ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠪᠦᠬᠦ ᠤᠯᠤᠰ᠎ᠤᠨ ᠣᠷᠣᠨ ᠪᠦᠰᠡ᠎ᠶᠢᠨ ᠰᠤᠷᠭᠠᠨ ᠬᠥᠮᠦᠵᠢᠯ᠎ᠦᠨ ᠰᠢᠨ᠎ᠡ ᠡᠭᠦᠳᠦᠯᠲᠡ ᠪᠠ ᠬᠥᠭᠵᠢᠯᠲᠡ᠎ᠶᠢᠨ ᠰᠤᠳᠤᠯᠤᠨ ᠶᠠᠷᠢᠯᠴᠠᠬᠤ ᠬᠤᠷᠠᠯ ᠶᠠᠪᠤᠭᠳᠠᠪᠠ

ᠨᠡᠶ᠋ᠢᠲᠡᠯᠡᠭᠰᠡᠨ ᠴᠠᠭ᠄   2025-10-24

10 ᠳ᠋ᠤᠭᠠᠷ ᠰᠠᠷ᠎ᠠ᠎ᠶᠢᠨ 20 ᠎ᠤ ᠡᠳᠦᠷ᠂ ᠪᠥᠬᠥ ᠤᠯᠤᠰ᠎ᠤᠨ ᠣᠷᠣᠨ ᠪᠦᠰᠡ᠎ᠶᠢᠨ ᠰᠤᠷᠭᠠᠨ ᠬᠥᠮᠦᠵᠢᠯ᠎ᠦᠨ ᠰᠢᠨ᠎ᠡ ᠡᠭᠦᠳᠦᠯᠲᠡ ᠪᠠ ᠬᠥᠭᠵᠢᠯᠲᠡ᠎ᠶᠢᠨ ᠰᠤᠳᠤᠯᠤᠨ ᠶᠠᠷᠢᠯᠴᠠᠬᠤ ᠬᠤᠷᠠᠯ ᠬᠢᠭᠡᠳ ᠬᠢᠶ᠎ᠠ ᠪᠠᠭ᠍ᠰᠢ ᠲᠣᠭᠣᠷᠢᠭ᠋᠎ᠤᠨ 《ᠰᠠᠢᠨ ᠰᠠᠢᠬᠠᠨ ᠰᠤᠷᠭᠠᠨ ᠬᠥᠮᠦᠵᠢᠯ》᠎ᠤᠨ ᠠᠬᠤᠢ ᠲᠠᠯᠠᠪᠤᠷ᠎ᠤᠨ ᠬᠤᠷᠠᠯ ᠣᠷᠳᠣᠰ ᠬᠣᠲᠠ᠎ᠶᠢᠨ ᠬᠢᠶ᠎ᠠ ᠪᠠᠭ᠍ᠰᠢ ᠲᠣᠭᠣᠷᠢᠭ᠋᠎ᠲᠤ ᠶᠠᠪᠤᠭᠳᠠᠪᠠ᠃ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠵᠢᠴᠢ ᠪᠡᠭᠡᠵᠢᠩ᠂ ᠱᠠᠩᠬᠠᠢ᠂ ᠵᠧᠵᠢᠶᠠᠩ᠂ ᠱᠠᠨᠳᠦ᠋ᠩ ᠵᠡᠷᠭᠡ ᠭᠠᠵᠠᠷ᠎ᠤᠨ ᠶᠡᠬᠡ ᠳᠡᠭᠡᠳᠦ ᠰᠤᠷᠭᠠᠭᠤᠯᠢ᠂ ᠰᠤᠷᠭᠠᠨ ᠬᠥᠮᠦᠵᠢᠯ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠰᠤᠷᠭᠠᠨ ᠬᠥᠮᠦᠵᠢᠯ᠎ᠦᠨ ᠲᠣᠪᠴᠢᠶ᠎ᠠ ᠵᠢᠴᠢ ᠨᠡᠷᠡᠳᠤ ᠳᠤᠮᠳᠠᠳᠤ ᠪᠠᠭ᠎ᠠ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠨ᠂ ᠰᠤᠷᠭᠠᠭᠤᠯᠢ᠎ᠶᠢᠨ ᠵᠠᠬᠢᠷᠤᠯ ᠪᠠᠭ᠍ᠰᠢ᠎ᠶᠢᠨ ᠲᠥᠯᠥᠭᠡᠯᠡᠭᠴᠢ ᠵᠡᠷᠭᠡ 600 ᠭᠠᠷᠤᠢ ᠬᠥᠮᠥᠨ ᠨᠢᠭᠡ ᠲᠠᠩᠬᠢᠮ᠎ᠳᠤ ᠴᠤᠭᠯᠠᠷᠠᠵᠤ᠂ ᠣᠷᠣᠨ ᠪᠦᠰᠡ᠎ᠶᠢᠨ ᠰᠤᠷᠭᠠᠨ ᠬᠥᠮᠦᠵᠢᠯ᠎ᠦᠨ ᠰᠢᠨ᠎ᠡ ᠡᠭᠦᠳᠦᠯᠲᠡ ᠪᠠ ᠬᠥᠭᠵᠢᠯᠲᠡ᠎ᠶᠢᠨ ᠶᠡᠬᠡ ᠪᠣᠳᠣᠯᠭ᠎ᠠ᠎ᠶᠢ ᠵᠥᠪᠳᠡᠯᠴᠡᠪᠡ᠃

ᠲᠣᠰ ᠤᠳᠠᠭ᠎ᠠ᠎ᠶᠢᠨ ᠬᠤᠷᠠᠯ ᠨᠢ 《ᠪᠥᠬᠥ ᠣᠷᠣᠨ ᠪᠦᠰᠡ᠎ᠶᠢᠨ ᠰᠠᠢᠨ ᠰᠠᠢᠬᠠᠨ ᠰᠤᠷᠭᠠᠨ ᠬᠥᠮᠦᠵᠢᠯ᠎ᠢ ᠡᠷᠭᠢᠯᠡᠵᠦ   ᠣᠷᠣᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠶ᠎ᠠ》 ᠭᠡᠳᠡᠭ᠎ᠢᠶᠡᠷ ᠭᠣᠣᠯ ᠰᠡᠳᠦᠪ ᠪᠣᠯᠭᠠᠵᠤ᠂ ᠠᠭᠤᠯᠭ᠎ᠠ᠎ᠳᠤ᠎ᠪᠠᠨ ᠭᠣᠣᠯ ᠲᠠᠯᠠᠪᠤᠷ᠎ᠤᠨ ᠬᠤᠷᠠᠯ᠂ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠬᠤ᠂ ᠦᠷ᠎ᠡ ᠪᠦᠲᠦᠭᠡᠯ᠎ᠢ ᠦᠵᠡᠬᠦ ᠵᠡᠷᠭᠡ ᠭᠤᠷᠪᠠᠨ ᠲᠣᠮᠣ᠌ ᠬᠡᠰᠡᠭ᠎ᠢ ᠬᠠᠮᠤᠷᠴᠤ᠂ ᠪᠥᠬᠥ ᠤᠯᠤᠰ᠎ᠤᠨ ᠴᠢᠨᠠᠷᠲᠠᠢ ᠰᠤᠷᠭᠠᠨ ᠬᠥᠮᠦᠵᠢᠯ᠎ᠦᠨ ᠰᠣᠯᠢᠯᠴᠠᠭᠠᠨ᠎ᠤ ᠲᠠᠪᠴᠠᠩ᠎ᠢ ᠠᠮᠵᠢᠯᠲᠠ ᠲᠠᠢ ᠪᠠᠢᠭᠤᠯᠪᠠ᠃ ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠨ ᠡᠷᠳᠡᠮᠲᠡᠳ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠭᠣᠣᠯᠯᠠᠬᠤ ᠮᠡᠳᠡᠯᠭᠡ ᠪᠣᠯᠪᠠᠰᠤᠷᠠᠯ᠎ᠤᠨ ᠬᠥᠮᠦᠵᠢᠯ᠂ ᠰᠢᠨ᠎ᠡ ᠴᠢᠨᠠᠷ ᠰᠠᠢᠲᠠᠢ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠂ ᠣᠷᠣᠨ ᠪᠦᠰᠡ᠎ᠶᠢᠨ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ ᠵᠡᠷᠭᠡ ᠭᠣᠣᠯᠯᠠᠬᠤ ᠵᠥᠪᠯᠡᠬᠦ ᠰᠡᠳᠦᠪ᠎ᠦᠨ ᠲᠣᠭᠣᠷᠢᠨ᠎ᠳᠤ ᠭᠣᠣᠯ ᠰᠡᠳᠦᠪᠲᠦ ᠮᠡᠳᠡᠭᠦᠯᠦᠯᠲᠡ ᠬᠢᠪᠡ; 《ᠣᠷᠣᠨ ᠪᠦᠰᠡ᠎ᠶᠢᠨ ᠬᠠᠮᠢᠶᠠᠷᠤᠯᠲᠠ᠎ᠶᠢᠨ ᠰᠢᠨ᠎ᠡ ᠡᠭᠦᠳᠦᠯᠲᠡ》 《ᠰᠤᠷᠭᠠᠭᠤᠯᠢ᠎ᠶᠢᠨ ᠵᠠᠰᠠᠯᠲᠠ᠎ᠶᠢᠨ ᠰᠢᠨ᠎ᠡ ᠡᠭᠦᠳᠦᠯᠲᠡ》 《ᠬᠢᠴᠢᠶᠡᠯ ᠬᠥᠮᠦᠵᠢᠯ᠎ᠦᠨ ᠥᠭᠡᠷᠡᠴᠢᠯᠡᠯᠲᠡ》 ᠭᠡᠬᠦ ᠭᠤᠷᠪᠠ ᠤᠳᠠᠭ᠎ᠠ᠎ᠶᠢᠨ ᠰᠤᠳᠤᠯᠤᠨ ᠶᠠᠷᠢᠯᠴᠠᠬᠤ ᠬᠤᠷᠠᠯ ᠬᠢᠵᠦ᠂ ᠴᠦᠩᠴᠢᠩ᠂ ᠪᠡᠭᠡᠵᠢᠩ᠂ ᠵᠢᠶᠠᠩᠰᠤ᠂ ᠰᠧᠴᠤᠸᠠᠨ᠂ ᠱᠠᠩᠬᠠᠢ ᠵᠡᠷᠭᠡ ᠭᠠᠵᠠᠷ᠎ᠤᠨ ᠰᠤᠷᠭᠠᠨ ᠬᠥᠮᠦᠵᠢᠯ᠎ᠦᠨ ᠬᠠᠮᠢᠶᠠᠷᠤᠯᠲᠠ᠎ᠶᠢᠨ ᠠᠵᠢᠯᠲᠠᠨ ᠬᠢᠭᠡᠳ ᠨᠠᠷᠠᠲᠤ ᠰᠤᠷᠭᠠᠭᠤᠯᠢ᠎ᠶᠢᠨ ᠵᠠᠬᠢᠷᠤᠯ ᠯᠤᠭ᠎ᠠ ᠣᠷᠣᠨ ᠪᠦᠰᠡ᠎ᠶᠢᠨ ᠰᠤᠷᠭᠠᠨ ᠬᠥᠮᠦᠵᠢᠯ᠎ᠦᠨ ᠵᠠᠰᠠᠯᠲᠠ ᠬᠢᠭᠡᠳ ᠰᠤᠷᠭᠠᠭᠤᠯᠢ᠎ᠶᠢᠨ ᠠᠭᠤᠯᠤᠭᠳᠠᠬᠤᠨ᠎ᠤ ᠬᠥᠭᠵᠢᠯᠲᠡ᠎ᠶᠢᠨ ᠠᠮᠵᠢᠯᠲᠠᠲᠠᠢ ᠲᠤᠷᠰᠢᠯᠭ᠎ᠠ ᠬᠢᠭᠡᠳ ᠦᠢᠯᠡᠳᠦᠯᠭᠡ᠎ᠶᠢᠨ ᠬᠡᠷᠡᠭ᠎ᠦᠨ ᠵᠢᠱ᠌ᠢᠶ᠎ᠡ᠎ᠶᠢ ᠬᠤᠪᠢᠶᠠᠯᠴᠠᠵᠤ᠂ ᠡᠯ᠎ᠡ ᠭᠠᠵᠠᠷ᠎ᠤᠨ ᠰᠣᠯᠢᠯᠴᠠᠭᠠᠨ᠎ᠤ ᠳᠤᠮᠳᠠ ᠬᠠᠷᠢᠯᠴᠠᠨ ᠯᠠᠪᠯᠠᠯᠲᠠ ᠪᠣᠯᠭᠠᠵᠤ ᠬᠠᠮᠲᠤ᠎ᠪᠠᠷ ᠤᠷᠤᠭᠰᠢᠯᠠᠬᠤ᠎ᠶᠢ ᠠᠬᠢᠭᠤᠯᠪᠠ᠃

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ