ᠲᠡᠷᠢᠭᠦᠨ ᠬᠠᠭᠤᠳᠠᠰᠤ   -   ᠲᠡᠷᠢᠭᠦᠨ ᠮᠡᠳᠡᠭᠡ

《ᠦᠨᠡᠨ》 ᠰᠡᠳᠭᠦᠯ ᠶᠡᠷᠤᠩᠬᠡᠢ ᠱᠦᠵᠢ ᠰᠢ᠎ᠵᠢᠨ᠎ᠫᠢᠩ᠎ᠦᠨ ᠴᠢᠬᠣᠯᠠ ᠵᠣᠬᠢᠶᠠᠯ᠎ᠢ ᠨᠡᠢ᠌ᠲᠡᠯᠡᠪᠡ ᠲᠡᠯᠡᠶ ᠲᠠᠩᠭᠢᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ

ᠨᠡᠶ᠋ᠢᠲᠡᠯᠡᠭᠰᠡᠨ ᠴᠠᠭ᠄   2026-03-19

3 ᠰᠠᠷ᠎ᠠ᠎ᠶ᠋ᠢᠨ 16᠎ᠤ᠋ ᠡᠳᠦᠷ ᠬᠡᠪᠯᠡᠭ᠌ᠳᠡᠬᠰᠡᠨ 6 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ ᠰᠢ᠎ᠵᠢᠨ᠎ᠫᠢᠩ᠎ᠦᠨ 《ᠲᠡᠯᠡᠶ ᠲᠠᠩᠭᠢᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ》 ᠭᠡᠬᠦ᠌ ᠴᠢᠬᠤᠯᠠ ᠵᠣᠬᠢᠶᠠᠯ᠎ᠢ ᠨᠡᠢᠲᠡᠯᠡᠪᠡ᠃

ᠵᠣᠬᠢᠶᠠᠯ᠎ᠳᠤ᠂ ᠮᠠᠨ᠎ᠤ ᠤᠯᠤᠰ ᠳᠠᠯᠠᠢ ᠲᠠᠩᠭᠢᠰ᠎ᠢ ᠡᠵᠡᠮᠳᠡᠨ ᠵᠠᠰᠠᠵᠤ᠂ ᠳᠠᠯᠠᠢ ᠲᠠᠩᠭᠢᠰ᠎ᠢ ᠨᠡᠭᠡᠭᠡᠨ ᠬᠥᠭ᠌ᠵᠢᠭᠦᠯᠦᠭ᠌ᠰᠡᠨ ᠥᠨᠢ ᠤᠳᠠᠭᠠᠨ ᠲᠡᠦᠬᠡ᠎ᠲᠡᠶ ᠶᠤᠮ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠪᠢᠳᠡ ᠳᠠᠯᠠᠢ ᠲᠠᠩᠭᠢᠰ᠎ᠢ ᠡᠮᠬᠢ ᠵᠢᠷᠤᠮ᠎ᠲᠠᠶ᠎ᠪᠠᠷ ᠨᠡᠭᠡᠭᠡᠨ ᠠᠱᠢᠭ᠍ᠯᠠᠪᠠ᠃ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠦ ᠳᠠᠷᠠᠭ᠎ᠠ᠂ ᠮᠠᠨ᠎ᠤ ᠤᠯᠤᠰ᠎ᠤᠨ ᠲᠡᠯᠡᠶ ᠲᠠᠩᠭᠢᠰ᠎ᠤᠨ ᠠᠵᠤ ᠠᠬᠤᠶ ᠲᠦᠷᠭᠡᠨ ᠬᠥᠭ᠌ᠵᠢᠬᠦ᠌ ᠬᠤᠭᠤᠴᠠᠭᠠᠨ᠎ᠳᠤ ᠣᠷᠣᠵᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠡᠷᠬᠡᠪᠰᠢ ᠳᠠᠯᠠᠢ ᠲᠠᠩᠭᠢᠰ᠎ᠢ ᠥᠨᠳᠥᠷ ᠪᠦᠲᠦᠮᠵᠢᠲᠡᠢ᠎ᠪᠡᠷ ᠨᠡᠭᠡᠭᠡᠨ ᠠᠱᠢᠭ᠍ᠯᠠᠵᠤ᠂ ᠳᠠᠯᠠᠢ ᠲᠠᠩᠭᠢᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠳᠠᠯᠠᠢ᠎ᠶ᠋ᠢ ᠵᠣᠷᠢᠨ ᠬᠦᠴᠦᠷᠬᠡᠭ᠌ᠵᠢᠬᠦ᠌ ᠵᠠᠮ᠎ᠢᠶᠠᠷ ᠵᠠᠮᠨᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠵᠣᠬᠢᠶᠠᠯ᠎ᠳᠤ᠂ ᠶᠡᠬᠡ ᠰᠡᠳᠭᠢᠮᠵᠢ᠎ᠶ᠋ᠢᠨ ᠲᠠᠯ᠎ᠠ᠎ᠪᠠᠷ᠂ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ᠎ᠶ᠋ᠢ ᠨᠡᠩ ᠴᠢᠬᠤᠯᠠᠴᠢᠯᠠᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠳᠦ ᠳᠠᠷᠤᠢᠬᠠᠨ ᠱᠢᠪᠲᠤᠯᠤᠯᠲᠠ ᠭᠠᠷᠭᠠᠵᠤ᠂ ᠲᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠥᠨᠳᠥᠷ ᠲᠦᠪᠱᠢᠨ᠎ᠪᠦᠬᠦᠢ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠢ; ᠥᠨᠳᠥᠷ ᠪᠦᠲᠦᠮᠵᠢᠲᠡᠢ᠎ᠪᠡᠷ ᠬᠠᠮᠵᠢᠯᠴᠠᠬᠤ᠎ᠶ᠋ᠢ ᠨᠡᠩ ᠴᠢᠬᠤᠯᠠᠴᠢᠯᠠᠵᠤ᠂ ᠡᠬᠡ ᠬᠠᠭᠤᠷᠠᠢ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ᠌᠂ ᠠᠭᠤᠯᠠ ᠳᠠᠯᠠᠢ ᠬᠣᠯᠪᠣᠭᠠᠯᠠᠨ ᠬᠥᠳᠡᠯᠦᠯᠴᠡᠬᠦ᠌᠎ᠶ᠋ᠢ ᠪᠠᠷᠢᠮᠲᠠᠯᠠᠵᠤ᠂ ᠬᠠᠮᠵᠢᠯᠴᠠᠨ ᠬᠥᠭ᠌ᠵᠢᠬᠦ᠌ ᠬᠠᠮᠲᠤᠷᠠᠯ ᠬᠦᠴᠦᠨ᠎ᠢ ᠴᠢᠩᠭᠠᠳᠭᠠᠬᠤ ᠬᠡᠷᠡᠭ᠌ᠲᠡᠢ; ᠠᠵᠤ ᠦᠢᠯᠡᠰ᠎ᠦᠨ ᠱᠢᠨᠡᠴᠢᠯᠡᠯᠲᠡ᠎ᠶ᠋ᠢ ᠨᠡᠩ ᠴᠢᠬᠤᠯᠠᠴᠢᠯᠠᠵᠤ᠂ ᠲᠠᠯᠠᠢ ᠲᠠᠩᠭᠢᠰ᠎ᠤᠨ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠵᠤ᠂ ᠲᠠᠯᠠᠢ ᠲᠠᠩᠭᠢᠰ᠎ᠤᠨ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠲᠠᠯᠠᠢ ᠲᠠᠩᠭᠢᠰ᠎ᠤᠨ ᠢᠷᠡᠭᠡᠳᠦᠢ᠎ᠶᠢᠨ ᠠᠵᠤ ᠦᠢᠯᠡᠰ᠎ᠢ ᠢᠳᠡᠪᠬᠢᠲᠡᠢ ᠪᠣᠢᠵᠢᠭᠤᠯᠵᠤ᠂ ᠤᠳᠤ ᠦᠶ᠎ᠡ᠎ᠶ᠋ᠢᠨ ᠲᠠᠯᠠᠢ ᠲᠠᠩᠭᠢᠰ᠎ᠤᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠬᠡᠷᠡᠭᠲᠡᠢ; ᠬᠥᠮᠦᠨ ᠳᠠᠯᠠᠢ᠎ᠶ᠋ᠢᠨ ᠡᠶ᠎ᠡ ᠵᠣᠬᠢᠴᠠᠯ᠎ᠢ ᠨᠡᠩ ᠴᠢᠬᠤᠯᠠᠴᠢᠯᠠᠵᠤ᠂ ᠳᠠᠯᠠᠢ ᠲᠠᠩᠭᠢᠰ᠎ᠤᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠬᠠᠮᠠᠭᠠᠯᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠦᠷᠭᠦᠯᠵᠢᠯᠡᠬᠦ᠌ ᠲᠠᠯᠠᠢ ᠲᠠᠩᠭᠢᠰ᠎ᠤᠨ ᠠᠮᠢ ᠠᠬᠤᠢ᠎ᠶ᠋ᠢᠨ ᠣᠷᠴᠢᠨ ᠨᠥᠬᠥᠴᠡᠯ᠎ᠢ ᠪᠦᠳᠦᠭᠡᠨ ᠪᠠᠢᠭᠤᠯᠵᠤ᠂ ᠬᠥᠮᠦᠨ ᠳᠠᠯᠠᠢ᠎ᠶ᠋ᠢᠨ ᠰᠠᠢ᠌ᠨ ᠬᠤᠷᠰᠢᠯᠴᠠᠯ᠎ᠦᠨ ᠱᠢᠨ᠎ᠡ ᠪᠠᠢᠷᠢᠱᠢᠯ᠎ᠢ ᠪᠤᠢ ᠪᠤᠯᠭᠠᠬᠤ ᠬᠡᠷᠡᠭᠲᠡᠢ; ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠨᠡᠩ ᠴᠢᠬᠤᠯᠠᠴᠢᠯᠠᠵᠤ᠂ ᠪᠦᠬᠦ᠌ ᠪᠥᠮᠪᠥᠷᠴᠡᠭ᠎ᠦᠨ ᠲᠠᠯᠠᠢ ᠲᠠᠩᠭᠢᠰ᠎ᠤᠨ ᠵᠠᠰᠠᠯᠲᠠ᠎ᠳᠤ ᠰᠠᠨᠠᠭᠠᠴᠢᠯᠠᠭ᠎ᠠ᠎ᠡᠴᠡ᠎ᠪᠠᠨ ᠣᠷᠣᠯᠴᠠᠵᠤ᠂ ᠲᠠᠯᠠᠢ ᠲᠠᠩᠭᠢᠰ᠎ᠤᠨ ᠡᠨᠧᠷᠭᠢ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠡᠩᠬᠡ ᠲᠠᠢᠪᠤᠩ᠎ᠢᠶᠠᠷ ᠠᠱᠢᠭ᠍ᠯᠠᠵᠤ᠂ ᠮᠠᠨ᠎ᠤ ᠤᠯᠤᠰ᠎ᠤᠨ ᠨᠤᠲᠤᠭ ᠳᠡᠪᠢᠰᠭᠡᠷ᠎ᠦᠨ ᠡᠷᠬᠡ ᠮᠡᠳᠡᠯ ᠪᠣᠯᠤᠨ ᠲᠠᠯᠠᠢ ᠲᠠᠩᠭᠢᠰ᠎ᠤᠨ ᠡᠷᠬᠡ ᠠᠱᠢᠭ᠎ᠢ ᠡᠷᠡᠰ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠪᠣᠳᠠᠲᠠᠢ ᠠᠵᠢᠯ᠎ᠤᠨ ᠲᠠᠯ᠎ᠠ᠎ᠪᠠᠷ᠂ 6 ᠲᠠᠯ᠎ᠠ᠎ᠶ᠋ᠢ ᠭᠣᠣᠯᠳᠠᠯᠭ᠎ᠠ᠎ᠲᠠᠶ ᠰᠠᠢᠲᠤᠷ ᠠᠳᠭᠤᠬᠤ ᠬᠡᠷᠡᠭ᠌ᠲᠡᠢ᠃ ᠨᠢᠭᠡᠳᠦᠭᠡᠷ᠎ᠲᠦ᠂ ᠦᠵᠦ᠍ ᠲᠥᠯᠥᠪᠯᠡᠭᠡ ᠪᠣᠯᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠠᠯᠠᠢ ᠲᠠᠩᠭᠢᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠠᠵᠤ ᠦᠢᠯᠡᠰ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠡᠳ᠋᠎ᠦᠨ ᠵᠠᠰᠠᠭ ᠭᠠᠢᠯᠢ᠂ ᠮᠥᠩᠭᠥᠨ ᠭᠦᠢᠯᠭᠡᠭᠡ ᠵᠡᠷᠭᠡ ᠲᠠᠯ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠵᠤ᠂ ᠨᠡᠢᠭᠡᠮ᠎ᠦᠨ ᠬᠦᠷᠦᠨᠭ᠌ᠭᠡ᠎ᠶ᠋ᠢᠨ ᠲᠠᠯᠠᠢ ᠲᠠᠩᠭᠢᠰ᠎ᠤᠨ ᠠᠵᠤ ᠠᠬᠤᠢ᠎ᠶ᠋ᠢ ᠬᠥᠭ᠌ᠵᠢᠭᠦᠯᠬᠦ᠌᠎ᠳᠦ ᠢᠳᠡᠪᠬᠢᠲᠡᠢ ᠣᠷᠣᠯᠴᠠᠬᠤ᠎ᠶ᠋ᠢ ᠵᠣᠷᠢᠭ᠍ᠵᠢᠭᠤᠯᠤᠨ ᠬᠦᠳᠦᠯᠦᠨ ᠵᠢᠯᠣᠭᠣᠳᠬᠤ ᠬᠡᠷᠡᠭᠲᠡᠢ᠃ ᠬᠣᠶᠠᠳᠤᠭᠠᠷ᠎ᠲᠤ᠂ ᠲᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠲᠡᠢ᠃ ᠳᠠᠯᠠᠢ ᠲᠠᠩᠭᠢᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠢ ᠴᠢᠩᠭᠠᠷᠠᠭᠤᠯᠵᠤ᠂ ᠳᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠪᠠ ᠲᠤᠰᠭᠠᠢᠵᠢᠭᠰᠠᠨ ᠨᠠᠷᠢᠯᠢᠭᠵᠢᠭᠰᠠᠨ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠪᠣᠢᠵᠢᠭᠤᠯᠤᠨ ᠬᠥᠭ᠌ᠵᠢᠭᠦᠯᠬᠦ ᠬᠡᠷᠡᠭᠲᠡᠢ᠃ ᠭᠤᠷᠪᠠᠳᠤᠭᠠᠷ᠎ᠲᠤ᠂ ᠲᠠᠯᠠᠢ ᠲᠠᠩᠭᠢᠰ᠎ᠤᠨ ᠠᠵᠤ ᠦᠢᠯᠡᠰ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ ᠬᠡᠷᠡᠭᠲᠡᠢ᠃ ᠳᠠᠯᠠᠢ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠢ ᠵᠢᠷᠤᠮᠵᠢᠯ᠎ᠲᠠᠶ ᠡᠮᠬᠢ ᠵᠢᠷᠤᠮ᠎ᠲᠠᠶ ᠪᠦᠲᠦᠭᠡᠨ ᠪᠠᠢᠭᠤᠯᠬᠤ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠠᠯᠤᠰ ᠳᠠᠯᠠᠢ᠎ᠳᠦ ᠠᠩᠨᠠᠵᠤ ᠱᠦᠭᠦᠬᠦ᠌᠎ᠦᠢᠯᠡᠰ᠎ᠢ ᠬᠥᠭ᠌ᠵᠢᠭᠦᠯᠵᠦ᠍᠂ ᠳᠠᠯᠠᠢ ᠲᠠᠩᠭᠢᠰ᠎ᠤᠨ ᠠᠮᠢᠳᠤ ᠪᠣᠳᠠᠰ᠎ᠤᠨ ᠡᠮ ᠡᠮᠨᠡᠯᠭᠡ᠂ ᠠᠮᠢᠳᠤ ᠪᠣᠳᠠᠰ᠎ᠤᠨ ᠪᠦᠲᠦᠭᠡᠭ᠌ᠳᠡᠬᠦᠨ᠎ᠢ ᠢᠳᠡᠪᠬᠢᠲᠡᠢ ᠬᠥᠭ᠌ᠵᠢᠭᠦᠯᠵᠦ᠍᠂ ᠳᠠᠯᠠᠢ ᠲᠠᠩᠭᠢᠰ᠎ᠤᠨ ᠤᠨᠴᠠᠯᠢᠬ᠍ᠳᠤ ᠰᠣᠶᠣᠯ ᠪᠠ ᠵᠢᠭᠤᠯᠴᠢᠯᠠᠯ᠎ᠤᠨ ᠬᠠᠷᠠᠯᠲᠠᠳᠦ ᠭᠠᠵᠠᠷ᠎ᠢ ᠴᠣᠭ᠍ᠴᠠᠯᠠᠵᠤ᠂ ᠣᠩᠭᠣᠴᠠ ᠰᠠᠯ ᠪᠠ ᠳᠠᠯᠠᠢ ᠲᠠᠩᠭᠢᠰ᠎ᠤᠨ ᠢᠨᠵᠧᠨᠧᠷᠢᠩ᠎ᠦᠨ ᠲᠣᠨᠣᠭ᠍ᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠵᠢᠯᠯᠠᠭ᠎ᠠ᠎ᠶ᠋ᠢ ᠠᠬᠢᠭᠤᠯᠵᠤ᠂ 《ᠲᠣᠭᠠᠴᠢᠯᠠᠭ᠍ᠰᠠᠨ ᠳᠠᠯᠠᠢ ᠲᠠᠩᠭᠢᠰ》᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠳᠠᠯᠠᠢ ᠲᠠᠩᠭᠢᠰ᠎ᠤᠨ ᠲᠡᠭᠡᠭᠡᠪᠦᠷᠢ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠳᠥᠷᠪᠡᠳᠦᠭᠡᠷ᠎ᠲᠦ᠂ ᠭᠣᠣᠯ ᠪᠣᠯᠬᠤ ᠲᠠᠯᠠᠢ᠎ᠶ᠋ᠢᠨ ᠪᠤᠯᠤᠩ᠎ᠤᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠶ᠋ᠢ ᠴᠢᠩᠭᠠᠳᠬᠠᠬᠤ ᠬᠡᠷᠡᠭᠲᠡᠢ᠃ ᠳᠠᠯᠠᠢ ᠳᠠᠭᠠᠤ ᠭᠠᠷᠠᠮ᠎ᠤᠨ ᠪᠦᠯᠦᠭᠵᠢᠯ᠎ᠢ ᠱᠢᠯᠢᠳᠡᠭ᠌ᠵᠢᠭᠦᠯᠦᠨ ᠨᠡᠢᠳᠭᠡᠬᠦ ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠭᠣᠣᠯᠳᠠᠯᠭ᠎ᠠ᠎ᠲᠠᠶ ᠭᠠᠷᠠᠮ᠎ᠤᠨ ᠪᠣᠬᠢᠷᠲᠤᠯ ᠦᠭᠡᠢᠵᠢᠬᠦ᠂ ᠲᠣᠭᠠᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠡᠮᠵᠢᠬᠦ ᠬᠡᠷᠡᠭᠲᠡᠢ᠃ ᠲᠠᠪᠤᠳᠤᠭᠠᠷ᠎ᠲᠤ᠂ ᠲᠠᠯᠠᠢ ᠲᠠᠩᠭᠢᠰ᠎ᠤᠨ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ ᠬᠡᠷᠡᠭᠲᠡᠢ᠃ ᠳᠠᠯᠠᠢ ᠲᠠᠩᠭᠢᠰ᠎ᠤᠨ ᠣᠷᠴᠢᠨ ᠲᠤᠭᠤᠷᠢᠨ᠎ᠤ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ᠎ᠠᠴᠠ ᠨᠢ ᠰᠡᠷᠭᠡᠢᠯᠡᠬᠦ᠌᠎ᠶ᠋ᠢ ᠴᠢᠩᠭᠠᠳᠭᠠᠵᠤ᠂ ᠭᠣᠣᠯᠳᠠᠯᠭ᠎ᠠ᠎ᠲᠠᠶ ᠳᠠᠯᠠᠢ᠎ᠶ᠋ᠢᠨ ᠣᠷᠣᠨ᠎ᠢ ᠶᠡᠷᠦᠩᠬᠡᠢᠯᠡᠨ ᠵᠠᠰᠠᠬᠤ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠳᠠᠯᠠᠢ᠎ᠶ᠋ᠢᠨ ᠣᠷᠣᠨ᠎ᠢ ᠳᠠᠪᠬᠤᠷᠭ᠎ᠠ ᠬᠤᠪᠢᠶᠠᠨ ᠪᠣᠰᠣᠭ᠎ᠠ ᠴᠣᠭ᠍ᠴᠠ᠎ᠪᠠᠷ ᠠᠱᠢᠭ᠍ᠯᠠᠬᠤ᠎ᠶ᠋ᠢ ᠢᠳᠡᠪᠬᠢᠲᠡᠢ ᠠᠬᠢᠭᠤᠯᠵᠤ᠂ ᠳᠠᠯᠠᠢ ᠲᠠᠩᠭᠢᠰ᠎ᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ᠎ᠶᠢ ᠬᠢᠨᠠᠨ ᠪᠤᠳᠤᠬᠤ ᠠᠵᠢᠯ᠎ᠢ ᠰᠦᠪᠡᠭ᠌ᠴᠢᠯᠡᠨ ᠥᠷᠨᠢᠭᠦᠯᠬᠦ ᠬᠡᠷᠡᠭᠲᠡᠢ᠃ ᠵᠢᠷᠭᠤᠳᠤᠭᠠᠷ᠎ᠲᠤ᠂ ᠪᠦᠬᠦ᠌ ᠪᠥᠮᠪᠥᠷᠴᠡᠭ᠎ᠦᠨ ᠲᠠᠯᠠᠢ ᠲᠠᠩᠭᠢᠰ᠎ᠤᠨ ᠵᠠᠰᠠᠯᠲᠠ᠎ᠳᠤ ᠭᠦᠨᠵᠡᠭᠡᠢ ᠣᠷᠣᠯᠴᠠᠬᠤ ᠬᠡᠷᠡᠭ᠌ᠲᠡᠢ᠃ ᠪᠦᠬᠦ᠌ ᠪᠥᠮᠪᠥᠷᠴᠡᠭ᠎ᠦᠨ ᠳᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠴᠠᠭᠠᠯᠲᠠ᠂ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ᠂ ᠳᠠᠯᠠᠢ ᠲᠠᠩᠭᠢᠰ᠎ᠤᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠭᠠᠷᠠᠮ᠎ᠤᠨ ᠬᠣᠯᠪᠣᠭ᠎ᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ