ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠪᠦᠬᠦ ᠣᠷᠣᠨ᠎ᠤ ᠬᠤᠳᠠ᠎ᠶᠢᠨ ᠬᠡᠪᠴᠢᠶᠡᠨ᠎ᠦ ᠠᠵᠤ ᠦᠢᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠎ᠶᠢᠨ ᠠᠵᠢᠯ ᠲᠦᠷᠦᠯ᠎ᠦᠨ ᠠᠵᠤ ᠦᠢᠯᠡᠰ ᠪᠠ ᠰᠤᠷᠭᠠᠨ ᠬᠥᠮᠦᠵᠢᠯ ᠠᠭᠤᠰᠤᠯᠴᠠᠭᠰᠠᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠬᠤᠷᠠᠯ ᠬᠤᠷᠠᠯᠳᠤᠪᠠ

ᠨᠡᠶ᠋ᠢᠲᠡᠯᠡᠭᠰᠡᠨ ᠴᠠᠭ᠄   2025-11-27

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠭᠣᠣᠯᠴᠢᠯᠠᠨ ᠡᠷᠭᠢᠯᠡᠭᠰᠡᠨ ᠪᠥᠬᠥ ᠣᠷᠣᠨ᠎ᠤ ᠬᠣᠲᠠ᠎ᠶᠢᠨ ᠬᠡᠪᠴᠢᠶᠡᠨ᠎ᠦ ᠠᠵᠤ ᠦᠢᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠂ ᠠᠵᠢᠯ ᠲᠥᠷᠥᠯ᠎ᠦᠨ ᠠᠵᠤ ᠦᠢᠯᠡᠰ ᠪᠠ ᠰᠤᠷᠭᠠᠨ ᠬᠥᠮᠦᠵᠢᠯ ᠠᠭᠤᠰᠤᠯᠴᠠᠭᠰᠠᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠬᠤᠷᠠᠯ ᠲᠦᠩᠯᠢᠶᠣᠣ ᠬᠣᠲᠠ᠎ᠳᠤ ᠬᠤᠷᠠᠯᠳᠤᠪᠠ᠃

ᠬᠤᠷᠠᠯ᠎ᠢᠶᠠᠷ ᠴᠢᠬᠤᠯᠠᠴᠢᠯᠠᠬᠤ᠎ᠳᠤ᠎ᠪᠠᠨ᠂ ᠬᠤᠳᠠ᠎ᠶᠢᠨ ᠬᠡᠪᠴᠢᠶᠡᠨ᠎ᠦ ᠠᠵᠤ ᠦᠢᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠂ ᠠᠵᠢᠯ ᠲᠦᠷᠦᠯ᠎ᠦᠨ ᠠᠵᠤ ᠦᠢᠯᠡᠰ ᠪᠠ ᠰᠤᠷᠭᠠᠨ ᠬᠥᠮᠦᠵᠢᠯ ᠠᠭᠤᠰᠤᠯᠴᠠᠭᠰᠠᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠠᠭᠤᠯᠤᠭᠳᠠᠬᠤᠨ᠎ᠢ ᠭᠦᠨᠵᠡᠭᠡᠢ ᠣᠢᠯᠠᠭᠠᠵᠤ᠂ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ ᠣᠯᠬᠤ᠎ᠪᠠᠷ ᠢᠳᠡᠪᠬᠢᠲᠡᠢ ᠴᠢᠷᠮᠠᠢᠵᠤ᠂ ᠠᠵᠤ ᠠᠬᠤᠢᠯᠠᠯ᠎ᠤᠨ ᠬᠡᠷᠡᠭᠴᠡᠭᠡ᠎ᠶᠢ ᠣᠨᠣᠴᠠᠲᠠᠢ ᠵᠣᠯᠭᠠᠭᠤᠯᠵᠤ᠂ ᠶᠡᠬᠡ ᠳᠡᠭᠡᠳᠦ ᠰᠤᠷᠭᠠᠭᠤᠯᠢ᠎ᠨᠤᠭᠤᠳ᠎ᠤᠨ ᠬᠣᠭᠣᠷᠣᠨᠳᠣᠬᠢ ᠬᠠᠮᠵᠢᠯᠴᠠᠭ᠎ᠠ᠎ᠶᠢ ᠭᠦᠨᠵᠡᠭᠡᠢᠷᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠣᠨ᠎ᠤ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯᠲᠠᠨ ᠪᠠ ᠪᠡᠯᠡ ᠮᠥᠩᠭᠥᠨ᠎ᠦ ᠪᠠᠲᠤᠯᠠᠭ᠎ᠠ᠎ᠶᠢᠨ ᠲᠣᠭᠲᠠᠴᠠ᠎ᠶᠢ ᠪᠦᠷᠢᠨᠰᠢᠭᠦᠯᠬᠦ ᠬᠡᠷᠡᠭᠲᠡᠢ᠃ ᠵᠣᠷᠢᠭ᠍ᠲᠠᠢ᠎ᠪᠠᠷ ᠰᠢᠨ᠎ᠡ᠎ᠶᠢ ᠡᠭᠦᠳᠦᠨ ᠰᠢᠪᠲᠤᠯᠤᠯᠲᠠ ᠭᠠᠷᠭᠠᠵᠤ᠂ ᠣᠷᠣᠨ ᠪᠦᠰᠡ᠎ᠶᠢᠨ ᠠᠵᠤ ᠦᠢᠯᠡᠰ᠎ᠦᠨ ᠦᠢᠯᠡᠴᠢᠯᠡᠭᠡᠨ᠎ᠦ ᠨᠡᠷᠡᠲᠦ ᠲᠡᠮᠳᠡᠭ᠎ᠢ ᠬᠦᠴᠦᠯᠡᠨ ᠡᠭᠦᠳᠴᠦ᠂ ᠲᠤᠰᠬᠠᠢ ᠮᠡᠷᠭᠡᠵᠢᠯ᠎ᠦᠨ ᠳᠡᠰ ᠳᠡᠪᠰᠢᠯᠲᠡ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠤᠯᠲᠠ᠎ᠶᠢ ᠠᠬᠢᠭᠤᠯᠵᠤ᠂ ᠦᠷ᠎ᠡ ᠪᠦᠲᠦᠭᠡᠯ᠎ᠢ ᠤᠯᠠᠷᠢᠭᠤᠯᠤᠨ ᠨᠠᠢᠳᠠᠪᠤᠷᠢᠵᠢᠭᠤᠯᠬᠤ᠎ᠶᠢ ᠲᠦᠷᠭᠡᠳᠬᠡᠬᠦ ᠬᠡᠷᠡᠭᠲᠡᠢ ᠭᠡᠪᠡ᠃

ᠬᠤᠷᠠᠯ ᠳᠡᠭᠡᠷ᠎ᠡ ᠬᠤᠳᠠ᠎ᠶᠢᠨ ᠬᠡᠪᠴᠢᠶᠡᠨ᠎ᠦ ᠠᠵᠤ ᠦᠢᠯᠡᠰ ᠪᠠ ᠰᠤᠷᠭᠠᠨ ᠬᠥᠮᠦᠵᠢᠯ᠎ᠦᠨ 6 ᠬᠣᠯᠪᠣᠭᠠᠲᠤ ᠴᠣᠭᠴᠠ ᠪᠠ ᠠᠵᠢᠯ ᠲᠦᠷᠦᠯ᠎ᠦᠨ ᠠᠵᠤ ᠦᠢᠯᠡᠰ ᠪᠠ ᠰᠤᠷᠭᠠᠨ ᠬᠥᠮᠦᠵᠢᠯ ᠠᠭᠤᠰᠤᠯᠴᠠᠭᠰᠠᠨ 8 ᠬᠠᠮᠲᠤ᠎ᠶᠢᠨ ᠴᠣᠭᠴᠠ᠎ᠳᠤ ᠫᠠᠢᠰᠠ ᠣᠯᠭᠣᠵᠤ᠂ 9  ᠲᠦᠷᠦᠭᠦᠯᠡᠨ ᠬᠢᠬᠦ ᠨᠢᠭᠡᠴᠢ ᠠᠵᠢᠯ᠎ᠤᠨ ᠠᠬᠢᠴᠠ᠎ᠪᠠᠨ ᠬᠠᠷᠢᠭᠤ ᠮᠡᠳᠡᠭᠦᠯᠵᠡᠢ᠃ ᠲᠠᠨᠢᠯᠴᠠᠭᠤᠯᠤᠭᠰᠠᠨ᠎ᠢᠶᠠᠷ᠂ ᠲᠦᠩᠯᠢᠶᠣᠣ ᠬᠣᠲᠠ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠰᠠᠭᠤᠷᠢ ᠯᠠᠪᠳᠠᠭᠤᠨ ᠪᠠᠲᠤᠲᠠᠢ ᠪᠠᠢᠵᠤ᠂ ᠣᠳᠣᠬᠠᠨ᠎ᠳᠤ᠎ᠪᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ 16᠂ ᠣᠨᠴᠠᠯᠢᠭ᠍ᠲᠤ ᠠᠵᠤ ᠦᠢᠯᠡᠰ᠎ᠦᠨ ᠳᠡᠭᠡᠳᠦ ᠰᠤᠷᠭᠠᠭᠤᠯᠢ 11 ᠪᠠᠢᠵᠤ᠂ ᠤᠷ᠎ᠠ ᠮᠡᠷᠭᠡᠰᠢᠯ᠎ᠦᠨ ᠴᠢᠳᠠᠪᠤᠷᠢᠲᠠᠨ᠎ᠢ ᠵᠢᠯ ᠪᠦᠷᠢ ᠳᠤᠮᠳᠠᠴᠢ᠎ᠪᠠᠷ 3 ᠲᠦᠮᠡ ᠭᠠᠷᠤᠢ ᠬᠥᠮᠥᠵᠢᠭᠦᠯᠵᠦ᠂ ᠣᠷᠣᠨ ᠪᠦᠰᠡ᠎ᠶᠢᠨ ᠬᠥᠭᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠵᠤ ᠪᠠᠢᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ