠎ᠲᠤ ᠢᠷᠡᠵᠤ ᠰᠤᠷᠤᠯᠴᠠᠵᠤ᠂ ᠠᠢᠯᠴᠢᠯᠠᠵᠤ᠂ ᠵᠢᠭᠤᠯᠴᠢᠯᠠᠵᠤ᠂ ᠦᠨᠡᠨ ᠪᠣᠳᠠᠲᠠᠢ ᠪᠣᠰᠣᠭ᠎ᠠ ᠴᠣᠭ᠍ᠴᠠᠲᠤ᠂ ᠨᠡᠭᠡᠭᠡᠯᠲᠡᠲᠤ ᠲᠠᠪᠱᠢᠯᠳᠠ ᠲᠠᠶ ᠳᠤᠮᠳᠠᠳᠤ ᠤᠯᠤᠰ᠎ᠢ ᠪᠡᠶᠡᠴᠢᠯᠡᠨ ᠣᠢᠯᠠᠭᠠᠵᠤ᠂ ᠬᠢᠲᠠᠳ ᠬᠡᠯᠡ ᠲᠠ ᠨᠠᠷ᠎ᠤᠨ ᠦᠰᠦᠨ ᠪᠣᠢᠵᠢᠯᠳᠠ᠎ᠶᠢᠨ ᠶᠠᠪᠤᠴᠠ ᠳ᠋ᠡᠬᠢ ᠨᠠᠢᠵᠠ ᠪᠣᠯᠬᠤ᠎ᠶᠢ ᠬᠦᠰᠡᠵᠤ ᠪᠠᠢᠨ᠎ᠠ ᠭᠡᠵᠤ ᠴᠢᠬᠤᠯᠠᠴᠢᠯᠠᠪᠠ᠃
ᠰᠢ᠎ᠵᠢᠨ᠎ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ ᠪᠢᠯᠢᠭ ᠦᠨ ᠤᠯᠠᠷᠢᠯ᠎ᠤᠨ ᠮᠤᠷᠢᠨ ᠵᠢᠯ ᠶᠤᠮ᠃ ᠮᠣᠷᠢ ᠨᠢ ᠤᠶᠠᠨ ᠬᠠᠳᠠᠨ᠂ ᠰᠦᠰᠦ ᠵᠣᠷᠢᠭ ᠪᠤᠯᠤᠨ ᠤᠷᠤᠬᠰᠢᠯᠠᠯᠲᠠ ᠲᠠᠪᠰᠢᠯᠳᠠ᠎ᠶᠢ ᠪᠡᠯᠭᠡᠳᠡᠳᠡᠭ᠃ ᠰᠤᠷᠤᠭ᠍ᠴᠢ ᠨᠦᠬᠦᠳ ᠨᠠᠷ᠎ᠤᠨ ᠠᠵᠢᠨᠠᠢ ᠬᠥᠯᠥᠭ ᠰᠢᠭ ᠮᠠᠨᠭᠯᠠᠢᠯᠠᠨ᠂ ᠳᠤᠮᠳᠠᠳᠤ ᠹᠷᠠᠨᠼᠢ᠂ ᠳᠤᠮᠳᠠᠳᠤ ᠧᠦ᠋ᠷᠣᠫᠠ᠎ᠶᠢᠨ ᠨᠥᠬᠥᠷᠰᠡᠭ ᠬᠠᠮᠲᠤᠷᠠᠯᠴᠠᠭ᠎ᠠ᠎ᠶᠢ ᠠᠬᠢᠭᠤᠯᠬᠤ ᠲᠤᠯᠭᠠᠭᠤᠷᠢ ᠬᠦᠴᠦᠨ ᠪᠣᠯᠬᠤ᠎ᠶᠢ ᠬᠦᠰᠡᠵᠦ᠍ ᠪᠠᠢᠨ᠎ᠠ ᠭᠡᠵᠤ ᠵᠢᠭᠠᠵᠤ ᠭᠠᠷᠭᠠᠪᠠ᠃
ᠲᠦᠷᠦᠭᠦᠬᠡᠨ᠂ ᠹᠷᠠᠨᠼᠢ᠎ᠶ᠋ᠢᠨ ᠫᠷᠦᠸᠠᠨᠰ— ᠠᠯᠫᠰ — ᠴᠡᠩᠬᠡᠷ ᠳᠠᠯᠠᠢ᠎ᠶ᠋ᠢᠨ ᠬᠦᠪᠡᠭᠡ ᠶᠡᠬᠡ ᠲᠣᠭᠣᠷᠢᠭ᠎ᠤᠨ ᠤᠯᠠᠨ ᠤᠯᠤᠰ᠎ᠤᠨ ᠰᠤᠷᠭᠠᠭᠤᠯᠢ᠎ᠶ᠋ᠢᠨ ᠬᠢᠲᠠᠳ ᠬᠡᠯᠡᠨ᠎ᠤ ᠠᠩᠬᠢ᠎ᠶᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢᠳ ᠲᠡᠷᠢᠭᠦᠯᠡᠭ᠌ᠴᠢ ᠰᠢ᠎ᠵᠢᠨ᠎ᠫᠢᠩ᠎ᠳᠦ ᠵᠠᠬᠢᠳᠠᠯ ᠢᠯᠡᠭᠡᠵᠦ᠍᠂ ᠬᠢᠲᠠᠳ ᠬᠡᠯᠡ ᠰᠤᠷᠤᠯᠴᠠᠭ᠍ᠰᠠᠨ ᠲᠦᠷᠦᠭ᠌ᠳᠡᠯ ᠪᠣᠯᠤᠨ ᠳᠤᠮᠳᠠᠳᠤ ᠤᠯᠤᠰ᠎ᠤᠨ ᠰᠣᠶᠣᠯ᠎ᠢ ᠪᠠᠬᠠᠷᠬᠠᠵᠤ ᠪᠠᠢᠬᠤ᠎ᠪᠠᠨ ᠬᠤᠪᠢᠶᠠᠯᠴᠠᠵᠤ᠂ ᠳᠤᠮᠳᠠᠳᠤ ᠹᠷᠠᠨᠼᠢ᠎ᠶᠢᠨ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ᠎ᠶ᠋ᠢ ᠠᠬᠢᠭᠤᠯᠬᠤ᠂ ᠳᠤᠮᠳᠠᠳᠤ ᠹᠷᠠᠨᠼᠢ᠎ᠶᠢᠨ ᠤᠯᠠᠮᠵᠢᠯᠠᠯᠲᠤ ᠨᠥᠬᠥᠷᠯᠡᠯ᠎ᠢ ᠭᠦᠨᠵᠡᠭᠡᠢᠷᠡᠭᠦᠯᠬᠦ᠌ ᠢᠳᠡᠪᠬᠢ ᠬᠦᠰᠡᠯ ᠰᠠᠨᠠᠭ᠎ᠠ᠎ᠪᠡᠨ ᠢᠯᠡᠳᠭᠡᠵᠠᠢ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ