ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠎ᠶ᠋ᠢᠨ ᠬᠠᠷᠪᠤᠯᠲᠠ ᠎ᠶ᠋ᠢᠨ ᠡᠭᠦᠷᠭᠡ ᠲᠡᠭᠦᠰ ᠠᠮᠵᠢᠯᠲᠠ ᠤᠯᠪᠠ ᠡᠵᠡᠨ᠎ᠡ ᠳᠤᠮᠳᠠᠳᠤ ᠤᠯᠤᠰ ᠎ᠤᠨ ᠰᠠᠨᠰᠠᠷ ᠎ᠲᠤ ᠨᠢᠰᠭᠦ ᠱᠢᠨ᠎ᠡ ᠦᠨᠳᠦᠷᠴᠡ ᠵᠢ ᠳᠠᠬᠢᠨᠲᠠ ᠲᠣᠳᠣᠷᠬᠠᠢᠯᠠᠵᠡᠢ

ᠨᠡᠶ᠋ᠢᠲᠡᠯᠡᠭᠰᠡᠨ ᠴᠠᠭ᠄   2025-11-27

ᠳᠤᠮᠳᠠᠳᠤ ᠤᠯᠤᠰ ᠎ᠤᠨ ᠬᠥᠮᠦᠨ ᠰᠠᠭᠤᠯᠭᠠᠭ᠍ᠰᠠᠨ ᠰᠠᠨᠰᠠᠷ ᠎ᠤᠨ ᠠᠶᠠᠯᠠᠯ ᠎ᠤᠨ ᠢᠨᠵᠧᠨᠧᠷᠢᠩ᠎ᠦᠨ ᠠᠯᠪᠠᠨ ᠬᠡᠷ ᠎ᠦᠨ ᠮᠡᠳᠡᠭᠡ ᠎ᠶ᠋ᠢ ᠦᠨᠳᠦᠰᠦᠯᠡᠪᠡᠯ᠂ ᠪᠡᠭᠡᠵᠢᠩ ᠎ᠦᠨ ᠴᠠᠭ ᠎ᠢᠶᠠᠷ 2025 ᠣᠨ ᠎ᠤ 11 ᠰᠠᠷ᠎ᠠ ᠎ᠶ᠋ᠢᠨ 25 ᠎ᠤ᠋ ᠡᠳᠦᠷ ᠎ᠦᠨ 12 ᠴᠠᠭ 11 ᠮᠢᠨᠦ᠋ᠲ ᠎ᠲᠦ᠂ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠎ᠶ᠋ᠢ ᠠᠴᠢᠶᠠᠯᠠᠭ᠍ᠰᠠᠨ ᠴᠠᠩ ᠵᠧᠩ ᠬᠣᠶᠠᠳᠤᠭᠠᠷ F ᠠᠯᠤᠰ ᠡᠵᠡᠮᠱᠢᠯᠲᠦ ᠬᠣᠷᠢᠨ ᠬᠣᠶᠠᠳᠤᠭᠠᠷ ᠬᠥᠯᠭᠡ ᠲᠡᠢᠷᠦᠯᠲᠦ ᠰᠤᠮᠤ ᠎ᠶ᠋ᠢ ᠥᠪᠥᠷ ᠮᠣᠩᠭᠣᠯ ᠎ᠤᠨ ᠠᠯᠠᠱᠠ ᠠᠢᠮᠠᠭ ᠎ᠤᠨ ᠡᠵᠡᠨ᠎ᠡ ᠬᠣᠱᠢᠭᠤᠨ ᠎ᠤ ᠬᠢᠯᠢ ᠳᠣᠲᠣᠷᠠᠬᠢ ᠳ᠋ᠦᠩᠹᠧᠩ ᠰᠠᠨᠰᠠᠷ ᠎ᠤᠨ ᠠᠶᠠᠯᠠᠯ ᠎ᠤᠨ ᠬᠣᠲᠠ ᠲᠤᠬᠠᠢᠯᠠᠪᠠᠯ ᠵᠢᠦᠴᠢᠦᠸᠠᠨ ᠎ᠤ ᠳᠠᠭᠠᠭᠤᠯᠢ ᠣᠲᠣ ᠬᠠᠷᠪᠤᠬᠤ ᠲᠥᠪ ᠎ᠡᠴᠡ ᠬᠠᠷᠪᠤᠵᠤ ᠭᠠᠷᠭᠠᠪᠠ᠂ ᠪᠠᠷᠤᠭ 10 ᠮᠢᠨᠦ᠋ᠲ ᠎ᠦᠨ ᠳᠠᠷᠠᠭ᠎ᠠ᠂ ᠨᠢᠰᠭᠦ ᠣᠩᠭᠣᠴᠠ ᠲᠡᠢᠷᠦᠯᠲᠦ ᠰᠤᠮᠤ ᠎ᠡᠴᠡ ᠠᠮᠵᠢᠯᠲᠠ ᠎ᠲᠠᠶ ᠰᠠᠯᠤᠭᠰᠠᠨ ᠪᠥᠭᠡᠳ ᠵᠢᠱ᠌ᠢᠭ᠌ᠰᠡᠨ ᠲᠣᠭᠣᠷᠢᠯᠲᠠ ᠎ᠶ᠋ᠢᠨ ᠵᠠᠮ ᠎ᠳᠤ ᠣᠷᠣᠵᠤ᠂ ᠬᠠᠷᠪᠤᠯᠲᠠ ᠎ᠶ᠋ᠢᠨ ᠡᠭᠦᠷᠭᠡ ᠲᠡᠭᠦᠰ ᠠᠮᠵᠢᠯᠲᠠ ᠤᠯᠪᠠ᠃ ᠡᠨᠡ ᠪᠣᠯ ᠳᠤᠮᠳᠠᠳᠤ ᠤᠯᠤᠰ ᠎ᠤᠨ ᠬᠥᠮᠦᠨ ᠰᠠᠭᠤᠯᠭᠠᠭᠰᠠᠨ ᠰᠠᠨᠰᠠᠷ ᠎ᠤᠨ ᠢᠨᠵᠧᠨᠧᠷᠢᠩ ᠎ᠦᠨ ᠠᠩᠬᠠᠳᠤᠭᠠᠷ ᠤᠳᠠᠭᠠᠨ ᠎ᠤ ᠪᠠᠴᠢᠮ ᠪᠠᠢᠳᠠᠯ ᠎ᠢ ᠠᠷᠭᠠᠴᠡᠭᠠᠬᠤ ᠬᠠᠷᠪᠤᠯᠲᠠ ᠎ᠶ᠋ᠢᠨ ᠡᠭᠦᠷᠭᠡ ᠪᠣᠯᠤᠨ᠎ᠠ᠃

15 ᠴᠠᠭ 50 ᠮᠢᠨᠦ᠋ᠲ ᠎ᠲᠦ᠂ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠎ᠶ᠋ᠢ ᠰᠠᠨᠰᠠᠷ ᠎ᠤᠨ ᠦᠷᠳᠡᠬᠡ ᠎ᠶ᠋ᠢᠨ ᠲᠢᠶᠠᠨ ᠾᠸ ᠭᠣᠣᠯ ᠦᠷᠦᠬᠡ ᠎ᠶ᠋ᠢᠨ ᠡᠮᠦᠨ᠎ᠡ ᠦᠵᠦᠭᠦᠷᠯᠢᠭ ᠎ᠲᠡᠶ ᠠᠮᠵᠢᠯᠲᠠ ᠎ᠲᠠᠶ ᠵᠣᠯᠭᠠᠭᠤᠯᠪᠠ᠃ ᠵᠣᠯᠭᠠᠭᠤᠯᠵᠤ ᠵᠠᠯᠭᠠᠬᠤ ᠵᠢ ᠪᠡᠶᠡᠯᠡᠭᠦᠯᠦᠭᠰᠡᠨ ᠎ᠤ ᠳᠠᠷᠠᠭ᠎ᠠ᠂ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠨᠡᠢᠯᠡᠮᠡᠯ ᠴᠣᠭ᠍ᠴᠠ ᠎ᠶ᠋ᠢᠨ ᠵᠣᠭ᠍ᠰᠣᠬᠤ ᠬᠡᠰᠡᠭ ᠎ᠲᠦ ᠣᠷᠣᠵᠤ᠂ ᠳᠠᠷᠠᠭ᠎ᠠ ᠨᠢ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠎ᠦᠨ ᠰᠠᠨᠰᠠᠷᠴᠢᠨ ᠎ᠤ ᠳᠤᠭᠤᠢᠯᠠᠩ ᠎ᠤᠨ ᠪᠤᠴᠠᠵᠤ ᠢᠷᠡᠬᠦ ᠨᠢᠰᠭᠦ ᠣᠩᠭᠣᠴᠠ ᠪᠤᠯᠬᠤ ᠪᠣᠯᠤᠨ᠎ᠠ᠃ ᠣᠳᠣᠬᠠᠨ ᠎ᠳᠤ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠎ᠦᠨ ᠰᠠᠨᠰᠠᠷᠴᠢᠨ ᠎ᠤ ᠳᠤᠭᠤᠢᠯᠠᠩ ᠎ᠤᠨ ᠲᠣᠭᠣᠷᠢᠯᠲᠠ ᠎ᠶ᠋ᠢᠨ ᠵᠠᠮ ᠎ᠳᠠᠬᠢ ᠪᠠᠢᠳᠠᠯ ᠨᠡᠯᠢᠶᠡᠳ ᠰᠠᠢ᠌ᠨ ᠪᠠᠢᠵᠤ᠂ ᠲᠥᠯᠥᠪᠯᠡᠭᠡ ᠶᠣᠰᠣᠭᠠᠷ ᠡᠯ᠎ᠡ ᠵᠦᠢᠯ ᠎ᠦᠨ ᠲᠣᠭ᠍ᠲᠠᠭ᠍ᠰᠠᠨ ᠠᠵᠢᠯ ᠎ᠢᠶᠠᠨ ᠪᠡᠶᠡᠯᠡᠭᠦᠯᠵᠦ᠍ ᠪᠠᠢᠨ᠎ᠠ᠃ ᠬᠤᠪᠢᠯᠭᠠᠨ ᠣᠩᠭᠣᠴᠠ ᠬᠣᠷᠢᠳᠤᠭᠠᠷ᠎ᠨᠢᠰᠬᠦ ᠤᠨᠭᠭᠤᠴᠠ ᠦᠷᠭᠦᠯᠵᠢᠯᠡᠨ ᠲᠣᠭᠣᠷᠢᠯᠲᠠ᠎ᠶ᠋ᠢᠨ ᠵᠠᠮ ᠳ᠋ᠤ ᠦᠯᠡᠳᠡᠵᠦ᠍ ᠬᠣᠯᠪᠣᠭ᠍ᠳᠠᠯ ᠪᠦᠬᠦᠢ ᠲᠤᠷᠱᠢᠯᠲᠠ ᠬᠢᠨ᠎ᠡ᠃

ᠣᠢᠯᠠᠭᠠᠭ᠍ᠰᠠᠨ᠎ᠢᠶᠠᠷ᠂ ᠬᠤᠪᠢᠯᠭᠠᠨ ᠣᠩᠭᠣᠴᠠ ᠬᠣᠷᠢᠨ ᠬᠣᠶᠠᠳᠤᠭᠠᠷ ᠨᠢᠰᠭᠦ ᠣᠩᠭᠣᠴᠠ ᠨᠢ ᠬᠥᠮᠦᠨ ᠥᠬᠡᠶ ᠪᠠᠢᠳᠠᠯ ᠲᠠᠢ ᠪᠠᠢᠵᠤ᠂ ᠰᠠᠨᠰᠠᠷ᠎ᠤᠨ ᠠᠶᠠᠯᠠᠯ᠎ᠤᠨ ᠢᠳᠡᠭᠡᠨ᠂ ᠰᠠᠨᠰᠠᠷ ᠎ᠤᠨ ᠠᠶᠠᠯᠠᠯ ᠎ᠤᠨ ᠡᠮ᠎ᠦᠨ ᠵᠦᠶ᠋ᠯᠡᠰ᠂ ᠱᠢᠨ᠎ᠡ ᠰᠣᠷᠭᠣᠭ ᠵᠢᠮᠢᠰ ᠢᠳᠡᠱᠢᠨ ᠨᠣᠭᠣᠭ᠎ᠠ᠂ ᠬᠤᠪᠢᠯᠭᠠᠨ ᠣᠩᠭᠣᠴᠠ ᠬᠣᠷᠢᠳᠤᠭᠠᠷ ᠨᠢᠰᠭᠦ ᠣᠩᠭᠣᠴᠠ᠎ᠶ᠋ᠢᠨ ᠬᠠᠵᠠᠭᠤ᠎ᠵᠢᠨ ᠴᠣᠩᠬᠣ᠎ᠶ᠋ᠢᠨ ᠴᠠᠪᠠ᠎ᠶ᠋ᠢ ᠱᠢᠶ᠋ᠳᠪᠦᠷᠢᠯᠡᠬᠦ᠌ ᠲᠥᠬᠥᠭᠡᠷᠦᠮᠵᠢ ᠵᠢᠴᠢ ᠰᠠᠨᠰᠠᠷ᠎ᠤᠨ ᠥᠷᠲᠡᠭᠡ᠎ᠶ᠋ᠢᠨ ᠬᠡᠷᠡᠭ᠌ᠰᠡᠬᠦ᠌ ᠪᠡᠯᠡᠳᠭᠡᠯ ᠪᠤᠳᠠᠰ ᠪᠡᠯᠡᠳᠭᠡᠯ ᠲᠣᠨᠣᠭ ᠵᠡᠷᠭᠡ᠎ᠶ᠋ᠢ ᠠᠴᠢᠶᠠᠯᠠᠬᠰᠡᠨ ᠪᠠᠢᠨ᠎ᠠ᠃

ᠡᠨᠡ ᠤᠳᠠᠭᠠᠨ ᠎ᠤ ᠡᠭᠦᠷᠭᠡ ᠪᠣᠯ ᠳᠤᠮᠳᠠᠳᠤ ᠤᠯᠤᠰ ᠎ᠤᠨ ᠬᠥᠮᠦᠨ ᠰᠠᠭᠤᠯᠭᠠᠭᠰᠠᠨ ᠰᠠᠨᠰᠠᠷ ᠎ᠤᠨ ᠠᠶᠠᠯᠠᠯ᠎ᠤᠨ ᠢᠨᠵᠧᠨᠧᠷᠢᠩ ᠎ᠦᠨ ᠰᠡᠳᠦᠪ ᠲᠣᠭ᠍ᠲᠠᠭᠠᠵᠤ ᠬᠡᠷᠡᠭ᠌ᠵᠢᠭᠦᠯᠦᠭ᠌ᠰᠡᠨ ᠎ᠡᠴᠡ ᠨᠠᠭᠠᠱᠢᠬᠢ 38 ᠳ᠋ᠤᠭᠠᠷ ᠤᠳᠠᠭ᠎ᠠ ᠎ᠵᠢᠨ ᠬᠠᠷᠪᠤᠯᠲᠠ᠎ᠶ᠋ᠢᠨ ᠡᠭᠦᠷᠭᠡ ᠪᠠ ᠴᠠᠩ ᠵᠧᠩ ᠱᠢᠷᠢᠰ ᠬᠥᠯᠭᠡ ᠲᠡᠢᠷᠦᠯᠲᠦ ᠰᠤᠮᠤ ᠎ᠶ᠋ᠢᠨ 610 ᠳ᠋ᠤᠭᠠᠷ ᠤᠳᠠᠭ᠎ᠠ᠎ᠵᠢᠨ ᠨᠢᠰᠦᠯᠲᠡ ᠪᠣᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ