ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠮᠠᠨ᠎ᠤ ᠣᠷᠣᠨ ᠦᠨᠳᠦᠰᠦᠨ ᠱᠠᠲᠤᠨ᠎ᠤ ᠭᠤᠷᠪᠠᠨ ᠳᠡᠰ᠎ᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠪᠠᠢᠨ᠎ᠠ

ᠨᠡᠶ᠋ᠢᠲᠡᠯᠡᠭᠰᠡᠨ ᠴᠠᠭ᠄   2025-10-24

ᠮᠠᠨ᠎ᠤ ᠣᠷᠣᠨ ᠦᠨᠳᠦᠰᠦᠨ ᠱᠠᠲᠤᠨ᠎ᠤ ᠭᠤᠷᠪᠠᠨ ᠳᠡᠰ᠎ᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠪᠠᠢᠨ᠎ᠠ᠃ 9 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠳᠦ ᠰᠢᠶᠠᠨ᠎ᠤ ᠳᠡᠰ᠎ᠦᠨ ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ ᠪᠠᠢᠭᠤᠯᠤᠮᠵᠢ᠎ᠶᠢ ᠪᠦᠷᠬᠦᠭᠦᠯᠦᠭᠰᠡᠨ ᠨᠣᠷᠮ᠎ᠠ 99%᠎ᠳᠤ ᠬᠦᠷᠴᠦ᠂ ᠲᠥᠪᠯᠡᠷᠡᠭᠦᠯᠦᠨ ᠠᠰᠠᠷᠠᠨ ᠲᠡᠵᠢᠭᠡᠯᠭᠡᠬᠦ ᠬᠦᠰᠡᠯᠲᠡ ᠲᠠᠢ ᠣᠨᠴᠠ ᠬᠦᠴᠢᠷᠳᠡᠯᠲᠡᠢ ᠬᠥᠮᠥᠰ᠎ᠢ ᠲᠥᠪᠯᠡᠷᠡᠭᠦᠯᠦᠨ ᠠᠰᠠᠷᠠᠨ ᠲᠡᠵᠢᠭᠡᠭᠰᠡᠨ ᠨᠣᠷᠮ᠎ᠠ 100%᠎ᠳᠤ ᠬᠦᠷᠴᠡᠢ; ᠬᠣᠲᠠ᠎ᠶᠢᠨ ᠨᠡᠢᠭᠡᠮ ᠲᠣᠭᠣᠷᠢᠭ᠋᠎ᠤᠨ ᠭᠡᠷ᠎ᠲᠦ᠎ᠪᠡᠨ ᠨᠠᠰᠤᠵᠢᠯ᠎ᠤᠨ ᠠᠰᠠᠷᠠᠮᠵᠢ ᠬᠦᠷᠲᠡᠬᠦ ᠦᠢᠯᠡᠴᠢᠯᠡᠭᠡ᠎ᠶᠢ ᠪᠦᠷᠬᠦᠭᠦᠯᠦᠭᠰᠡᠨ ᠨᠣᠷᠮ᠎ᠠ 98.2%᠎ᠲᠤ ᠬᠦᠷᠴᠦ᠂ ᠰᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠣᠷᠣᠨ ᠪᠦᠰᠡ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠪ᠎ᠦᠨ ᠶᠡᠷᠦᠩᠬᠡᠢ ᠪᠦᠷᠬᠦᠴᠡ᠎ᠶᠢᠨ ᠨᠣᠷᠮ᠎ᠠ 84.6%᠎ᠳᠤ ᠬᠦᠷᠴᠡᠢ; ᠲᠣᠰᠬᠣᠨ᠎ᠤ ᠳᠡᠰ᠎ᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠥᠷᠲᠡᠭᠡ (ᠵᠣᠯ ᠵᠢᠷᠭᠠᠯᠠᠩᠲᠤ ᠬᠦᠷᠢᠶᠡᠯᠡᠩ᠎ᠢ ᠪᠠᠭᠲᠠᠭᠠᠨ᠎ᠠ)᠎ᠶᠢᠨ ᠦᠢᠯᠡᠴᠢᠯᠡᠭᠡ᠎ᠶᠢ ᠪᠦᠷᠬᠦᠭᠦᠯᠦᠭᠰᠡᠨ ᠨᠣᠷᠮ᠎ᠠ 57.7% ᠪᠠᠢᠵᠤ᠂ ᠪᠠᠢᠷᠢᠰᠢᠯ ᠨᠢ ᠵᠦᠢ ᠵᠣᠬᠢᠰᠲᠠᠢ᠂ ᠴᠢᠳᠠᠮᠵᠢ᠎ᠨᠤᠭᠤᠳ ᠨᠢ ᠬᠠᠷᠢᠯᠴᠠᠨ ᠨᠥᠬᠥᠪᠦᠷᠢᠯᠡᠭᠰᠡᠨ᠂ ᠨᠢᠭᠡᠳᠦᠯᠲᠡᠢ ᠲᠥᠯᠥᠪᠯᠡᠨ ᠵᠣᠯᠭᠠᠭᠤᠯᠤᠭᠰᠠᠨ ᠰᠢᠶᠠᠨ ᠰᠢᠶᠠᠩ ᠲᠣᠰᠬᠣᠨ ᠭᠤᠷᠪᠠᠨ ᠳᠡᠰ᠎ᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠠᠩᠬ᠎ᠠ ᠠᠯᠬᠤᠮ ᠪᠦᠷᠢᠯᠳᠦᠭᠦᠯᠪᠡ᠃ (ᠠᠷᠠᠳ᠎ᠤᠨ ᠶᠠᠪᠤᠳᠠᠯ᠎ᠤᠨ ᠲᠢᠩᠬᠢᠮ) 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ