《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶᠢ ᠲᠣᠭ᠍ᠲᠠᠭᠠᠬᠤ ᠲᠤᠬᠠᠶ ᠰᠠᠨᠠᠭᠤᠯᠭ᠎ᠠ》᠎ᠶᠢᠨ ᠲᠤᠬᠠᠶ ᠲᠣᠳᠣᠷᠬᠠᠢᠯᠠᠯᠲᠠ
ᠨᠡᠶ᠋ᠢᠲᠡᠯᠡᠭᠰᠡᠨ ᠴᠠᠭ᠄ 2025-11-27
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠠᠷᠠᠳ᠎ᠤᠨ ᠠᠵᠤ ᠠᠬᠤᠶ ᠪᠠ
ᠨᠡᠢᠭᠡᠮ᠎ᠤᠨ ᠬᠥᠭ᠌ᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶᠢ ᠲᠣᠭ᠍ᠲᠠᠭᠠᠬᠤ ᠲᠤᠬᠠᠶ ᠰᠠᠨᠠᠭᠤᠯᠭ᠎ᠠ》᠎ᠶᠢᠨ ᠲᠤᠬᠠᠶ ᠲᠣᠳᠣᠷᠬᠠᠢᠯᠠᠯᠲᠠ
( 2025 ᠣᠨ᠎ᠤ 11 ᠰᠠᠷ᠎ᠠ᠎ᠶᠢᠨ 13᠎ᠤ ᠡᠳᠦᠷ )
ᠸᠠᠩ ᠸᠧᠢ ᠵᠦᠩ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠬᠤᠷᠢᠶ᠎ᠠ᠎ᠶᠢᠨ ᠨᠠᠢᠳᠠᠯᠭ᠎ᠠ ᠪᠡᠷ᠂ ᠪᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶᠢ ᠲᠣᠭ᠍ᠲᠠᠭᠠᠬᠤ ᠲᠤᠬᠠᠶ ᠰᠠᠨᠠᠭᠤᠯᠭ᠎ᠠ》 (ᠳᠣᠷᠣᠭ᠍ᠰᠢ 《ᠰᠠᠨᠠᠭᠤᠯᠭ᠎ᠠ》 ᠭᠡᠵᠦ᠍ ᠲᠣᠪᠴᠢᠯᠠᠨ᠎ᠠ)᠎ᠶᠢ ᠲᠤᠭᠤᠷᠪᠢᠭ᠍ᠰᠠᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠶ ᠪᠥᠬᠥᠳᠡ ᠬᠤᠷᠠᠯ᠎ᠳᠤ ᠲᠣᠳᠣᠷᠬᠠᠢᠯᠠᠯᠲᠠ ᠬᠢᠶ᠎ᠠ᠃
ᠨᠢᠭᠡ᠂ 《ᠰᠠᠨᠠᠭᠤᠯᠭ᠎ᠠ》᠎ᠶᠢᠨ ᠨᠤᠤᠷᠠᠭ᠎ᠢ ᠲᠤᠭᠤᠷᠪᠢᠬᠰᠠᠨ ᠶᠠᠪᠤᠴᠠ
《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢ ᠰᠠᠢᠲᠤᠷ ᠰᠤᠳᠤᠯᠤᠨ ᠲᠤᠭᠳᠠᠭᠠᠬᠤ ᠨᠢ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠶ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠮᠠᠶᠢᠬ᠎ᠤᠨ ᠤᠳᠤᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶᠢ ᠪᠢᠴᠢᠭ᠌ᠯᠡᠬᠦ᠌ ᠳ᠋ᠸ᠋ ᠴᠢᠬᠤᠯᠠ ᠠᠴᠢ ᠬᠣᠯᠪᠣᠭ᠍ᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠰᠠᠨᠠᠭᠤᠯᠭ᠎ᠠ》᠎ᠶᠢᠨ ᠨᠣᠣᠷᠠᠭ᠎ᠢ ᠲᠤᠭᠤᠷᠪᠢᠬᠤ᠎ᠶᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠬᠣᠷᠢᠶ᠎ᠠ ᠶᠡᠷᠦᠩᠬᠡᠶ ᠱᠦᠵᠢ ᠰᠢ᠎ᠵᠢᠨ᠎ᠫᠢᠩ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠦᠯᠦᠪᠵᠢᠬᠦᠯᠭᠡ᠎ᠶᠢᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶᠢ ᠱᠢᠨᠵᠢᠯᠡᠬᠦ᠌ ᠤᠬᠠᠭᠠᠨᠴᠢ᠎ᠪᠠᠷ ᠲᠦᠯᠦᠪᠵᠢᠬᠦᠯᠬᠦ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠶ ᠰᠤᠷᠤᠯᠴᠠᠵᠤ᠂ ᠣᠯᠠᠨ ᠤᠳᠠᠭ᠎ᠠ ᠰᠤᠳᠤᠯᠤᠨ ᠪᠠᠢᠷᠢᠯᠠᠭᠤᠯᠪᠠ᠃ ᠡᠨᠡ ᠵᠢᠯ᠎ᠤᠨ 4 ᠰᠠᠷ᠎ᠠ᠎ᠶᠢᠨ ᠡᠬᠢ ᠪᠡᠷ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠠᠢᠮᠠᠭ ᠬᠣᠲᠠ᠎ᠳᠤ ᠲᠤᠰᠭᠠᠶ ᠰᠡᠳᠦᠪ᠎ᠢᠶᠡᠷ ᠪᠠᠢᠴᠠᠭᠠᠨ ᠰᠤᠳᠤᠯᠤᠯᠲᠠ ᠬᠢᠵᠦ᠍᠂ 25 ᠵᠦᠶ᠋ᠯ᠎ᠤᠨ ᠭᠤᠤᠯᠳᠠᠯᠭ᠎ᠠ ᠲᠠᠢ ᠰᠡᠳᠦᠪ᠎ᠤᠨ ᠲᠤᠬᠠᠶ ᠰᠤᠳᠤᠯᠭᠠᠨ ᠥᠷᠨᠢᠭᠦᠯᠪᠡ᠃ 6 ᠰᠠᠷ᠎ᠠ᠎ᠶᠢᠨ ᠰᠡᠬᠦᠯᠴᠢ᠎ᠪᠠᠷ 《ᠰᠠᠨᠠᠭᠤᠯᠭ᠎ᠠ》᠎ᠶᠢᠨ ᠨᠣᠣᠷᠠᠭ᠎ᠢ ᠲᠤᠭᠤᠷᠪᠢᠬᠤ ᠠᠵᠢᠯ᠎ᠢ ᠵᠢᠩᠬᠢᠨᠢ᠎ᠪᠠᠷ ᠡᠬᠢᠯᠡᠭᠦᠯᠪᠡ᠃ ᠡᠭᠦᠨ᠎ᠤ ᠬᠠᠮᠲᠤ ᠰᠦᠯᠵᠢᠶᠡᠨ ᠳᠡᠭᠡᠷ᠎ᠡ 4000 ᠱᠢᠬᠠᠮ ᠵᠤᠷᠪᠤᠰ ᠰᠠᠨᠠᠯ ᠰᠠᠨᠠᠭᠤᠯᠭ᠎ᠠ ᠬᠤᠷᠢᠶᠠᠵᠠᠶ᠃ 9 ᠰᠠᠷ᠎ᠠ᠎ᠶᠢᠨ ᠡᠬᠢ ᠪᠡᠷ᠂ ᠥᠪᠡᠷᠲᠡᠭᠡᠨ ᠵᠠᠰᠠᠬᠤ ᠣᠷᠣᠨ᠎ᠤ 23 ᠰᠠᠯᠠᠭ᠎ᠠ ᠮᠥᠴᠢᠷ ᠪᠠᠢᠭᠤᠯᠭ᠎ᠠ ᠨᠢᠭᠡᠴᠢ᠎ᠡᠴᠡ ᠰᠡᠳᠭᠢᠴᠡ ᠠᠷᠭ᠎ᠠ ᠬᠡᠮᠵᠢᠶ᠎ᠡ ᠴᠤᠭ᠍ᠯᠠᠭᠤᠯᠵᠤ᠂ ᠴᠤᠭ᠍ᠯᠠᠭᠤᠯᠤᠭ᠍ᠰᠠᠨ ᠰᠠᠨᠠᠭᠤᠯᠭ᠎ᠠ ᠲᠠᠢ᠎ᠪᠠᠨ ᠤᠶᠠᠯᠳᠤᠭᠤᠯᠤᠨ ᠨᠤᠤᠷᠠᠭ᠎ᠲᠤ ᠵᠠᠰᠠᠪᠤᠷᠢ ᠣᠷᠣᠭᠤᠯᠵᠤ᠂ ᠮᠤᠵᠢ᠎ᠶᠢᠨ ᠱᠠᠲᠤᠨ᠎ᠤ ᠤᠳᠤᠷᠢᠳᠭᠤ ᠺᠠᠳ᠋ᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠭᠡᠱᠢᠭᠦᠨ ᠪᠣᠯᠤᠨ ᠣᠷᠣᠯᠠᠭ᠍ᠴᠢ ᠭᠡᠱᠢᠭᠦᠨ ᠵᠢᠴᠢ ᠡᠯ᠎ᠡ ᠠᠢᠮᠠᠭ ᠬᠣᠲᠠ᠎ᠶᠢᠨ ᠨᠠᠮ᠎ᠤᠨ ᠬᠣᠷᠢᠶ᠎ᠠ᠂ ᠡᠯ᠎ᠡ ᠰᠠᠯᠠᠭ᠎ᠠ ᠮᠥᠴᠢᠷ ᠨᠢᠭᠡᠴᠢ᠎ᠶᠢᠨ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ)᠎ᠳᠤ ᠳᠠᠷᠤᠮᠠᠯᠯᠠᠨ ᠲᠠᠷᠬᠠᠭᠠᠵᠤ ᠰᠠᠨᠠᠯ ᠬᠤᠷᠢᠶᠠᠪᠠ᠃ 9 ᠰᠠᠷ᠎ᠠ᠎ᠶᠢᠨ ᠰᠡᠬᠦᠯᠴᠢ ᠪᠠ 10 ᠰᠠᠷ᠎ᠠ᠎ᠶᠢᠨ ᠡᠬᠢ ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠎ᠵᠢᠨ ᠲᠤᠰᠭᠠᠶ ᠰᠡᠳᠦᠪᠲᠦ ᠬᠤᠷᠠᠯ᠎ᠢ ᠬᠣᠶᠠᠷ ᠤᠳᠠᠭ᠎ᠠ ᠬᠤᠷᠠᠯᠳᠤᠭᠤᠯᠵᠤ᠂ 《ᠰᠠᠨᠠᠭᠤᠯᠭ᠎ᠠ》᠎ᠶᠢᠨ ᠨᠤᠤᠷᠠᠭᠲᠠᠬᠢ ᠴᠢᠬᠤᠯᠠ ᠶᠡᠬᠡ ᠵᠦᠶ᠋ᠯᠡᠰ᠎ᠢ ᠲᠤᠰᠭᠠᠢᠯᠠᠨ ᠰᠤᠳᠤᠯᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠲᠡᠭᠦᠰᠦᠭ᠌ᠰᠡᠨ᠎ᠤ ᠳᠠᠷᠠᠭ᠎ᠠ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠦᠨᠳᠦᠰᠦᠯᠡᠨ 《ᠰᠠᠨᠠᠭᠤᠯᠭ᠎ᠠ》᠎ᠶᠢᠨ ᠨᠤᠤᠷᠠᠭ᠎ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠲᠠᠬᠢᠨᠳᠠ ᠶᠡᠭᠡ ᠬᠡᠪᠴᠢᠶ᠎ᠠ᠎ᠪᠠᠷ ᠰᠠᠨᠠᠯ ᠬᠤᠷᠢᠶᠠᠵᠤ᠂ ᠶᠠᠷᠢᠯᠴᠠᠬᠤ ᠬᠤᠷᠠᠯ ᠬᠤᠷᠠᠯᠳᠤᠭᠤᠯᠤᠨ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠤᠨ ᠪᠤᠰᠤ ᠬᠥᠮᠦᠰ᠂ ᠲᠤᠰᠭᠠᠶ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯᠲᠠᠨ᠎ᠤ ᠲᠥᠯᠥᠭᠡᠯᠡᠭ᠌ᠴᠢ᠎ᠶᠢᠨ ᠰᠠᠨᠠᠯ᠎ᠢ ᠰᠣᠨᠣᠰᠴᠤ᠌᠂ ᠡᠯ᠎ᠡ ᠲᠠᠯ᠎ᠠ ᠵᠢᠨ᠎ᠬᠢᠨ᠎ᠤ ᠳᠤᠷᠠᠳᠤᠭ᠍ᠰᠠᠨ 840 ᠵᠤᠷᠪᠤᠰ ᠰᠠᠨᠠᠯ᠎ᠢ ᠨᠠᠷᠢᠨ ᠬᠢᠨᠠᠮᠠᠭᠠᠶ ᠰᠤᠳᠤᠯᠤᠨ ᠰᠢᠡᠭᠭᠡᠭᠡᠨ ᠠᠪᠤᠪᠠ᠃ ᠳᠠᠷᠠᠭ᠎ᠠ ᠨᠢ᠂ ᠨᠠᠮ᠎ᠤᠨ ᠬᠤᠷᠢᠶ᠎ᠠ᠎ᠶᠢᠨ ᠱᠦᠵᠢ᠎ᠶᠢᠨ ᠲᠤᠰᠭᠠᠢ ᠰᠡᠳᠦᠪᠲᠦ ᠬᠤᠷᠠᠯ ᠪᠣᠯᠤᠨ ᠬᠣᠶᠠᠷ ᠤᠳᠠᠭ᠎ᠠ᠎ᠶᠢᠨ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠬᠤᠷᠢᠶ᠎ᠠ᠎ᠶᠢᠨ ᠬᠤᠷᠠᠯ ᠬᠤᠷᠠᠯᠳᠤᠭᠤᠯᠵᠤ ᠬᠢᠨᠠᠨ ᠵᠥᠪᠯᠡᠵᠦ᠍ ᠵᠠᠰᠠᠪᠤᠷᠢ ᠣᠷᠣᠭᠤᠯᠵᠤ᠂ ᠡᠨᠡ ᠤᠳᠠᠭ᠎ᠠ᠎ᠶᠢᠨ ᠪᠦᠬᠦᠳᠡ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌ 《ᠰᠠᠨᠠᠭᠤᠯᠭ᠎ᠠ》᠎ᠶᠢᠨ ᠨᠤᠤᠷᠠᠭ᠎ᠢ ᠪᠦᠷᠢᠯᠳᠦᠭᠦᠯᠪᠡ᠃
ᠬᠣᠶᠠᠷ᠂ 《ᠰᠠᠨᠠᠭᠤᠯᠭ᠎ᠠ》᠎ᠶᠢᠨ ᠨᠣᠣᠷᠠᠭ᠎ᠤᠨ ᠦᠨᠳᠦᠰᠦᠨ ᠪᠣᠷᠣ ᠲᠥᠯᠥᠪ ᠪᠠ ᠭᠣᠣᠯ ᠪᠤᠳᠤᠯᠬᠢᠯᠠᠯ
《ᠰᠠᠨᠠᠭᠤᠯᠭ᠎ᠠ》᠎ᠶᠢᠨ ᠨᠣᠣᠷᠠᠭ ᠨᠢ 15 ᠪᠦᠯᠦᠭ᠎ᠢᠶᠡᠷ ᠪᠦᠷᠢᠯᠳᠦᠵᠦ᠍᠂ ᠭᠤᠷᠪᠠᠨ ᠶᠡᠬᠡ ᠭᠡᠰᠡᠭ ᠬᠤᠪᠢᠶᠠᠪᠠ᠃ ᠨᠢᠭᠡᠳᠦᠭᠡᠷ ᠶᠡᠭᠡ ᠬᠡᠰᠡᠭ᠎ᠨᠢ ᠶᠡᠷᠦᠩᠬᠡᠶ ᠣᠨᠣᠯ ᠪᠣᠯᠤᠨ᠎ᠠ᠂ ᠤᠳᠤᠷᠢᠳᠭᠠᠯ ᠪᠣᠯᠤᠨ ᠨᠢᠭᠡᠳᠦᠭᠡᠷ ᠪᠦᠯᠦᠭ᠎ᠢ ᠪᠠᠭ᠍ᠲᠠᠭᠠᠵᠤ᠂ ᠭᠤᠤᠯᠳᠠᠭᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠡᠬᠢ ᠬᠥᠭ᠌ᠵᠢᠯᠲᠡ᠎ᠶᠢᠨ ᠳᠠᠯ᠎ᠠ᠎ᠪᠠᠷ ᠤᠯᠤᠬᠰᠠᠨ ᠴᠢᠬᠤᠯᠠ ᠶᠡᠬᠡ ᠠᠮᠵᠢᠯᠲᠠ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠡᠬᠢ ᠬᠥᠭ᠌ᠵᠢᠯᠲᠡ ᠳ᠋ᠸ᠋ ᠲᠤᠯᠭᠠᠷᠠᠬᠤ ᠪᠠᠢᠳᠠᠯ ᠪᠣᠯᠤᠨ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ᠎ᠶᠢ ᠲᠣᠳᠣᠷᠬᠠᠢᠯᠠᠨ ᠥᠭᠦᠯᠡᠪᠡ᠃ ᠬᠣᠶᠠᠳᠤᠭᠠᠷ ᠶᠡᠬᠡ ᠬᠡᠰᠡᠭ ᠨᠢ ᠬᠤᠪᠢᠶᠠᠷᠢ ᠤᠨᠤᠯ ᠪᠣᠯᠤᠨ᠎ᠠ᠂ ᠡᠭᠦᠨ᠎ᠳᠤ ᠬᠣᠶᠠᠳᠤᠭᠠᠷ ᠪᠦᠯᠦᠭ᠎ᠡᠴᠡ ᠠᠷᠪᠠᠨ ᠳᠥᠷᠪᠡᠳᠦᠭᠡᠷ ᠪᠦᠯᠦᠭ ᠬᠦᠷᠲᠡᠯᠡᠬᠢ ᠨᠡᠢ᠌ᠳᠡ 13 ᠬᠡᠰᠡᠭ ᠪᠠᠭ᠍ᠲᠠᠨ᠎ᠠ᠂ ᠡᠭᠦᠨ᠎ᠳᠤ ᠬᠣᠶᠠᠳᠤᠭᠠᠷ ᠪᠦᠯᠦᠭ᠎ᠡᠴᠡ ᠳᠣᠯᠣᠳᠤᠭᠠᠷ ᠪᠦᠯᠦᠭ ᠬᠦᠷᠲᠡᠯ᠎ᠡ ᠶᠡᠷᠦᠩᠬᠡᠢ ᠱᠦᠵᠢ ᠰᠢ᠎ᠵᠢᠨ᠎ᠫᠢᠩ᠎ᠤᠨ ᠦᠨᠳᠦᠰᠦᠲᠡᠨ᠎ᠤ ᠭᠠᠵᠠᠷ ᠣᠷᠣᠨ᠎ᠤ ᠠᠵᠢᠯ᠎ᠤᠨ ᠲᠤᠬᠠᠢ ᠴᠢᠬᠤᠯᠠ ᠱᠠᠭᠠᠷᠳᠠᠯᠭ᠎ᠠ ᠪᠣᠯᠤᠨ ᠥᠪᠥᠷ ᠮᠣᠩᠭᠣᠯ᠎ᠳᠤ ᠲᠤᠬᠳᠠᠭᠠᠵᠤ ᠦᠭᠭᠦᠭᠰᠡᠨ ᠪᠠᠢᠯᠳᠤᠬᠤ ᠪᠤᠳᠤᠯᠭ᠎ᠠ᠎ᠶᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ ᠶᠣᠰᠣᠭᠠᠷ᠂ ᠲᠤᠰ ᠲᠤᠰ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠶᠢ ᠠᠬᠢᠭᠤᠯᠬᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ ᠪᠦᠳᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠬᠦ᠌ ᠰᠡᠳᠭᠢᠴᠡ ᠪᠣᠯᠤᠨ ᠭᠣᠣᠯᠳᠠᠯᠭ᠎ᠠ ᠲᠠᠢ ᠠᠵᠢᠯ᠎ᠢ ᠲᠣᠳᠣᠷᠬᠠᠢᠯᠠᠪᠠ; ᠨᠠᠢ᠍ᠮᠠᠳᠤᠭᠠᠷ ᠪᠦᠯᠦᠭ᠎ᠡᠴᠡ ᠠᠷᠪᠠᠨ ᠳᠥᠷᠪᠡᠳᠦᠭᠡᠷ ᠪᠦᠯᠦᠭ ᠬᠦᠷᠲᠡᠯ᠎ᠡ ᠠᠵᠤ ᠦᠢᠯᠡᠰ᠎ᠤᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ ᠡᠭᠦᠳᠦᠯᠲᠡ᠂ ᠵᠠᠬ᠎ᠠ ᠳᠡᠯᠭᠡᠭᠦᠷ᠎ᠤᠨ ᠪᠠᠢᠭᠤᠯᠤᠯᠲᠠ᠂ ᠠᠵᠤ ᠠᠬᠤᠢ᠎ᠶᠢᠨ ᠪᠠᠢᠭᠤᠯᠤᠯ᠂ ᠣᠷᠣᠨ ᠪᠦᠰᠡ᠎ᠶᠢᠨ ᠬᠥᠭ᠌ᠵᠢᠯᠲᠡ᠂ ᠰᠣᠶᠣᠯ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠡᠭᠦᠷᠭᠡ ᠠᠷᠭ᠎ᠠ ᠬᠡᠮᠵᠢᠶ᠎ᠡ ᠳᠤᠷᠠᠳᠪᠠ᠃ ᠭᠤᠷᠪᠠᠳᠤᠭᠠᠷ ᠶᠡᠭᠡ ᠬᠡᠰᠡᠭ᠎ᠲᠤ ᠠᠷᠪᠠᠨ ᠲᠠᠪᠤᠳᠤᠭᠠᠷ ᠪᠦᠯᠦᠭ ᠪᠠ ᠲᠡᠭᠦᠰᠭᠡᠯ᠎ᠤᠨ ᠦᠭᠡ ᠪᠠᠭ᠍ᠲᠠᠵᠤ᠂ ᠭᠣᠣᠯᠳᠠᠭᠤ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠬᠤ᠂ ᠺᠠᠳ᠋ᠷ᠎ᠤᠨ ᠡᠩᠨᠡᠭᠡ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ᠎ᠶᠢ ᠴᠢᠩᠭᠠᠳᠭᠠᠬᠤ᠂ ᠨᠠᠮ᠎ᠤᠨ ᠰᠤᠷᠲᠠᠯ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠠ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠠᠬᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢ ᠲᠣᠭ᠍ᠲᠠᠭᠠᠬᠤ ᠪᠠ ᠨᠠᠢᠳᠠᠪᠤᠷᠢᠵᠢᠭᠤᠯᠬᠤ ᠲᠣᠭ᠍ᠲᠠᠴᠠ᠎ᠶᠢ ᠪᠦᠷᠢᠨᠱᠢᠬᠦᠯᠬᠦ᠌ ᠵᠡᠷᠭᠡ ᠡᠭᠦᠷᠭᠡ᠎ᠶᠢ ᠪᠠᠢᠷᠢᠯᠠᠭᠤᠯᠪᠠ᠃
ᠲᠤᠭᠤᠷᠪᠢᠨ ᠪᠢᠴᠢᠬᠦ᠌ ᠶᠠᠪᠤᠴᠠ᠎ᠳᠤ ᠳᠣᠣᠷᠠᠬᠢ ᠬᠡᠳᠦᠨ ᠲᠠᠯ᠎ᠠ᠎ᠶᠢ ᠠᠩᠬᠠᠷᠤᠨ ᠡᠵᠡᠮᠱᠢᠪᠡ᠃
ᠨᠢᠭᠡ᠎ᠳᠤ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠶ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠪᠠᠷ ᠶᠡᠷᠦᠩᠬᠡᠶ ᠬᠥᠲᠥᠯᠪᠦᠷᠢ ᠪᠤᠯᠭᠠᠪᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠶ ᠱᠦᠵᠢ ᠰᠢ᠎ᠵᠢᠨ᠎ᠫᠢᠩ 3 ᠤᠳᠠᠭ᠎ᠠ ᠪᠡᠶ᠎ᠡ᠎ᠪᠠᠷ᠎ᠢᠶᠠᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ 5 ᠵᠢᠯ ᠳᠠᠷᠠᠭᠠᠯᠠᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠵᠤ᠂ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠥᠭ᠌ᠴᠦ᠂ ᠥᠪᠥᠷ ᠮᠣᠩᠭᠣᠯ᠎ᠤᠨ ᠬᠥᠭ᠌ᠵᠢᠯᠲᠡ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭ᠌ᠵᠢᠯᠲᠡ᠎ᠶᠢ ᠲᠥᠯᠥᠪᠵᠢᠭᠦᠯᠬᠦ᠌᠎ᠳᠤ ᠡᠷᠬᠡᠪᠰᠢ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠪᠠᠷ ᠦᠨᠳᠦᠰᠦᠨ ᠵᠢᠯᠣᠭᠣᠳᠣᠯᠭ᠎ᠠ ᠪᠣᠯᠭᠠᠵᠤ᠂ ᠦᠷᠭᠦᠯᠵᠢᠯᠡᠨ ᠭᠦᠨᠵᠡᠭᠡᠶ ᠰᠤᠷᠤᠯᠴᠠᠨ ᠣᠢᠯᠠᠭᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ ᠵᠢᠡᠨ《ᠬᠣᠶᠠᠷ᠎ᠢ ᠲᠤᠭᠳᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠬᠦᠯᠪᠡ᠃
ᠬᠣᠶᠠᠷ᠎ᠲᠤ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠲᠠᠢ ᠪᠥᠬᠥ᠌ ᠲᠠᠯ᠎ᠠ ᠪᠡᠷ ᠪᠠᠷᠢᠮᠵᠢᠶᠠᠯᠠᠨ ᠬᠠᠷᠭᠤᠭᠤᠯᠪᠠ᠃ ᠶᠡᠷᠦᠩᠬᠡᠶ ᠱᠦᠵᠢ ᠰᠢ᠎ᠵᠢᠨ᠎ᠫᠢᠩ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ 《ᠰᠠᠨᠠᠭᠤᠯᠭ᠎ᠠ》᠎ᠶᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠴᠢᠬᠤᠯᠠ ᠪᠠᠢᠷᠢ ᠰᠠᠭᠤᠷᠢ ᠪᠠ ᠨᠠᠮ᠎ᠤᠨ ᠲᠥᠪ ᠬᠤᠷᠢᠶ᠎ᠠ᠎ᠶᠢᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ᠎ᠤᠨ ᠲᠤᠬᠠᠢ ᠦᠨᠳᠦᠰᠦᠨ ᠮᠠᠭᠠᠳᠯᠠᠯᠲᠠ᠎ᠶᠢ ᠭᠦᠨᠵᠡᠭᠡᠢ ᠤᠢᠯᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶᠢᠨ ᠵᠢᠯᠣᠭᠣᠳᠭᠤ ᠦᠵᠡᠯ ᠰᠠᠨᠠᠭ᠎ᠠ᠎ᠶᠢ ᠭᠦᠨᠵᠡᠭᠡᠶ ᠤᠢᠯᠠᠭᠠᠵᠤ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ᠂ ᠮᠠᠨ᠎ᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠵᠤ᠂ ᠮᠠᠨ᠎ᠤ ᠣᠷᠣᠨ᠎ᠤ ᠬᠥᠭ᠌ᠵᠢᠯᠲᠡ᠎ᠶᠢᠨ ᠱᠠᠲᠤᠴᠢ ᠴᠢᠨᠠᠷᠲᠠᠶ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ᠎ᠶᠢ ᠳᠤᠷᠠᠳᠴᠤ᠂ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠥᠪᠥᠷ ᠮᠣᠩᠭᠣᠯ᠎ᠳᠤ ᠪᠣᠳᠠᠲᠠᠶ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠳᠤᠯᠠᠪᠠ᠃
ᠭᠤᠷᠪᠠ᠎ᠳᠤ ᠬᠠᠷᠠᠯᠲᠠ᠎ᠶᠢᠨ ᠤᠳᠤᠷᠢᠳᠤᠮᠵᠢ ᠪᠠ ᠠᠰᠠᠭᠤᠳᠠᠯ᠎ᠤᠨ ᠤᠳᠤᠷᠢᠳᠤᠮᠵᠢ᠎ᠶᠢ ᠢᠯᠡᠷᠡᠭᠦᠯᠬᠦ᠌᠎ᠶᠢ ᠴᠢᠬᠤᠯᠠᠴᠢᠯᠠᠪᠠ᠃ ᠨᠠᠮ᠎ᠤᠨ ᠲᠥᠪ ᠬᠣᠷᠢᠶᠠᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ 《ᠰᠠᠨᠠᠭᠤᠯᠭ᠎ᠠ》᠎ᠳᠤ ᠲᠣᠭ᠍ᠲᠠᠭᠠᠭ᠍ᠰᠠᠨ 2030 ᠣᠨ ᠪᠠ 2035 ᠣᠨ ᠬᠦᠷᠲᠡᠯᠡᠬᠢ ᠬᠠᠷᠠᠯᠲᠠ ᠲᠠᠢ ᠨᠢᠭ᠍ᠲᠠ ᠤᠶᠠᠯᠳᠤᠭᠤᠯᠤᠨ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠱᠢᠨ᠎ᠡ ᠬᠠᠭᠤᠳᠠᠰᠤ᠎ᠶᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》᠎ᠳᠤ ᠳᠤᠷᠠᠳᠤᠭ᠍ᠰᠠᠨ ᠱᠠᠲᠤᠴᠢ ᠴᠢᠨᠠᠷᠲᠠᠶ ᠬᠠᠷᠠᠯᠲᠠ ᠲᠠᠢ ᠬᠠᠷᠢᠴᠠᠭᠤᠯᠵᠤ ᠪᠠᠢᠭᠠᠳ᠂ ᠮᠠᠨ᠎ᠤ ᠣᠷᠣᠨ᠎ᠦ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭ᠌ᠵᠢᠯᠲᠡ᠎ᠶᠢᠨ ᠬᠠᠷᠠᠯᠲᠠ᠎ᠶᠢ ᠵᠦᠶ ᠵᠣᠬᠢᠰᠲᠠᠶ ᠲᠤᠭᠳᠠᠭᠠᠪᠠ᠃ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶᠢ ᠬᠢᠵᠠᠭᠠᠷᠯᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠪᠤᠰᠤᠳᠴᠢ᠎ᠪᠠᠷ ᠵᠠᠳᠠᠯᠵᠤ᠂ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠠᠪᠴᠢᠷᠠᠭ᠍ᠰᠠᠨ ᠠᠵᠠ ᠲᠣᠬᠢᠶᠠᠯ᠎ᠢ ᠭᠦᠨᠵᠡᠭᠡᠶ ᠠᠭᠤᠳᠠᠯᠵᠤ᠂ ᠲᠠᠪᠠᠭᠤᠯᠢᠬ ᠲᠠᠯ᠎ᠠ᠎ᠪᠠᠨ ᠳᠠᠪᠲᠠᠨ ᠪᠣᠯᠪᠠᠰᠤᠷᠠᠭᠤᠯᠵᠤ ᠬᠦᠷᠦᠯᠴᠡᠬᠦ᠌ ᠥᠬᠡᠶ ᠲᠠᠯ᠎ᠠ᠎ᠪᠠᠨ ᠨᠥᠬᠥᠪᠥᠷᠢᠯᠡᠬᠦ᠌ᠬᠦᠴᠦᠯᠡᠬᠦ᠌ ᠭᠤᠤᠯᠳᠠᠯᠭ᠎ᠠ᠎ᠶᠢ ᠣᠨᠣᠪᠴᠢᠲᠠᠶ ᠡᠷᠢᠵᠦ᠍ ᠤᠯᠪᠠ᠃
ᠳᠥᠷᠪᠡ᠎ᠳᠤ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠳᠠᠯᠠᠪᠠ᠃ ᠮᠠᠨ᠎ᠤ ᠣᠷᠣᠨ᠎ᠤ ᠬᠥᠭ᠌ᠵᠢᠯᠲᠡ᠎ᠶᠢᠨ ᠰᠠᠭᠤᠷᠢ᠂ ᠬᠡᠷᠡᠭ᠌ᠴᠡᠭᠡ ᠪᠠ ᠪᠣᠯᠤᠯᠴᠠᠭ᠎ᠠ᠎ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠳᠤᠷᠠᠳᠤᠭ᠍ᠰᠠᠨ ᠬᠠᠷᠠᠯᠲᠠ᠂ ᠡᠭᠦᠷᠭᠡ᠂ ᠠᠷᠭ᠎ᠠ ᠬᠡᠮᠵᠢᠶ᠎ᠡ᠎ᠶᠢᠨ ᠵᠦᠶ ᠵᠣᠬᠢᠰᠲᠠᠶ ᠪᠥᠭᠡᠳ ᠶᠠᠪᠤᠭ᠍ᠳᠠᠭᠤᠱᠢᠲᠠᠶ ᠪᠠᠢᠬᠤ᠎ᠶᠢ ᠦᠨᠡᠨ ᠬᠦ᠌ ᠪᠠᠲᠤᠯᠠᠵᠤ᠂ ᠪᠤᠰᠤᠳᠴᠢ ᠵᠢᠮ᠎ᠡ ᠶᠣᠰᠣ᠎ᠶᠢ ᠬᠦᠨᠳᠦᠳᠭᠡᠨ᠂ ᠱᠠᠲᠤ ᠱᠠᠲᠤ᠎ᠪᠠᠷ ᠡᠭᠦᠷᠭᠡ ᠨᠡᠮᠡᠬᠦ᠌ ᠥᠬᠡᠶ ᠪᠠᠢᠵᠤ᠂ ᠱᠢᠨᠵᠢᠯᠡᠬᠦ᠌ ᠤᠬᠠᠭᠠᠨᠴᠢ ᠪᠥᠭᠡᠳ ᠨᠠᠷᠢᠯᠢᠭ ᠣᠨᠣᠪᠴᠢᠲᠠᠶ ᠪᠠᠢᠬᠤ᠎ᠶᠢ ᠪᠡᠶᠡᠯᠡᠬᠦᠯᠪᠡ; ᠪᠠᠰᠠ ᠥᠨᠳᠥᠷ ᠪᠠᠷᠢᠮᠵᠢᠶ᠎ᠠ᠎ᠶᠢ ᠣᠨᠢᠯᠠᠵᠤ᠂ ᠬᠥᠲᠥᠯᠥᠨ ᠳᠠᠭᠠᠭᠤᠯᠬᠤ ᠪᠠ ᠵᠣᠷᠢᠭ᠍ᠵᠢᠭᠤᠯᠬᠤ᠎ᠶᠢ ᠢᠯᠡᠷᠡᠬᠦᠯᠪᠡ᠃ ᠬᠣᠷᠸ᠎ᠠ ᠲᠠᠯ᠎ᠠ᠎ᠡᠴᠡ ᠲᠣᠭ᠍ᠲᠠᠭᠠᠯ᠎ᠤᠨ ᠴᠢᠨᠠᠷᠲᠠᠢ ᠱᠠᠭᠠᠷᠳᠠᠯᠭ᠎ᠠ ᠳᠤᠷᠠᠳᠭᠤ᠎ᠶᠢ ᠴᠢᠬᠤᠯᠠᠴᠢᠯᠠᠵᠤ᠂ ᠴᠢᠬᠤᠯᠠ ᠪᠦᠬᠦᠢ ᠬᠡᠮᠵᠢᠶ᠎ᠡ ᠲᠣᠭ᠍ᠲᠠᠭᠠᠬᠤ ᠱᠠᠭᠠᠷᠳᠠᠯᠭ᠎ᠠ ᠪᠣᠯᠤᠨ ᠪᠣᠳᠠᠲᠠᠢ ᠠᠵᠢᠯ᠎ᠤᠨ ᠪᠠᠢᠷᠢᠯᠠᠭᠤᠯᠤᠯᠲᠠ᠎ᠶᠢ ᠲᠥᠯᠥᠪᠵᠢᠭᠦᠯᠭᠡ᠎ᠶᠢᠨ 《ᠬᠥᠲᠥᠯᠪᠦᠷᠢ》᠎ᠳ᠋ᠤ ᠲᠠᠯᠪᠢᠵᠤ ᠨᠠᠷᠢᠨ ᠦᠬᠦᠯᠡᠪᠡ᠃
ᠭᠤᠷᠪᠠ᠂ ᠲᠣᠳᠣᠷᠬᠠᠢᠯᠠᠬᠤ ᠴᠢᠬᠤᠯᠠᠲᠠᠢ ᠬᠡᠳᠦᠨ ᠭᠣᠣᠯᠳᠠᠯᠭ᠎ᠠ ᠲᠠᠢ ᠠᠰᠠᠭᠤᠳᠠᠯ᠎ᠤᠨ ᠲᠤᠬᠠᠢ
《ᠰᠠᠨᠠᠭᠤᠯᠭ᠎ᠠ》᠎ᠶᠢᠨ ᠨᠤᠤᠷᠠᠭ᠎ᠲᠤ ᠵᠠᠷᠢᠮ ᠴᠢᠬᠤᠯᠠ ᠦᠵᠡᠯᠲᠡ ᠪᠠ ᠬᠠᠷᠠᠯᠲᠠ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃ ᠡᠨᠳᠡ ᠡᠭᠦᠨ᠎ᠤ ᠳᠣᠲᠣᠷᠠᠬᠢ ᠬᠡᠳᠦᠨ ᠭᠣᠣᠯᠳᠠᠯᠭ᠎ᠠ ᠲᠠᠢ ᠠᠰᠠᠭᠤᠳᠠᠯ᠎ᠤᠨ ᠲᠤᠬᠠᠢ ᠲᠣᠪᠴᠢ ᠲᠣᠳᠣᠷᠬᠠᠢᠯᠠᠯᠲᠠ ᠬᠢᠶ᠎ᠠ᠃
ᠨᠢᠭᠡᠳᠦᠭᠡᠷ ᠲᠤ᠌᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠮᠠᠨ᠎ᠤ ᠣᠷᠣᠨ᠎ᠤ ᠬᠥᠭ᠌ᠵᠢᠯᠲᠡ᠎ᠶᠢᠨ ᠦᠨᠳᠦᠰᠦᠨ ᠪᠠᠢᠷᠢ ᠲᠣᠭ᠍ᠲᠠᠭᠠᠯᠲᠠ᠎ᠶᠢᠨ ᠲᠤᠬᠠᠶ᠃ ᠶᠡᠷᠦᠩᠬᠡᠶ ᠱᠦᠵᠢ ᠰᠢ᠎ᠵᠢᠨ᠎ᠫᠢᠩ 2023 ᠣᠨ᠎ᠳᠤ ᠮᠠᠨ᠎ᠤ ᠣᠷᠣᠨ᠎ᠳᠤ ᠱᠢᠨᠵᠢᠯᠡᠨ ᠪᠠᠢᠴᠠᠭᠠᠬᠤ᠎ᠳᠠᠭᠠᠨ᠂ ᠪᠢᠳᠡᠨ᠎ᠢ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠥᠲᠥᠭᠡᠨ ᠪᠠᠢᠭᠤᠯᠤᠯᠲᠠ᠎ᠳᠤ ᠱᠢᠨ᠎ᠡ ᠵᠠᠮ ᠨᠡᠭᠡᠭᠡᠰᠦᠭᠡᠢ》 ᠭᠡᠵᠦ᠍ ᠵᠣᠷᠢᠭ᠍ᠵᠢᠭᠤᠯᠪᠠ᠃ ᠨᠠᠮ᠎ᠤᠨ ᠲᠥᠪ ᠬᠤᠷᠢᠶ᠎ᠠ ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮᠳᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌᠎ᠶᠢᠨ ᠰᠠᠭᠤᠷᠢ᠎ᠶᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠬᠤᠭᠤᠴᠠᠭ᠎ᠠ ᠪᠣᠯᠤᠨ᠎ᠠ᠂ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠬᠤ᠎ᠪᠠᠷ ᠦᠷᠭᠦᠯᠵᠢᠯᠡᠨ ᠭᠣᠣᠯ ᠰᠡᠳᠦᠪ ᠪᠣᠯᠭᠠᠨ᠎ᠠ ᠭᠡᠵᠦ᠍ ᠵᠢᠭᠠᠵᠤ ᠭᠠᠷᠭᠠᠪᠠ᠃ ᠡᠭᠦᠨ᠎ᠢ ᠦᠨᠳᠦᠰᠦᠯᠡᠨ᠂ 《ᠰᠠᠨᠠᠭᠤᠯᠭ᠎ᠠ》᠎ᠶᠢᠨ ᠨᠤᠤᠷᠠᠭ ᠲᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠵᠠᠩᠭᠢᠯᠠᠭ᠎ᠠ᠎ᠶᠢᠨ ᠬᠤᠭᠤᠴᠠᠭ᠎ᠠ ᠪᠣᠯᠤᠨ᠎ᠠ ᠬᠡᠵᠤ ᠲᠤᠬᠳᠠᠭᠠᠪᠠ᠃
ᠡᠨᠡ ᠬᠦ᠌ ᠮᠠᠭᠠᠳᠯᠠᠯᠲᠠ᠎ᠶᠢ ᠮᠦᠨ ᠴᠤ᠌ ᠮᠠᠨ᠎ᠤ ᠣᠷᠣᠨ᠎ᠤ ᠬᠥᠭ᠌ᠵᠢᠯᠲᠡ᠎ᠶᠢᠨ ᠱᠠᠳᠤᠴᠢ ᠴᠢᠨᠠᠷᠲᠠᠢ ᠣᠨᠴᠠᠯᠢᠭ᠎ᠢ ᠭᠦᠢᠴᠡᠳ ᠪᠣᠳᠣᠯᠬᠢᠯᠠᠭ᠍ᠰᠠᠨ ᠰᠠᠭᠤᠷᠢᠨ ᠳᠡᠭᠡᠷ᠎ᠡ ᠭᠠᠷᠭᠠᠭ᠍ᠰᠠᠨ ᠶᠤᠮ᠃ ᠡᠳᠡᠭᠡᠷ ᠵᠢᠯ ᠤ᠋ᠳᠲᠤ ᠮᠠᠨ᠎ᠤ ᠣᠷᠣᠨ᠎ᠤ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ ᠱᠢᠨ᠎ᠡ ᠳᠠᠪᠱᠢᠯᠲᠠ ᠲᠠᠢ ᠪᠣᠯᠤᠭ᠍ᠰᠠᠨ ᠪᠣᠯᠪᠠᠴᠤ᠌ ᠬᠥᠭ᠌ᠵᠢᠯᠲᠡ ᠲᠡᠩᠴᠡᠭᠦᠷᠢ ᠦᠭᠡᠶ ᠭᠦᠢᠴᠡᠳ ᠦᠭᠡᠶ ᠪᠠᠢᠬᠤ ᠠᠰᠠᠭᠤᠳᠠᠯ ᠮᠥᠨ ᠬᠦ᠌ ᠲᠣᠪᠣᠢᠮ᠎ᠠ ᠪᠠᠢᠵᠤ᠂ ᠠᠵᠤ ᠠᠬᠤᠶ᠎ᠶᠢᠨ ᠬᠥᠭ᠌ᠵᠢᠯᠲᠡ᠎ᠶᠢᠨ ᠬᠢᠷᠢ ᠬᠡᠮᠵᠢᠶ᠎ᠡ ᠡᠬᠢ ᠪᠠᠶᠠᠯᠢᠭ᠎ᠤᠨ ᠳᠠᠪᠠᠭᠤᠯᠢᠭᠯᠤᠭᠠ ᠲᠣᠬᠢᠷᠠᠯᠴᠠᠬᠤ ᠦᠭᠡᠶ ᠪᠠᠢᠭ᠍ᠰᠠᠭᠠᠷ᠃ ᠡᠷᠬᠡᠪᠰᠢ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠡᠨᠡ ᠬᠦ᠌ ᠤᠷᠢᠳᠤᠬᠢ᠎ᠶᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠴᠢᠬᠤᠯᠠ ᠴᠠᠭ ᠬᠤᠭᠤᠴᠠᠭᠠᠨ᠎ᠤ ᠴᠤᠩᠬᠤᠪᠴᠢ᠎ᠶᠢ ᠠᠳᠭᠤᠵᠤ᠂ ᠥᠷᠯᠥᠭᠡ ᠦᠳᠡᠰᠢ᠎ᠶᠢ ᠲᠡᠮᠡᠴᠡᠬᠦ᠌᠂ ᠵᠣᠷᠢᠭ᠍ᠲᠠᠢ ᠬᠢᠵᠦ᠍ ᠵᠣᠷᠢᠭ᠍ᠲᠠᠢ ᠲᠤᠷᠱᠢᠬᠤ᠂ ᠴᠢᠳᠠᠮᠠᠭᠠᠢ ᠬᠢᠵᠦ᠍ ᠰᠠᠢᠲᠤᠷ ᠪᠦᠲᠦᠭᠡᠬᠦ᠌ ᠡᠷᠴᠢ ᠵᠣᠷᠢᠭ᠎ᠢᠶᠡᠷ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠪᠣᠭᠣᠮᠢ᠎ᠶᠢᠨ ᠬᠢᠵᠠᠭᠠᠷᠯᠠᠯ᠎ᠢ ᠰᠢᠪᠲᠤᠯᠵᠤ᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠨ ᠬᠦᠴᠦᠷᠬᠡᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠲᠠ ᠳᠤᠮᠳᠠ ᠱᠢᠨ᠎ᠡ ᠵᠠᠮ ᠨᠡᠭᠡᠭᠡᠬᠦ᠌᠎ᠶᠢ ᠲᠦᠷᠭᠡᠳᠭᠡᠨ᠂ ᠪᠦᠬᠦ᠌ ᠤᠯᠤᠰ ᠲᠠᠢ ᠬᠠᠮᠲᠤ᠎ᠪᠠᠷ ᠨᠡᠢᠭᠡᠮ ᠵᠢᠷᠤᠮᠳᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠲᠠᠯ᠎ᠠ᠎ᠪᠠᠷ ᠱᠢᠢᠳᠪᠦᠷᠢᠲᠦ ᠴᠢᠨᠠᠷᠲᠠᠢ ᠠᠬᠢᠴᠠ ᠲᠠᠢ ᠪᠣᠯᠬᠤ᠎ᠶᠢ ᠪᠠᠲᠤᠯᠠᠬᠤ ᠬᠡᠷᠡᠭ᠌ᠲᠡᠢ᠃
ᠬᠣᠶᠠᠳᠤᠭᠠᠷ ᠲᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶᠢᠨ ᠬᠠᠷᠠᠯᠲᠠ᠎ᠶᠢᠨ ᠲᠤᠬᠠᠢ᠃ 《ᠰᠠᠨᠠᠭᠤᠯᠭ᠎ᠠ》᠎ᠶᠢᠨ ᠨᠤᠤᠷᠠᠭ᠎ᠲᠤ ᠱᠢᠰᠲᠧᠮ ᠲᠡᠶ ᠪᠦᠬᠦ᠌ ᠲᠠᠯ᠎ᠠ᠎ᠶᠢᠨ ᠪᠠ ᠭᠣᠣᠯᠳᠠᠯᠭ᠎ᠠ᠎ᠶᠢ ᠲᠣᠪᠣᠢᠯᠭᠠᠬᠤᠶᠢ ᠬᠠᠮᠲᠤ ᠳ᠋ᠤᠨᠢ ᠬᠠᠷᠠᠭᠠᠯᠵᠠᠵᠤ᠂ ᠢᠳᠡᠪᠬᠢᠲᠡᠶ ᠤᠷᠤᠭ᠍ᠰᠢᠯᠠᠨ ᠳᠠᠪᠱᠢᠭ᠍ᠤ ᠪᠠ ᠦᠨᠡᠨ ᠬᠦ᠌ ᠬᠡᠷᠡᠭᠵᠢᠬᠦᠯᠦᠰᠢᠳᠠᠢ ᠪᠠᠢᠬᠤ᠎ᠶᠢ ᠲᠡᠡᠭᠴᠡᠬᠦᠯᠵᠤ᠂ ᠬᠣᠢᠱᠢᠳᠠ᠎ᠶᠢᠨ 5 ᠵᠢᠯ᠎ᠤᠨ ᠪᠦᠬᠦ᠌ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶᠢᠨ ᠭᠣᠣᠯ ᠬᠠᠷᠠᠯᠲᠠ᠎ᠶᠢ ᠲᠣᠳᠣᠷᠬᠠᠢᠯᠠᠪᠠ᠃ ᠨᠢᠭᠡ᠎ᠳᠤ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶᠢ ᠲᠤᠪᠤᠢ᠌ᠯᠭᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠶᠢ ᠠᠬᠢᠭᠤᠯᠤᠨ᠎ᠠ᠃ ᠭᠣᠣᠯ ᠬᠠᠷᠠᠯᠲᠠ᠎ᠳᠠᠭᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠶᠢᠨ ᠱᠢᠨ᠎ᠡ ᠦᠷ᠎ᠡ ᠪᠦᠲᠦᠮᠵᠢ ᠤᠯᠬᠤ᠎ᠶᠢ ᠠᠬᠢᠭᠤᠯᠬᠤ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠭᠣᠣᠯᠳᠠᠯᠭ᠎ᠠ ᠲᠠᠢ ᠡᠭᠦᠷᠭᠡ᠎ᠶᠢ ᠲᠤᠬᠢᠷᠠᠭᠤᠯᠬᠤ ᠳ᠋ᠠᠭᠠᠨ ᠡᠩ ᠲᠡᠷᠢᠭᠦᠨ᠎ᠳᠤ ᠡᠨᠡ ᠬᠦ᠌ ᠠᠵᠢᠯ᠎ᠢ ᠪᠠᠢᠷᠢᠯᠠᠭᠤᠯᠤᠬᠰᠠᠨᠤ ᠵᠤᠷᠢᠯᠭ᠎ᠠ ᠨᠢ ᠪᠦᠬᠦ᠌ ᠣᠷᠣᠨ᠎ᠤ ᠠᠵᠤ ᠠᠬᠤᠢ᠎ᠶᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠍᠎ᠶᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠣᠯᠤᠨ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠢᠯ᠎ᠤᠨ ᠠᠵᠢᠯ᠎ᠢ ᠨᠢᠭ᠍ᠲᠠ ᠤᠶᠠᠯᠳᠤᠭᠤᠯᠬᠤ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠤᠭᠤᠮ᠎ᠡᠴᠡ ᠥᠴᠦᠬᠡᠨ ᠴᠦ᠍ ᠬᠡᠯᠪᠡᠢᠬᠦ ᠦᠭᠡᠢ ᠪᠠᠢᠯᠭᠠᠬᠤ᠎ᠳᠤ ᠤᠷᠤᠰᠢᠨ᠎ᠠ᠃ ᠬᠣᠶᠠᠷ᠎ᠲᠤ ᠨᠠᠮ᠎ᠤᠨ ᠲᠥᠪ ᠬᠣᠷᠢᠶ᠎ᠠ᠎ᠵᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ 《ᠰᠠᠨᠠᠭᠤᠯᠭ᠎ᠠ》᠎ᠳᠤ ᠳᠤᠷᠠᠳᠤᠭ᠍ᠰᠠᠨ ᠭᠤᠤᠯ ᠬᠠᠷᠠᠯᠲᠠ᠎ᠵᠢ ᠥᠪᠥᠷ ᠮᠣᠩᠭᠣᠯ᠎ᠤᠨ ᠣᠨᠴᠠᠯᠢᠭ᠎ᠢ ᠬᠠᠷᠠᠭᠤᠯᠤᠭ᠍ᠰᠠᠨ ᠬᠥᠲᠥᠯᠥᠨ ᠳᠠᠭᠠᠭᠤᠯᠬᠤ ᠴᠢᠨᠠᠷᠲᠠᠶ ᠬᠠᠷᠠᠯᠲᠠ᠎ᠪᠠᠷ ᠲᠤᠭᠳᠠᠭᠠᠵᠠᠢ᠃ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠬᠤ ᠲᠠᠯ᠎ᠠ ᠪᠡᠷ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠂ ᠥᠪᠥᠷ ᠮᠣᠩᠭᠣᠯ᠎ᠤᠨ ᠣᠨᠴᠠᠯᠢᠭ ᠲᠠᠢ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ ᠴᠢᠬᠤᠯᠠ ᠶᠡᠬᠡ ᠱᠢᠪᠲᠤᠯᠤᠯᠲᠠ ᠲᠠᠢ ᠪᠣᠯᠬᠤ᠎ᠵᠢ ᠳᠤᠷᠠᠳᠴᠠᠢ; ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠱᠢᠨ᠎ᠡ᠎ᠶᠢ ᠡᠭᠦᠳᠬᠦ᠌ ᠲᠠᠯ᠎ᠠ ᠪᠡᠷ᠂ ᠪᠦᠬᠦ᠌ ᠶᠠᠪᠤᠴᠠ᠎ᠳᠤ ᠱᠢᠨ᠎ᠡ᠎ᠶᠢ ᠡᠭᠦᠳᠬᠦ᠌ ᠬᠡᠯᠬᠢᠶ᠎ᠡ᠎ᠶᠢ ᠲᠦᠷᠭᠡᠨ ᠪᠦᠷᠢᠯᠳᠦᠭᠦᠯᠵᠦ᠍᠂ ᠳᠠᠪᠠᠭᠤᠯᠢᠭ ᠬᠦᠷᠢᠶᠡᠨ᠎ᠳᠤ ᠨᠢᠭᠡ ᠪᠦᠯᠦᠭ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠡᠷᠢᠭᠦᠨ᠎ᠤ ᠴᠢᠬᠤᠯᠠ ᠶᠡᠬᠡ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ ᠤᠯᠬᠤ᠎ᠶᠢ ᠳᠤᠷᠠᠳᠴᠠᠢ; ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠬᠦ᠌ ᠲᠠᠯ᠎ᠠ ᠪᠡᠷ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢᠨ ᠪᠥᠲᠥᠭᠡᠨ ᠪᠠᠢᠭᠤᠯᠤᠯᠲᠠ᠎ᠵᠢ ᠱᠢᠪᠲᠤᠯᠤᠯᠲᠠ᠎ᠶᠢᠨ ᠴᠢᠨᠠᠷᠲᠠᠶ ᠠᠬᠢᠴᠠ ᠲᠠᠢ ᠪᠣᠯᠭᠠᠬᠤ᠎ᠶᠢ ᠳᠤᠷᠠᠳᠴᠠᠢ; ᠰᠣᠶᠣᠯ᠎ᠤᠨ ᠪᠠᠢᠭᠤᠯᠤᠯᠲᠠ᠎ᠶᠢᠨ ᠲᠠᠯ᠎ᠠ ᠪᠡᠷ᠂ ᠨᠡᠢᠭᠡᠮ ᠵᠢᠷᠤᠮ᠎ᠤᠨ ᠭᠣᠣᠯᠯᠠᠬᠴᠢ ᠦᠷᠲᠡᠭ᠎ᠤᠨ ᠦᠵᠡᠯᠲᠡ᠎ᠶᠢ ᠥᠷᠭᠡᠨ᠎ᠢᠶᠠᠷ ᠦᠢᠯᠡᠳᠦᠯᠭᠡᠵᠢᠭᠦᠯᠵᠦ᠍᠂ ᠤᠯᠠᠨ ᠨᠡᠢᠲᠡ᠎ᠶᠢᠨ ᠰᠣᠶᠣᠯ᠎ᠤᠨ ᠦᠢᠯᠡᠴᠢᠯᠡᠭᠡᠨ᠎ᠤ ᠱᠢᠰᠲ᠋ᠧᠮ᠂ ᠤᠳᠤ ᠦᠶ᠎ᠡ᠎ᠶᠢᠨ ᠰᠣᠶᠣᠯ᠎ᠤᠨ ᠠᠵᠤ ᠦᠢᠯᠡᠰ᠎ᠤᠨ ᠱᠢᠰᠲ᠋ᠧᠮ ᠪᠠ ᠵᠠᠬ᠎ᠠ ᠳᠡᠯᠭᠡᠭᠦᠷ᠎ᠤᠨ ᠱᠢᠰᠲ᠋ᠧᠮ᠎ᠢ ᠨᠠᠡᠭ ᠪᠦᠷᠢᠨᠰᠢᠬᠦᠯᠬᠦ᠎ᠶᠢ ᠳᠤᠷᠠᠳᠴᠠᠢ; ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭ᠌ᠰᠢᠯᠡᠭᠦᠯᠬᠦ᠌ ᠲᠠᠯ᠎ᠠ ᠪᠡᠷ᠂ ᠣᠯᠠᠨ ᠨᠡᠢᠲᠡ᠎ᠶᠢᠨ ᠦᠨᠳᠦᠰᠦᠨ ᠦᠶ᠋ᠯᠡᠴᠢᠯᠡᠭᠡ᠎ᠶᠢ ᠠᠳᠠᠯᠢ ᠲᠡᠭ᠌ᠰᠢ ᠪᠣᠯᠭᠠᠬᠤ ᠲᠦᠪᠱᠢᠨ᠎ᠢ ᠢᠯᠡᠳᠲᠡ ᠳᠡᠭᠡᠭ᠌ᠰᠢᠯᠡᠭᠦᠯᠬᠦ᠎ᠶᠢ ᠳᠤᠷᠠᠳᠴᠠᠢ;ᠠᠮᠢ ᠠᠬᠤᠶ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠲᠠᠯ᠎ᠠ ᠪᠡᠷ᠂ ᠴᠢᠳᠠᠮᠵᠢ ᠨᠢ ᠪᠦᠷᠢᠨ ᠲᠡᠭᠦᠯᠳᠡᠷ᠂ ᠪᠠᠲᠤ ᠪᠠᠬᠢ ᠤᠮᠠᠷᠠᠲᠤ ᠬᠢᠯᠢ᠎ᠶᠢᠨ ᠨᠣᠭᠣᠭᠠᠨ ᠣᠷᠳᠣ ᠴᠠᠭᠠᠨ ᠬᠡᠷᠡᠮ᠂ ᠠᠮᠢ ᠠᠬᠤᠶ᠎ᠶᠢᠨ ᠠᠮᠤᠷ ᠲᠦᠪᠱᠢᠨ᠎ᠤ ᠬᠠᠯᠬᠠᠪᠴᠢ᠎ᠶᠢ ᠴᠤᠭᠴᠠᠯᠠᠬᠤ᠎ᠶᠢ ᠳᠤᠷᠠᠳᠴᠠᠢ;ᠠᠮᠤᠭᠤᠯᠠᠩᠳᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶᠢᠨ ᠲᠠᠯ᠎ᠠ ᠪᠡᠷ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶᠢ ᠨᠠᠩ ᠪᠠᠲᠤ ᠪᠠᠬᠢ ᠪᠣᠯᠭᠠᠨ᠎ᠠ ᠭᠡᠵᠦ᠍ ᠳᠤᠷᠠᠳᠪᠠ᠃
《ᠰᠠᠨᠠᠭᠤᠯᠭ᠎ᠠ》᠎ᠶᠢᠨ ᠨᠤᠤᠷᠠᠭ ᠲᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ᠂ 《ᠬᠣᠶᠠᠷ᠎ᠢ ᠲᠣᠭ᠍ᠲᠠᠭᠤᠨ ᠪᠠᠢᠯᠭᠠᠬᠤ》᠎ᠶᠢ ᠪᠡᠶᠡᠯᠡᠭᠦᠯᠵᠦ᠍᠂ 2035 ᠣᠨ ᠪᠣᠯᠬᠤ᠎ᠳᠤ 《ᠬᠣᠶᠠᠷ ᠲᠠᠯ᠎ᠠ᠎ᠪᠠᠷ ᠬᠤᠰᠢᠭᠤᠷᠠᠬᠤ》᠎ᠶᠢ ᠪᠠᠲᠤᠯᠠᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ 《ᠬᠣᠶᠠᠷ᠎ᠢ ᠲᠣᠭ᠍ᠲᠠᠭᠤᠨ ᠪᠠᠢᠯᠭᠠᠬᠤ》 ᠭᠡᠳᠡᠭ ᠨᠢ ᠳᠠᠷᠤᠶ ᠬᠥᠮᠦᠨ ᠳᠤᠮᠳᠠᠴᠢ᠎ᠶᠢᠨ ᠭᠠᠵᠠᠷ ᠣᠷᠣᠨ᠎ᠤ ᠦᠶ᠋ᠯᠡᠳᠪᠦᠷᠢᠯᠡᠯ᠎ᠤᠨ ᠶᠡᠷᠦᠩᠬᠡᠶ ᠥᠷᠲᠡᠭ᠂ ᠰᠠᠭᠤᠭᠠᠯᠢ ᠠᠷᠠᠳ᠎ᠤᠨ ᠣᠷᠣᠯᠭ᠎ᠠ᠎ᠵᠢ ᠪᠥᠬᠥ᠌ ᠤᠯᠤᠰ᠎ᠤᠨ ᠡᠮᠤᠨ᠎ᠠ ᠡᠡᠭᠨᠡᠭᠡ᠎ᠳᠤ ᠲᠣᠭ᠍ᠲᠠᠪᠤᠷᠢᠵᠢᠭᠤᠯᠤᠨ᠎ᠠ᠃ ᠶᠡᠷᠦᠩᠬᠡᠢ ᠱᠦᠵᠢ ᠰᠢ᠎ᠵᠢᠨ᠎ᠫᠢᠩ᠂ ᠥᠪᠥᠷ ᠮᠣᠩᠭᠣᠯ ᠴᠢᠨᠠᠷ ᠰᠠᠢᠲᠠᠢ ᠬᠥᠭ᠌ᠵᠢᠯᠲᠡ᠎ᠶᠢ ᠪᠡᠶᠡᠯᠡᠭᠦᠯᠬᠦ᠌᠎ᠳᠤ᠂ 《ᠲᠦᠬᠦᠮᠬᠡᠨ᠎ᠢᠶᠠᠷ ᠵᠡᠭᠦᠨ ᠭᠡᠰᠡᠭ᠎ᠤᠨ ᠬᠥᠭ᠌ᠵᠢᠭ᠌ᠰᠡᠨ ᠭᠠᠵᠠᠷ ᠣᠷᠣᠨ ᠲᠠᠢ ᠠᠵᠤ ᠦᠢᠯᠡᠰ᠂ ᠪᠦᠲᠦᠴᠡ᠂ ᠬᠤᠷᠳᠤᠴᠠ᠎ᠶᠢᠨ ᠲᠠᠯ᠎ᠠ᠎ᠪᠠᠷ ᠠᠳᠠᠯᠢᠳᠭᠠᠵᠤ ᠪᠣᠯᠬᠤ ᠦᠭᠡᠢ》 ᠭᠡᠵᠦ᠍ ᠵᠢᠭᠠᠵᠤ ᠭᠠᠷᠭᠠᠪᠠ᠃ ᠮᠠᠨ᠎ᠤ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠦᠷᠳᠡᠭ ᠨᠢᠭᠡᠨᠲᠡ ᠪᠦᠬᠦ᠌ ᠤᠯᠤᠰ᠎ᠤᠨ ᠳᠤᠮᠳᠠ ᠲᠦᠪᠰᠢᠨ᠎ᠳᠤ ᠵᠢᠬᠰᠠᠵᠤ᠂ ᠡᠷᠭᠡᠪᠰᠢ ᠡᠠᠵᠤ ᠠᠬᠤᠢ᠎ᠶᠢᠨ ᠶᠡᠷᠦᠩᠬᠡᠢ ᠬᠡᠮᠵᠢᠶ᠎ᠡ᠎ᠪᠠᠨ ᠦᠷᠭᠦᠯᠵᠢᠯᠡᠨ ᠪᠤᠵᠠᠭᠠᠢᠷᠠᠭᠤᠯᠬᠤ᠎ᠶᠢᠨ ᠬᠠᠮᠲᠤ ᠬᠥᠭ᠌ᠵᠢᠯᠲᠡ᠎ᠶᠢᠨ ᠶᠠᠰᠤ ᠴᠢᠨᠠᠷ ᠪᠠ ᠦᠷ᠎ᠡ ᠠᠱᠢᠭ᠎ᠢ ᠳᠡᠭᠡᠭ᠌ᠰᠢᠯᠡᠭᠦᠯᠬᠦ᠌᠎ᠶᠢ ᠨᠡᠩ ᠴᠢᠬᠤᠯᠠᠴᠢᠯᠠᠵᠤ᠂ ᠲᠠᠷᠠᠴᠢᠯᠠᠨ ᠬᠥᠮᠦᠨ ᠳᠤᠮᠳᠠᠴᠢ᠎ᠶᠢᠨ ᠬᠥᠭ᠌ᠵᠢᠯᠲᠡ᠎ᠶᠢᠨ ᠲᠦᠪᠱᠢᠨ᠎ᠢ ᠳᠡᠭᠡᠭ᠌ᠰᠢᠯᠡᠭᠦᠯᠬᠦ᠌᠎ᠶᠢ ᠨᠡᠩ ᠴᠢᠬᠤᠯᠠᠴᠢᠯᠠᠬᠤ ᠬᠡᠷᠡᠭ᠌ᠲᠡᠢ᠃ ᠣᠳᠣᠬᠠᠨ᠎ᠳᠤ ᠮᠠᠨ᠎ᠤ ᠣᠷᠣᠨ᠎ᠤ ᠬᠥᠮᠦᠨ ᠳᠤᠮᠳᠠᠴᠢ᠎ᠶᠢᠨ ᠭᠠᠵᠠᠷ ᠣᠷᠣᠨ᠎ᠤ ᠦᠶ᠋ᠯᠡᠳᠪᠦᠷᠢᠯᠡᠯ᠎ᠤᠨ ᠶᠡᠷᠦᠩᠬᠡᠶ ᠥᠷᠲᠡᠭ ᠪᠥᠬᠥ᠌ ᠤᠯᠤᠰ᠎ᠤᠨ 8 ᠳ᠋ᠤᠭᠠᠷ᠎ᠲᠤ ᠲᠤᠳᠤᠷᠠᠵᠤ᠂ ᠰᠠᠭᠤᠭᠠᠯᠢ ᠠᠷᠠᠳ᠎ᠤᠨ ᠣᠷᠣᠯᠭ᠎ᠠ ᠪᠥᠬᠥ᠌ ᠤᠯᠤᠰ᠎ᠤᠨ 9 ᠳ᠋ᠤᠭᠡᠷ᠎ᠲᠤ ᠵᠢᠭᠰᠠᠵᠤ ᠪᠠᠢᠨ᠎ᠠ᠃ ᠣᠷᠣᠨ ᠪᠦᠰᠡ᠎ᠶᠢᠨ ᠬᠥᠭ᠌ᠵᠢᠯᠲᠡ ᠲᠡᠩᠴᠡᠭᠦᠷᠢ ᠦᠭᠡᠢ᠂ ᠰᠠᠭᠤᠭᠠᠯᠢ ᠠᠷᠠᠳ᠎ᠤᠨ ᠣᠷᠣᠯᠭ᠎ᠠ ᠬᠢᠭᠡᠳ ᠪᠦᠬᠦ᠌ ᠤᠯᠤᠰ᠎ᠤᠨ ᠳᠤᠮᠳᠠᠴᠢ ᠲᠦᠪᠰᠢᠨ ᠯᠤᠭᠡ᠎ᠶᠢᠨ ᠵᠦᠷᠢᠶ᠎ᠠ ᠶᠡᠬᠡᠰᠴᠦ᠍ ᠪᠠᠢᠭ᠎ᠠ ᠪᠠᠢᠳᠠᠯ᠎ᠳᠦ᠂ ᠡᠨᠡ ᠬᠣᠶᠠᠷ ᠵᠦᠢᠯ᠎ᠤᠨ ᠭᠦᠢᠴᠡᠳᠭᠡᠯ ᠲᠣᠭ᠎ᠠ᠎ᠶᠢ ᠡᠷᠬᠡᠪᠰᠢ ᠪᠦᠬᠦ᠌ ᠬᠦᠴᠦᠨ᠎ᠢᠶᠠᠷ᠎ᠢᠶᠠᠨ ᠪᠦᠬᠦ᠌ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠯᠭᠠᠬᠤ᠎ᠶᠢ ᠪᠠᠲᠤᠯᠠᠬᠤ ᠬᠡᠷᠡᠭ᠌ᠲᠡᠢ᠃ 《ᠬᠣᠶᠠᠷ ᠲᠠᠯ᠎ᠠ᠎ᠪᠠᠷ ᠬᠤᠰᠢᠭᠤᠷᠠᠬᠤ》 ᠪᠣᠯ ᠳᠠᠷᠤᠢ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ ᠪᠡᠷ ᠪᠠᠶᠠᠵᠢᠬᠤ᠎ᠶᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠬᠤᠰᠢᠭᠤᠷᠠᠵᠤ᠂ ᠤᠯᠤᠰ᠎ᠤᠨ ᠠᠮᠢ ᠠᠬᠤᠢ᠎ᠶᠢᠨ ᠠᠮᠤᠷ ᠲᠦᠪᠱᠢᠨ᠎ᠤ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶᠢ ᠪᠦᠳᠦᠭᠡᠨ ᠪᠠᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠬᠤᠰᠢᠭᠤᠷᠠᠬᠤ ᠶᠠᠪᠤᠳᠠᠯ ᠪᠣᠯᠤᠨ᠎ᠠ᠃ ᠥᠪᠥᠷ ᠮᠣᠩᠭᠣᠯ ᠨᠢ ᠶᠡᠷᠦᠩᠬᠡᠢ ᠱᠦᠵᠢ ᠰᠢ᠎ᠵᠢᠨ᠎ᠫᠢᠩ᠎ᠤᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ 《ᠮᠦᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢᠯ᠎ᠤᠨ ᠠᠵᠢᠯ᠎ᠤᠨ ᠭᠣᠣᠯ ᠱᠢᠵᠢᠮ ᠮᠥᠨ》 ᠭᠡᠬᠦ᠌ ᠴᠢᠬᠤᠯᠠ ᠶᠡᠬᠡ ᠨᠤᠲᠠᠯᠠᠯᠲᠠ᠎ᠶᠢ ᠠᠩᠬ᠎ᠠ ᠤᠳᠠᠭ᠎ᠠ ᠳᠤᠷᠠᠳᠤᠭ᠍ᠰᠠᠨ ᠭᠠᠵᠠᠷ ᠪᠣᠯᠤᠨ᠎ᠠ᠂ ᠶᠡᠷᠦᠩᠬᠡᠢ ᠱᠦᠵᠢ ᠰᠢ᠎ᠵᠢᠨ᠎ᠫᠢᠩ ᠥᠪᠥᠷ ᠮᠣᠩᠭᠣᠯ᠎ᠢ 《ᠦᠷᠭᠦᠯᠵᠢᠯᠡᠨ ᠦᠨᠳᠦᠰᠦᠲᠡᠨ ᠨᠤᠬᠦᠳ᠎ᠤᠨ ᠪᠦᠯᠬᠦᠮᠳᠡᠯ ᠲᠠᠪᠱᠢᠯᠳᠠ᠎ᠶᠢ ᠠᠬᠢᠭᠤᠯᠬᠤ ᠲᠠᠯ᠎ᠠ᠎ᠪᠠᠷ ᠡᠮᠦᠨ᠎ᠡ ᠡᠩᠨᠡᠭᠡᠨ᠎ᠳᠤ ᠬᠤᠰᠢᠭᠤᠷᠠᠵᠦ》᠂ 《ᠬᠠᠮᠲᠤ᠎ᠪᠠᠷ ᠪᠠᠶᠠᠵᠢᠬᠤ ᠠᠶᠠᠨ᠎ᠳᠤ ᠡᠩᠨᠡᠭᠡᠡᠴᠡᠪᠠᠨ ᠬᠣᠴᠣᠷᠴᠤ᠌ ᠪᠣᠯᠬᠤ ᠦᠭᠡᠢ》 ᠭᠡᠵᠦ᠍ ᠱᠠᠭᠠᠷᠳᠠᠪᠠ᠃ ᠦᠪᠦᠷ ᠮᠤᠨᠭᠭᠤᠯ᠎ᠤᠨ ᠦᠨᠳᠦᠰᠦᠲᠡᠨ ᠨᠤᠭᠦᠳ᠎ᠤᠨ ᠣᠯᠠᠨ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠡᠶ᠎ᠡ ᠨᠠᠢᠷᠲᠠᠶ ᠪᠠᠢᠵᠤ᠂ ᠠᠷᠠᠳ᠎ᠤᠨ ᠠᠮᠢᠳᠤᠷᠠᠯ ᠦᠷᠭᠦᠯᠵᠢᠯᠡᠨ ᠰᠠᠢᠵᠢᠷᠠᠵᠤ᠂ ᠡᠨᠡ ᠬᠦ᠌ ᠰᠠᠢᠨ ᠪᠠᠢᠳᠠᠯ᠎ᠢ ᠪᠡᠬᠢᠵᠢᠭᠦᠯᠦᠨ ᠬᠥᠭ᠌ᠵᠢᠭᠦᠯᠬᠦ᠌᠎ᠨᠢ ᠮᠠᠨ ᠤ᠋《ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ᠶ᠋ᠠᠨ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠬᠤ᠎ᠳᠤ ᠠᠱᠢᠭ᠍ᠲᠠᠶ ᠶᠤᠮ》᠃ ᠦᠪᠦᠷ ᠮᠤᠨᠭᠭᠤᠯ ᠤᠯᠤᠰ᠎ᠤᠨ ᠠᠮᠢ ᠠᠬᠤᠶ᠎ᠶᠢᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠦᠪᠱᠢᠨ᠎ᠤ ᠶᠡᠬᠡ ᠲᠠᠯ᠎ᠠ᠎ᠶᠢ ᠪᠠᠲᠤᠯᠠᠬᠤ ᠳᠤᠮᠳᠠ ᠴᠢᠬᠤᠯᠠ ᠪᠠᠢᠷᠢ ᠰᠠᠭᠤᠷᠢ ᠲᠠᠢ᠂ ᠬᠦᠨᠳᠦ ᠶᠡᠬᠡ ᠡᠭᠦᠷᠭᠡ ᠲᠡᠶ ᠶᠤᠮ᠂ ᠡᠲᠡᠭᠡᠷ ᠵᠢᠯ᠎ᠳᠤ 《ᠬᠣᠶᠠᠷ ᠬᠠᠯᠬᠠᠪᠴᠢ》᠎ᠶ᠋ᠢ ᠪᠥᠲᠥᠭᠡᠨ ᠪᠠᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠨᠡ ᠲᠠᠯ᠎ᠠ᠎ᠪᠠᠷ ᠨᠠᠩ ᠰᠠᠢᠨ ᠬᠢᠬᠦ᠌ ᠬᠠᠷᠢᠭᠤᠴᠠᠯᠭ᠎ᠠ ᠲᠠᠢ ᠶᠤᠮ᠂ ᠡᠷᠬᠡᠪᠰᠢ ᠡᠭᠦᠷᠭᠡ ᠬᠠᠷᠢᠭᠤᠴᠠᠯᠭᠠᠳᠦ ᠤᠬᠠᠮᠰᠠᠷ ᠢ᠋ᠶ᠋ᠠᠨ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ ᠪᠠ ᠠᠮᠤᠷ ᠲᠦᠪᠱᠢᠨ ᠲᠣᠭ᠍ᠲᠠᠭᠤᠨ᠎ᠤ ᠪᠠᠳᠤ ᠪᠡᠬᠢ ᠪᠤᠯᠤᠳ ᠬᠡᠷᠡᠮ᠎ᠢ ᠦᠨᠡᠨ ᠬᠦ᠌ ᠪᠠᠲᠤ ᠴᠣᠭ᠍ᠴᠠᠯᠠᠬᠤ ᠬᠡᠷᠡᠭ᠌ᠲᠡᠶ᠃
ᠭᠤᠷᠪᠠᠳᠤᠭᠠᠷ ᠲᠦ᠍᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠳᠤ ᠲᠤᠬᠳᠠᠭᠠᠵᠤ ᠦᠭᠭᠦᠭᠰᠡᠨ ᠪᠠᠢᠯᠳᠤᠬᠤ ᠪᠤᠳᠤᠯᠭ᠎ᠠ᠎ᠶᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠬᠤ ᠲᠤᠬᠠᠢ᠃ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠪᠥᠲᠥᠭᠡᠨ ᠪᠠᠢᠭᠤᠯᠬᠤ᠎ᠳᠤ ᠡᠷᠬᠡᠪᠰᠢ ᠦᠷᠭᠦᠯᠵᠢᠯᠡᠨ ᠬᠦᠴᠦᠯᠡᠵᠦ᠍᠂ ᠤᠳᠠᠭᠠᠨ ᠳᠠᠭᠠᠭᠠᠮᠠᠭᠠᠢ᠎ᠪᠠᠷ ᠭᠠᠪᠢᠶ᠎ᠠ ᠵᠢᠳᠬᠦᠯ ᠪᠠᠢᠭᠤᠯᠤᠨ᠎ᠠ᠃ 《ᠰᠠᠨᠠᠭᠤᠯᠭ᠎ᠠ》᠎ᠶᠢᠨ ᠨᠤᠤᠷᠠᠭ ᠨᠢ ᠣᠲᠣ᠎ᠶᠢᠨ ᠠᠵᠢᠯ᠎ᠤᠨ ᠰᠠᠭᠤᠷᠢᠨ ᠳᠡᠭᠡᠷ᠎ᠡ ᠠᠯᠢ ᠣᠯᠠᠨ ᠱᠢᠨ᠎ᠡ ᠡᠭᠦᠷᠭᠡ ᠱᠢᠨ᠎ᠡ ᠠᠷᠭ᠎ᠠ ᠬᠡᠮᠵᠢᠶ᠎ᠡ᠎ᠶᠢ ᠳᠤᠷᠠᠳᠴᠤ᠌᠂ ᠪᠥᠬᠥ᠌ ᠣᠷᠣᠨ᠎ᠤ ᠳᠡᠭᠡᠷ᠎ᠠ ᠳᠤᠤᠷ᠎ᠠ ᠱᠠᠲᠤ᠎ᠶᠢ ᠬᠥᠲᠥᠯᠥᠨ ᠵᠢᠯᠣᠭᠣᠳᠴᠤ᠌ ᠡᠭᠦᠷᠭᠡ ᠬᠠᠷᠢᠭᠤᠴᠠᠯᠭ᠎ᠠ᠎ᠪᠠᠨ ᠤᠯᠠᠮ ᠪᠠᠲᠤ ᠡᠭᠦᠷᠭᠡᠯᠡᠭᠦᠯᠪᠡ᠃ ᠠᠮᠢ ᠠᠬᠤᠶ᠎ᠶᠢᠨ ᠠᠮᠤᠷ ᠲᠦᠪᠱᠢᠨ᠎ᠤ ᠬᠠᠯᠬᠠᠪᠴᠢ᠎ᠶᠢᠨ ᠲᠠᠯ᠎ᠠ ᠪᠡᠷ᠂ 《ᠤᠮᠠᠷᠠᠲᠤ᠎ᠶᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠲᠤᠭᠳᠠᠭᠰᠠᠨ ᠬᠤᠭᠤᠴᠠᠭᠠᠨ᠎ᠳᠤ ᠤᠯᠵᠦ᠂ ᠴᠢᠬᠤᠯᠠ ᠠᠮᠢ ᠠᠬᠤᠶ᠎ᠶᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶᠢ ᠴᠢᠩᠭᠠᠳᠭᠠᠬᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠬᠦᠴᠦᠨ᠎ᠢᠶᠠᠷ᠎ᠢᠶᠠᠨ ᠰᠠᠢᠲᠤᠷ ᠬᠢᠬᠦ᠌᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠡᠷᠬᠢᠯᠳᠡᠳᠤ ᠬᠥᠭ᠌ᠵᠢᠯᠲᠡ᠎ᠶᠢ ᠠᠬᠢᠭᠤᠯᠬᠤ᠂ ᠠᠮᠢ ᠠᠬᠤᠶ᠎ᠶᠢᠨ ᠪᠣᠯᠪᠠᠰᠤᠨ᠎ᠤ ᠲᠦᠷᠢᠮ᠎ᠤᠨ ᠱᠢᠰᠲ᠋ᠧᠮ᠎ᠢ ᠪᠦᠷᠢᠨᠱᠢᠬᠦᠯᠬᠦ᠌ ᠵᠡᠷᠭᠡ ᠲᠠᠯ᠎ᠠ᠎ᠪᠠᠷ ᠪᠠᠢᠷᠢᠯᠠᠭᠤᠯᠤᠯᠲᠠ ᠬᠢᠪᠠ᠃ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶᠢᠨ ᠲᠠᠯ᠎ᠠ ᠪᠡᠷ᠂ ᠤᠯᠤᠰ᠎ᠤᠨ ᠤᠯᠤᠰ ᠲᠥᠷᠥ᠎ᠶᠢᠨ ᠠᠮᠤᠷ ᠲᠦᠪᠱᠢᠨ᠎ᠢ ᠬᠠᠮᠠᠭᠠᠯᠠᠬᠤ᠂ ᠭᠤᠤᠯᠳᠠᠯᠭ᠎ᠠ ᠲᠠᠢ ᠬᠦᠷᠢᠶᠡᠨ᠎ᠤ ᠠᠶᠤᠯ ᠲᠦᠭ᠌ᠰᠢᠭᠦᠷᠢ᠎ᠶᠢ ᠰᠡᠷᠭᠡᠢᠯᠡᠨ ᠡᠵᠡᠮᠳᠡᠬᠦ᠌᠂ ᠨᠡᠢᠭᠡᠮ᠎ᠤᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭ᠌ᠰᠢᠯᠡᠭᠦᠯᠬᠦ᠌᠂ ᠬᠢᠯᠢ ᠬᠢᠵᠠᠭᠠᠷ᠎ᠢ ᠮᠠᠨᠳᠤᠭᠤᠯᠵᠦ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠵᠤ ᠬᠢᠯᠢ ᠬᠢᠵᠠᠭᠠᠷ᠎ᠢ ᠪᠡᠬᠢᠵᠢᠭᠦᠯᠬᠦ᠌ ᠵᠡᠷᠭᠡ ᠠᠵᠢᠯ᠎ᠢ ᠰᠠᠢᠲᠤᠷ ᠠᠳᠭᠤᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠤ ᠲᠠᠯ᠎ᠠ ᠪᠡᠷ᠂ ᠤᠯᠠᠮᠵᠢᠯᠠᠯᠲᠤ ᠡᠨᠧᠷᠭᠢ᠎ᠶᠢᠨ ᠦᠨᠳᠦᠰᠦᠨ ᠵᠦᠶ᠋ᠯ᠎ᠢ ᠪᠠᠲᠤᠯᠠᠬᠤ ᠴᠢᠳᠠᠪᠤᠷᠢ᠎ᠶᠢ ᠴᠢᠩᠭᠠᠳᠭᠠᠬᠤ᠂ ᠱᠢᠨ᠎ᠡ ᠡᠨᠧᠷᠭᠢ᠎ᠶᠢ ᠨᠡᠭᠡᠭᠡᠨ ᠠᠱᠢᠭ᠍ᠯᠠᠬᠤ ᠲᠦᠪᠱᠢᠨ᠎ᠢ ᠳᠡᠭᠡᠭ᠌ᠰᠢᠯᠡᠭᠦᠯᠬᠦ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠶ ᠠᠭᠤᠷᠬᠠᠶ᠎ᠶᠢᠨ ᠭᠠᠷᠤᠯᠲᠠ᠎ᠶᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶᠢ ᠴᠢᠩᠭᠠᠳᠭᠠᠬᠤ ᠵᠡᠷᠭᠡ ᠲᠠᠯ᠎ᠠ᠎ᠪᠠᠷ ᠡᠭᠦᠷᠭᠡ ᠱᠠᠭᠠᠷᠳᠠᠯᠭ᠎ᠠ᠎ᠶᠢ ᠲᠣᠳᠣᠷᠬᠠᠢᠯᠠᠪᠠ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶ᠋ᠯᠡᠳᠪᠦᠷᠢᠯᠡᠯ᠎ᠤᠨ ᠰᠠᠭᠤᠷᠢᠨ᠎ᠤ ᠲᠠᠯ᠎ᠠ ᠪᠡᠷ᠂ ᠲᠠᠷᠢᠶᠠᠯᠠᠩ ᠮᠠᠯ ᠠᠵᠤ ᠠᠬᠤᠶ᠎ᠶᠢᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠤᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠌᠎ᠢ ᠱᠢᠯᠢᠳᠡᠭ᠌ᠵᠢᠭᠦᠯᠬᠦ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠬᠤ᠂ ᠲᠠᠷᠢᠶᠠᠯᠠᠩ᠎ᠢ ᠬᠦᠴᠦᠷᠬᠡᠭ᠌ᠵᠢᠭᠦᠯᠦᠨ ᠲᠠᠷᠢᠶᠠᠴᠢᠳ ᠲᠣ᠌ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠥᠷᠥ᠎ᠶᠢᠨ ᠪᠣᠳᠣᠯᠭ᠎ᠠ᠎ᠶᠢᠨ ᠦᠢᠯᠡᠳᠦᠯ ᠴᠢᠳᠠᠪᠤᠷᠢ᠎ᠶᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠠᠷᠭ᠎ᠠ ᠬᠡᠮᠵᠢᠶ᠎ᠡ ᠪᠠᠢᠷᠢᠯᠠᠭᠤᠯᠪᠠ᠃ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢᠨ ᠲᠠᠯ᠎ᠠ᠎ᠪᠠᠷ᠂ ᠳᠣᠲᠣᠭᠠᠳᠤ ᠨᠡᠭᠡᠭᠡᠯᠲᠡ᠎ᠪᠡᠨ ᠦᠷᠭᠦᠯᠵᠢᠯᠡᠨ ᠭᠦᠨᠵᠡᠭᠡᠢᠷᠡᠭᠦᠯᠬᠦ᠌᠂ ᠭᠠᠳᠠᠭᠠᠳᠤ ᠨᠡᠭᠡᠭᠡᠯᠲᠡ ᠬᠢᠬᠦ᠌ ᠲᠠᠪᠴᠠᠩ ᠪᠠ ᠨᠡᠪᠲᠡᠷᠡᠬᠦ᠌ ᠵᠠᠮ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠭᠠᠬᠤ᠂ ᠨᠡᠭᠡᠭᠡᠯᠲᠡᠲᠦ ᠠᠵᠤ ᠠᠬᠤᠶ᠎ᠶᠢ ᠶᠡᠬᠡ᠎ᠪᠠᠷ ᠬᠥᠭ᠌ᠵᠢᠭᠦᠯᠬᠦ᠌ ᠵᠡᠷᠭᠡ ᠭᠣᠣᠯᠳᠠᠯᠭ᠎ᠠ ᠲᠠᠢ ᠡᠭᠦᠷᠭᠡ᠎ᠶᠢ ᠳᠤᠷᠠᠳᠪᠠ᠃
ᠳᠥᠷᠪᠡᠳᠤᠭᠡᠷ ᠲᠦ᠍᠂ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠬᠤ ᠲᠤᠬᠠᠢ᠃ ᠴᠢᠨᠠᠷ ᠰᠠᠢᠲᠠᠶ ᠬᠥᠭ᠌ᠵᠢᠯᠲᠡ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶᠢᠨ ᠦᠨᠳᠦᠰᠦᠨ ᠱᠠᠭᠠᠷᠳᠠᠯᠭ᠎ᠠ ᠮᠥᠨ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠡᠨᠡ ᠬᠦ᠌ ᠦᠨᠳᠦᠰᠦᠨ ᠱᠠᠭᠠᠷᠳᠠᠯᠭ᠎ᠠ᠎ᠶᠢ ᠰᠠᠢᠲᠤᠷ ᠨᠠᠢᠳᠠᠪᠤᠷᠢᠵᠢᠭᠤᠯᠬᠤ᠎ᠳᠤ᠂ ᠡᠷᠬᠡᠪᠰᠢ ᠶᠡᠷᠦᠩᠬᠡᠶ ᠱᠦᠵᠢ ᠰᠢ᠎ᠵᠢᠨ᠎ᠫᠢᠩ᠎ᠤᠨ 《ᠡᠬᠢ ᠪᠠᠶᠠᠯᠢᠭ᠎ᠤᠨ ᠬᠡᠯᠪᠡᠷᠢ᠎ᠶᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌》 ᠴᠢᠬᠤᠯᠠ ᠱᠠᠭᠠᠷᠳᠠᠯᠭ᠎ᠠ ᠶᠣᠰᠣᠭᠠᠷ᠂ ᠱᠢᠨ᠎ᠡ ᠬᠥᠭ᠌ᠵᠢᠯᠲᠡ᠎ᠶᠢᠨ ᠤᠢᠯᠠᠭᠠᠭᠳᠠᠬᠤᠨ᠎ᠢ ᠪᠦᠷᠢᠨ ᠪᠦᠲᠦᠨ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠶ ᠠᠭᠤᠰᠤᠯᠴᠠᠬᠤ ᠪᠠ ᠦᠶ᠋ᠯᠡᠴᠢᠯᠡᠵᠦ᠍᠂ ᠭᠠᠵᠠᠷ ᠣᠷᠣᠨ᠎ᠤ ᠪᠠᠢᠳᠠᠯ ᠳ᠋ᠤᠨᠢ ᠳᠣᠭᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠤᠨ ᠱᠢᠰᠲ᠋ᠧᠮ᠎ᠢ ᠪᠠᠢᠭᠤᠯᠬᠤ᠂ ᠥᠨᠳᠥᠷ ᠲᠦᠪᠱᠢᠨ ᠪᠥᠬᠥᠶ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶᠢᠨ ᠪᠠᠢᠭᠤᠯᠤᠯ᠎ᠢ ᠪᠠᠢᠭᠤᠯᠬᠤ ᠵᠡᠷᠭᠡ ᠲᠠᠯ᠎ᠠ᠎ᠪᠠᠷ ᠪᠣᠳᠠᠲᠤ ᠴᠢᠨᠠᠷᠲᠠᠶ᠂ ᠱᠢᠪᠲᠤᠯᠤᠯᠲᠠ᠎ᠶᠢᠨ ᠴᠢᠨᠠᠷᠲᠠᠶ ᠠᠬᠢᠴᠠ ᠲᠠᠢ ᠪᠣᠯᠬᠤ ᠬᠡᠷᠡᠭ᠌ᠲᠡᠶ᠃
ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠬᠤ᠎ᠳᠤ ᠬᠠᠮᠤᠭ᠎ᠤᠨ ᠴᠢᠬᠤᠯᠠ ᠨᠢ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦᠯᠬᠦ᠎ᠶᠢ ᠲᠦᠷᠭᠡᠳᠭᠡᠬᠦ᠌ ᠬᠡᠷᠡᠭ᠌ᠲᠡᠢ᠃ ᠶᠡᠷᠦᠩᠬᠡᠢ ᠱᠦᠵᠢ ᠰᠢ᠎ᠵᠢᠨ᠎ᠫᠢᠩ᠂ 《ᠬᠡᠳᠤᠢ ᠬᠥᠭ᠌ᠵᠢᠭᠡᠳᠦᠢ ᠭᠠᠵᠠᠷ ᠣᠷᠣᠨ᠎ᠳᠤ ᠱᠢᠨ᠎ᠡ᠎ᠶᠢ ᠡᠭᠦᠳᠬᠦ᠌᠎ᠪᠡᠷ ᠬᠥᠭ᠌ᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ ᠬᠡᠷᠡᠭ᠌ᠵᠢᠭᠦᠯᠬᠦ᠌᠎ᠶᠢ ᠲᠡᠳᠤᠢ ᠱᠠᠭᠠᠷᠳᠠᠨ᠎ᠠ》 ᠭᠡᠵᠦ᠍ ᠵᠢᠭᠠᠵᠤ ᠭᠠᠷᠭᠠᠪᠠ᠃ 《ᠰᠠᠨᠠᠭᠤᠯᠭ᠎ᠠ》᠎ᠶᠢᠨ ᠨᠤᠤᠷᠠᠭ ᠲᠣ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶᠢ ᠡᠭᠦᠳᠬᠦ᠌᠎ᠶᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠳᠣᠪᠣᠢᠯᠭᠠᠵᠤ᠂ ᠵᠠᠩᠭᠢᠯᠠᠭ᠎ᠠ᠎ᠶᠢᠨ ᠭᠤᠤᠯᠯᠠᠬᠤ ᠮᠡᠷᠭᠡᠵᠢᠯ᠎ᠤᠨ ᠪᠣᠭᠣᠮᠲᠠ ᠱᠢᠪᠲᠤᠯᠬᠤ᠎ᠶᠢ ᠴᠢᠩᠭᠠᠳᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶᠢ ᠡᠭᠦᠳᠬᠦ᠌ ᠪᠠ ᠠᠵᠤ ᠦᠶ᠋ᠯᠡᠰ᠎ᠤᠨ ᠱᠢᠨ᠎ᠡ᠎ᠶᠢ ᠡᠭᠦᠳᠬᠦ᠌᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶᠢ ᠨᠢᠭᠡ ᠴᠣᠭ᠍ᠴᠠᠵᠢᠭᠤᠯᠤᠨ ᠠᠬᠢᠭᠤᠯᠬᠤ ᠵᠡᠷᠭᠡ ᠲᠠᠯ᠎ᠠ᠎ᠪᠠᠷ ᠡᠭᠦᠷᠭᠡ ᠠᠷᠭ᠎ᠠ ᠬᠡᠮᠵᠢᠶ᠎ᠡ ᠳᠤᠷᠠᠳᠴᠤ᠌᠂ ᠬᠢᠬᠦ᠌ ᠴᠢᠬᠤᠯᠠᠲᠠᠶ ᠵᠢ᠎ᠨᠢ ᠵᠠᠪᠠᠯ ᠬᠢᠵᠦ᠍ ᠬᠢᠬᠦ᠌ ᠴᠢᠬᠤᠯᠠ ᠦᠭᠡᠢ ᠵᠢ᠎ᠨᠢ ᠥᠯᠥ᠍ ᠬᠢᠬᠦ᠌᠎ᠶᠢ ᠪᠠᠷᠢᠮᠲᠠᠯᠠᠵᠤ᠂ ᠳᠠᠪᠠᠭᠤᠯᠢᠭ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠠᠭᠤᠷᠢ ᠰᠤᠳᠤᠯᠤᠨ ᠨᠡᠭᠡᠭᠡᠯᠲᠡ ᠪᠠ ᠮᠡᠷᠭᠡᠵᠢᠯ᠎ᠤᠨ ᠱᠢᠨ᠎ᠡ᠎ᠶᠢ ᠡᠭᠦᠳᠬᠦ᠌᠎ᠶᠢ ᠴᠢᠩᠭᠠᠳᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠡᠭᠦᠨ᠎ᠤ ᠬᠠᠮᠲᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶᠢ ᠡᠭᠦᠳᠬᠦ᠌᠎ᠪᠡᠷ ᠠᠵᠤ ᠦᠶ᠋ᠯᠡᠰ᠎ᠤᠨ ᠱᠢᠨ᠎ᠡ᠎ᠶᠢ ᠡᠭᠦᠳᠬᠦ᠌᠎ᠶᠢ ᠬᠥᠲᠥᠯᠥᠨ ᠳᠠᠭᠠᠭᠤᠯᠬᠤ᠎ᠳᠤ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍᠂ ᠤᠯᠠᠮᠵᠢᠯᠠᠯᠲᠤ ᠠᠵᠤ ᠦᠶ᠋ᠯᠡᠰ᠎ᠤᠨ ᠱᠢᠨ᠎ᠡ ᠬᠥᠭ᠌ᠵᠢᠯᠲᠡ ᠲᠠᠢ ᠪᠤᠯᠬᠤ᠎ᠶᠢ ᠠᠬᠢᠭᠤᠯᠵᠦ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠤᠵᠠᠭᠠᠢᠷᠠᠭᠤᠯᠬᠤ ᠪᠠ ᠢᠷᠡᠭᠡᠳᠦᠶ᠎ᠶᠢᠨ ᠠᠵᠤ ᠦᠶ᠋ᠯᠡᠰ᠎ᠢ ᠪᠣᠢᠵᠢᠭᠤᠯᠤᠨ᠂ ᠲᠣᠭᠠᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶᠢ ᠠᠬᠢᠭᠤᠯᠵᠦ᠂ ᠦᠶ᠋ᠯᠡᠴᠢᠯᠡᠭᠡᠨ᠎ᠤ ᠦᠶ᠋ᠯᠡᠰ᠎ᠤᠨ ᠴᠢᠨᠠᠷ ᠰᠠᠢᠲᠠᠶ ᠥᠨᠳᠥᠷ ᠪᠦᠲᠦᠮᠵᠢᠲᠡᠶ ᠬᠥᠭ᠌ᠵᠢᠯᠲᠡ᠎ᠶᠢ ᠠᠬᠢᠭᠤᠯᠤᠨ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶᠢᠨ ᠱᠢᠰᠲ᠋ᠧᠮ᠎ᠤᠨ ᠲᠤᠯᠭᠠᠭᠤᠷᠢᠯᠠᠯ᠎ᠢ ᠴᠢᠩᠭᠠᠳᠬᠠᠨ᠎ᠠ ᠭᠡᠵᠦ ᠳᠤᠷᠠᠳᠤᠨ ᠭᠠᠷᠭᠠᠪᠠ᠃
ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶᠢ ᠲᠦᠷᠭᠡᠳᠭᠡᠬᠦ᠌ ᠢᠯᠠᠩᠭᠤᠶ᠎ᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠬᠦᠴᠡᠯ᠂ ᠱᠢᠨ᠎ᠡ᠎ᠶᠢ ᠡᠭᠦᠳᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ ᠨᠢ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠤ ᠴᠢᠬᠤᠯᠠ ᠶᠡᠬᠡ ᠠᠴᠢ ᠬᠣᠯᠪᠣᠭ᠍ᠳᠠᠯ ᠲᠠᠢ ᠶᠤᠮ᠃ 《ᠰᠠᠨᠠᠭᠤᠯᠭ᠎ᠠ》᠎ᠶᠢᠨ ᠨᠤᠤᠷᠠᠭ ᠲᠣ᠌᠂ ᠬᠠᠮᠤᠭ᠎ᠤᠨ ᠥᠨᠳᠥᠷ ᠪᠠᠷᠢᠮᠵᠢᠶ᠎ᠠ ᠬᠠᠮᠤᠭ᠎ᠤᠨ ᠥᠨᠳᠥᠷ ᠲᠦᠪᠱᠢᠨ᠎ᠳᠤ ᠴᠢᠭ᠌ᠯᠡᠭᠦᠯᠦᠨ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭᠰᠠᠨ ᠳᠡᠯᠡᠬᠡᠢᠵᠢᠭ᠌ᠰᠡᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠨᠢᠭᠡ ᠪᠦᠯᠦᠭ 《ᠥᠨᠳᠥᠷ ᠪᠦᠲᠦᠮᠵᠢᠲᠡᠶ᠎ᠪᠠᠷ ᠨᠢᠭᠡ ᠶᠠᠪᠤᠳᠠᠯ᠎ᠢ ᠭᠦᠶ᠋ᠴᠡᠳᠭᠡᠬᠦ᠌》 ᠠᠵᠤ ᠠᠬᠤᠢᠯᠠᠯ᠎ᠳᠤ ᠬᠣᠯᠪᠣᠭ᠍ᠳᠠᠬᠤ ᠭᠤᠤᠯᠳᠠᠯᠭ᠎ᠠ ᠲᠠᠢ ᠵᠦᠶ᠋ᠯᠡᠰ᠎ᠢ ᠭᠠᠷᠭᠠᠵᠤ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶᠢᠨ ᠡᠳ᠋ ᠬᠥᠷᠥᠩᠭᠡ᠎ᠶᠢᠨ ᠡᠷᠬᠡ ᠪᠠ ᠪᠤᠰᠤᠳ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠢᠯᠠᠯ᠎ᠤᠨ ᠡᠵᠡᠩᠨᠡᠭ᠌ᠴᠢ᠎ᠶᠢᠨ ᠪᠡᠶ᠎ᠡ ᠮᠠᠬᠠᠪᠣᠳ ᠪᠠ ᠡᠳ᠋ ᠬᠥᠷᠥᠩᠭᠡ᠎ᠶᠢᠨ ᠠᠮᠤᠷ ᠲᠦᠪᠱᠢᠨ᠎ᠢ ᠬᠠᠮᠠᠭᠠᠯᠠᠨ᠎ᠠ ᠭᠡᠵᠦ ᠳᠤᠷᠠᠳᠪᠠ᠃
ᠲᠠᠪᠤᠳᠤᠭᠠᠷ ᠲᠣ᠌᠂ ᠬᠠᠮᠲᠤ᠎ᠪᠠᠷ ᠪᠠᠶᠠᠵᠢᠬᠤ᠎ᠶᠢ ᠯᠠᠪᠳᠠᠭᠤᠨ ᠠᠬᠢᠭᠤᠯᠬᠤ ᠲᠤᠬᠠᠢ᠃ ᠶᠡᠷᠦᠩᠬᠡᠢ ᠱᠦᠵᠢ ᠰᠢ᠎ᠵᠢᠨ᠎ᠫᠢᠩ ᠪᠦᠬᠦ᠌ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ᠎ᠶᠢ ᠠᠬᠢᠭᠤᠯᠬᠤ ᠠᠯᠬᠤᠮ᠎ᠢ ᠯᠠᠪᠳᠠᠭᠤᠨ ᠪᠠᠲᠤᠲᠠᠢ ᠠᠯᠬᠤᠬᠤ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠲᠦᠯᠦᠪᠵᠢᠬᠦᠯᠭᠡ᠎ᠶᠢᠨ ᠬᠤᠭᠤᠴᠠᠭᠠᠨ ᠳ᠋ᠡᠬᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶᠢ ᠵᠢᠯᠣᠭᠣᠳᠭᠤ ᠶᠡᠷᠦᠩᠬᠡᠢ ᠴᠢᠨᠠᠷᠳᠠᠢ ᠱᠠᠭᠠᠷᠳᠠᠯᠭ᠎ᠠ ᠮᠦᠨ᠃ ᠱᠢᠨ᠎ᠡ ᠠᠶᠠᠨ᠎ᠳᠤ ᠡᠷᠬᠡᠪᠰᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶᠢᠨ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠍ ᠠᠷᠠᠳ᠎ᠤᠨ ᠠᠮᠢᠳᠤᠷᠠᠯ ᠪᠤᠶᠠᠨ ᠵᠢᠷᠭᠠᠯ᠎ᠢ ᠨᠡᠩ ᠥᠨᠳᠥᠷ ᠲᠦᠪᠱᠢᠨ᠎ᠳᠤ ᠬᠦᠷᠭᠡᠬᠦ᠌᠎ᠶᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃
《ᠰᠠᠨᠠᠭᠤᠯᠭ᠎ᠠ》᠎ᠶᠢᠨ ᠨᠤᠤᠷᠠᠭ ᠨᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢᠨ ᠲᠣᠭᠣᠷᠢᠨ᠎ᠳᠤ᠂ ᠠᠵᠢᠯ ᠣᠯᠭᠣᠯᠲᠠ᠂ ᠣᠷᠣᠯᠭ᠎ᠠ᠎ᠶᠢᠨ ᠨᠡᠮᠡᠭ᠌ᠳᠡᠯ᠂ ᠰᠤᠷᠭᠠᠨ ᠬᠥᠮᠦᠵᠢᠯ᠂ ᠨᠡᠢᠭᠡᠮ᠎ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠮᠦᠨ ᠠᠮᠠ᠂ ᠣᠷᠣᠨ ᠰᠠᠭᠤᠴᠠ ᠵᠡᠷᠭᠡ ᠲᠠᠯ᠎ᠠ᠎ᠪᠠᠷ ᠨᠢᠭᠡ ᠪᠦᠯᠦᠭ ᠲᠡᠩᠴᠡᠭᠦᠷᠢᠲᠦ ᠴᠢᠨᠠᠷ᠎ᠢᠶᠡᠷ ᠴᠢᠩᠭ᠎ᠠ ᠠᠷᠭ᠎ᠠ ᠬᠡᠮᠵᠢᠶ᠎ᠡ᠎ᠶᠢ ᠪᠠᠢᠷᠢᠯᠠᠭᠤᠯᠪᠠ᠃ ᠬᠣᠲᠠ ᠬᠥᠳᠡᠭᠡ᠎ᠶᠢᠨ ᠵᠥᠷᠢᠶ᠎ᠡ᠂ ᠣᠷᠣᠨ ᠪᠦᠰᠡ᠎ᠶᠢᠨ ᠵᠥᠷᠢᠶ᠎ᠡ᠎ᠶᠢ ᠪᠠᠭᠠᠰᠭᠠᠬᠤ᠎ᠶᠢ ᠪᠤᠳᠤᠯᠬᠢᠯᠠᠵᠦ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶᠢ ᠲᠦᠷᠭᠡᠳᠭᠡᠬᠦ᠌᠂ ᠵᠡᠭᠦᠨ ᠳᠤᠮᠳᠠ ᠪᠠᠷᠠᠭᠤᠨ ᠬᠡᠰᠡᠭ᠎ᠤᠨ ᠠᠢᠮᠠᠭ ᠬᠣᠲᠠ᠎ᠶᠢᠨ ᠵᠣᠬᠢᠴᠠᠩᠭᠤᠶ ᠬᠥᠭ᠌ᠵᠢᠯᠳᠡ᠎ᠶᠢ ᠠᠬᠢᠭᠤᠯᠬᠤ ᠵᠡᠷᠭᠡ᠎ᠳᠤ ᠲᠣᠬᠢᠷᠠᠭᠤᠯᠤᠯᠲᠠ ᠬᠢᠪᠡ᠃ ᠠᠷᠠᠳ ᠲᠦᠮᠡᠨ᠎ᠤ ᠤᠶᠤᠨ᠎ᠤ ᠠᠮᠢᠳᠤᠷᠠᠯ᠎ᠤᠨ ᠬᠠᠮᠲᠤ ᠪᠡᠷ ᠪᠠᠶᠠᠵᠢᠬᠤ᠎ᠶᠢ ᠠᠬᠢᠭᠤᠯᠬᠤ ᠲᠠᠯ᠎ᠠ᠎ᠡᠴᠡ ᠪᠣᠳᠣᠯᠬᠢᠯᠠᠨ᠂ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠤᠨ ᠦᠵᠡᠯᠲᠡ᠎ᠶᠢ ᠪᠠᠳᠠᠷᠠᠭᠤᠯᠤᠨ ᠦᠢᠯᠡᠳᠦᠯᠭᠡᠵᠢᠭᠦᠯᠬᠦ᠌᠂ ᠰᠣᠶᠣᠯ᠎ᠤᠨ ᠠᠵᠢᠯ ᠦᠢᠯᠡᠰ ᠰᠣᠶᠣᠯ᠎ᠤᠨ ᠠᠵᠤ ᠦᠢᠯᠡᠰ᠎ᠤᠨ ᠬᠥᠭ᠌ᠵᠢᠯᠲᠡ᠎ᠶᠢ ᠠᠬᠢᠭᠤᠯᠬᠤ ᠵᠡᠷᠭᠡ᠎ᠶᠢ ᠳᠤᠷᠠᠳᠤᠨ ᠭᠠᠷᠭᠠᠪᠠ᠃
ᠵᠢᠷᠭᠤᠳᠤᠭᠠᠷ ᠲᠣ᠌᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠭᠠᠬᠤ ᠲᠤᠬᠠᠢ᠃ ᠡᠨᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠦᠨᠳᠦᠰᠦᠨ ᠪᠠᠲᠤᠯᠠᠭ᠎ᠠ ᠮᠥᠨ᠃ 《ᠰᠠᠨᠠᠭᠤᠯᠭ᠎ᠠ》᠎ᠶᠢᠨ ᠨᠤᠤᠷᠠᠭ᠎ᠲᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠰᠠᠢ᠌ᠨ ᠰᠠᠢᠬᠠᠨ ᠤᠯᠤᠰ ᠲᠦᠷᠦ᠍᠎ᠶᠢᠨ ᠠᠮᠢ ᠠᠬᠤᠢ᠎ᠶᠢ ᠪᠤᠢ ᠪᠣᠯᠭᠠᠬᠤ᠎ᠪᠠᠷ ᠭᠣᠣᠯᠳᠠᠭᠤᠯᠵᠤ᠂ ᠡᠷᠭᠡᠪᠰᠢ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠷᠭᠦᠯᠵᠢᠯᠡᠨ ᠦᠵᠡᠯ ᠰᠠᠨᠠᠭ᠎ᠠ ᠪᠡᠨ ᠨᠢᠭᠡᠳᠭᠡᠵᠤ᠂ ᠵᠣᠷᠢᠭ ᠰᠠᠨᠠᠭ᠎ᠠ ᠪᠡᠨ ᠨᠢᠭᠡᠳᠭᠡᠵᠦ᠍᠂ ᠦᠢᠯᠡ ᠠᠵᠢᠯᠯᠠᠭ᠎ᠠ ᠪᠡᠨ ᠨᠢᠭᠡᠳᠭᠡᠵᠦ᠍᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠎ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠤᠨ ᠲᠣᠭ᠍ᠲᠠᠴᠠ᠎ᠶᠢ ᠪᠦᠷᠢᠨᠱᠢᠬᠦᠯᠬᠦ᠌ ᠬᠡᠷᠡᠭ᠌ᠲᠡᠢ; ᠺᠠᠳ᠋ᠷ᠎ᠢ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶᠢ ᠲᠡᠭᠦᠯᠳᠡᠷᠵᠢᠭᠦᠯᠵᠦ᠍᠂ ᠺᠠᠳ᠋ᠷ᠎ᠤᠨ ᠰᠤᠷᠤᠯᠴᠠᠯᠭ᠎ᠠ᠎ᠶᠢ ᠶᠡᠬᠡ᠎ᠪᠠᠷ ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠠᠬᠢᠭᠤᠯᠬᠤ ᠭᠡᠷᠡᠭᠳᠠᠢ; ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶᠢ ᠴᠥᠬᠥᠷᠡᠰᠢ ᠦᠭᠡᠢ ᠲᠤᠭᠤᠱᠢᠯᠠᠭᠤᠯᠬᠤ ᠭᠡᠷᠡᠭᠳᠠᠢ;ᠡᠷᠬᠡ᠎ᠶᠢᠨ ᠲᠤᠬᠢᠷᠠᠭᠤᠯᠤᠯᠳᠠ᠂ ᠠᠵᠢᠯᠯᠠᠭᠠᠨ᠎ᠤ ᠵᠢᠷᠤᠮᠵᠢᠯ ᠪᠠ ᠬᠢᠨᠠᠯᠲᠠ᠎ᠶᠢ ᠴᠢᠩᠭᠠᠳᠭᠠᠬᠤ ᠭᠡᠷᠡᠭᠳᠠᠢ; ᠰᠠᠬᠢᠯᠭ᠎ᠠ ᠪᠠᠲᠤ᠎ᠶᠢ ᠰᠤᠷᠤᠯᠴᠠᠬᠤ ᠰᠠᠬᠢᠯᠭ᠎ᠠ ᠪᠠᠲᠤ᠎ᠶᠢ ᠮᠡᠳᠡᠬᠦ ᠰᠠᠬᠢᠯᠭ᠎ᠠ ᠪᠠᠲᠤ᠎ᠶᠢ ᠰᠠᠬᠢᠬᠤ᠎ᠶᠢ ᠪᠠᠢᠩᠭᠤᠵᠢᠭᠤᠯᠤᠨ ᠠᠬᠢᠭᠤᠯᠬᠤ ᠬᠡᠷᠡᠭ᠌ᠲᠡᠶ; ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠤᠨ ᠪᠤᠭᠤᠮᠳᠠ ᠰᠢᠪᠳᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠲᠠᠢ᠌ᠯᠠᠯᠳᠤᠭᠠᠨ᠂ ᠶᠡᠷᠦᠩᠬᠡᠢ ᠲᠠᠢ᠌ᠯᠠᠯᠳᠤᠭᠠᠨᠤ ᠢᠯᠠᠯᠲᠠ᠎ᠶᠢ ᠵᠠᠪᠠᠯ ᠲᠡᠮᠡᠴᠡᠨ ᠣᠯᠬᠤ ᠭᠡᠷᠡᠭᠳᠡᠢ ᠭᠡᠵᠤ ᠴᠢᠬᠤᠯᠠᠴᠢᠯᠠᠪᠠ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ 《ᠰᠠᠨᠠᠭᠤᠯᠭ᠎ᠠ》᠎ᠶᠢ ᠬᠢᠨᠠᠨ ᠵᠦᠪᠯᠡᠵᠦ ᠪᠠᠲᠤᠯᠠᠬᠤ ᠪᠣᠯ ᠡᠨᠡ ᠤᠳᠠᠭ᠎ᠠ᠎ᠶᠢᠨ ᠪᠦᠭᠦᠳᠡ ᠬᠤᠷᠠᠯ᠎ᠤᠨ ᠭᠣᠣᠯ ᠡᠭᠦᠷᠭᠡ ᠮᠥᠨ᠃ ᠤᠯᠠᠨ ᠲᠠᠶᠠᠭᠠᠷ᠎ᠲᠤ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠶᠠᠷᠢᠯᠴᠠᠵᠤ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ᠎ᠶᠢ ᠢᠯᠡᠭᠦᠬᠡᠨ ᠳᠤᠷᠠᠳᠴᠤ᠌᠂ ᠡᠨᠡ ᠤᠳᠠᠭ᠎ᠠ᠎ᠶᠢᠨ ᠪᠦᠬᠦᠳᠡ ᠬᠤᠷᠠᠯ᠎ᠢ ᠬᠠᠮᠲᠤ᠎ᠪᠠᠷ ᠰᠠᠢᠲᠤᠷ ᠬᠤᠷᠠᠯᠳᠤᠭᠤᠯᠵᠤ᠂ 《ᠰᠠᠨᠠᠭᠤᠯᠭ᠎ᠠ》᠎ᠶᠢᠨ ᠨᠤᠤᠷᠠᠭ᠎ᠢ ᠰᠠᠢᠲᠤᠷ ᠵᠠᠰᠠᠬᠤ᠎ᠶᠢ ᠬᠦᠰᠡᠵᠦ᠍ ᠪᠠᠢᠨ᠎ᠠ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ