ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠥᠪᠥᠷ ᠮᠣᠩᠭᠣᠯ ᠡᠨᠡ ᠵᠢᠯ ᠲᠤᠰᠬᠠᠢ ᠨᠠᠷᠢᠯᠢᠭ᠋ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ᠎ᠢ 349 ᠪᠣᠢᠵᠢᠭᠤᠯᠵᠠᠢ

ᠨᠡᠶ᠋ᠢᠲᠡᠯᠡᠭᠰᠡᠨ ᠴᠠᠭ᠄   2025-10-24

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ ᠣᠢᠯᠠᠭᠠᠭᠰᠠᠨ᠎ᠢᠶᠡᠷ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ᠎ᠢᠶᠠᠷ ᠮᠠᠭᠠᠳᠯᠠᠨ ᠲᠣᠭᠲᠠᠭᠠᠬᠤ ᠨᠡᠷᠡᠰ᠎ᠢ ᠨᠡᠢᠲᠡᠯᠡᠭ᠌ᠰᠡᠨ᠎ᠡᠴᠡ ᠦᠵᠡᠪᠡᠯ᠂ ᠮᠠᠨ᠎ᠤ ᠣᠷᠣᠨ ᠡᠨᠡ ᠵᠢᠯ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ᠎ᠢ ᠨᠡᠢᠲᠡ 349 ᠰᠢᠨ᠎ᠡ᠎ᠪᠡᠷ ᠪᠣᠢᠵᠢᠭᠤᠯᠪᠠ᠃ ᠡᠲᠡᠭᠡᠷ ᠠᠵᠤ ᠠᠬᠤᠢᠯᠠᠯ᠎ᠤᠳ ᠨᠢ ᠰᠢᠨ᠎ᠡ᠎ᠶᠢ ᠡᠭᠦᠳᠬᠦ ᠴᠢᠨᠠᠷ᠎ᠢᠶᠠᠷ ᠴᠢᠩᠭ᠎ᠠ᠂ ᠰᠤᠳᠤᠯᠤᠨ ᠨᠡᠭᠡᠭᠡᠬᠦ ᠣᠷᠣᠭᠤᠯᠤᠯᠲᠠ᠎ᠪᠠᠷ ᠶᠡᠬᠡ᠂ ᠲᠤᠰᠬᠠᠢᠵᠢᠭ᠍ᠰᠠᠨ ᠬᠡᠮᠵᠢᠶ᠎ᠡ᠎ᠪᠡᠷ ᠥᠨᠳᠥᠷ᠂ ᠢᠵᠢ ᠪᠦᠷᠢᠳᠦᠭᠦᠯᠬᠦ ᠴᠢᠳᠠᠪᠤᠷᠢ᠎ᠪᠠᠷ ᠴᠢᠩᠭ᠎ᠠ᠂ ᠪᠣᠶ᠋ᠢᠵᠢᠯᠲᠠ᠎ᠶᠢᠨ ᠴᠢᠨᠠᠷ᠎ᠢᠶᠠᠷ ᠨᠡᠯᠢᠶᠡᠳ ᠰᠠᠢᠨ᠂ ᠬᠥᠭᠵᠢᠯᠲᠡ᠎ᠶᠢᠨ ᠳᠠᠯᠳᠠ ᠬᠦᠴᠦᠨ᠎ᠢᠶᠡᠷ ᠶᠡᠬᠡ ᠪᠠᠢᠵᠤ᠂ ᠮᠠᠨ᠎ᠤ ᠣᠷᠣᠨ᠎ᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠶ ᠪᠣᠯᠭᠠᠬᠤ᠂ ᠣᠳᠣᠬᠢᠴᠢᠯᠠᠭᠰᠠᠨ ᠠᠵᠤ ᠦᠢᠯᠡᠰ᠎ᠦᠨ ᠲᠣᠭ᠍ᠲᠠᠯᠴᠠᠭ᠎ᠠ᠎ᠶ᠋ᠢ ᠪᠦᠲᠦᠭᠡᠨ ᠪᠠᠶ᠋ᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃ 

ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ ᠪᠣᠯ ᠠᠵᠤ ᠠᠬᠤᠢ᠎ᠶᠢᠨ ᠤᠶᠠᠨ ᠬᠠᠳᠠᠨ ᠴᠢᠨᠠᠷ᠎ᠢ ᠴᠢᠩᠭᠠᠷᠠᠭᠤᠯᠬᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶᠡᠨ᠎ᠦ ᠣᠳᠣᠬᠢᠴᠢᠯᠠᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠠᠩᠭᠢᠯᠠᠭ᠎ᠠ᠎ᠶᠢᠨ ᠭᠣᠣᠯ ᠴᠣᠭᠴᠠ ᠪᠣᠯᠣᠨ᠎ᠠ᠂ ᠪᠠᠰᠠ ᠴᠤ᠌ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠠᠵᠤ ᠦᠢᠯᠡᠰ᠎ᠦᠨ ᠠᠮᠢ ᠠᠬᠤᠢ᠎ᠶᠢ ᠲᠡᠭᠦᠯᠳᠡᠷᠵᠢᠭᠦᠯᠬᠦ᠎ᠶ᠋ᠢᠨ ᠳᠤᠲᠠᠭ᠍ᠳᠠᠵᠤ ᠪᠣᠯᠣᠰᠢ ᠦᠭᠡᠢ ᠴᠢᠬᠤᠯᠠ ᠬᠦᠴᠦᠨ ᠮᠥᠨ᠃ ᠣᠢᠷ᠎ᠠ᠎ᠶᠢᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ᠎ᠤᠨ ᠬᠥᠭᠵᠢᠯᠲᠡ᠎ᠶᠢ ᠳᠡᠮᠵᠢᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠤᠨ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ᠎ᠤᠨ ᠪᠦᠬᠦ ᠪᠤᠢ᠍ᠢᠵᠢᠨ ᠬᠥᠭ᠌ᠵᠢᠬᠦ᠌ ᠦᠶᠡᠯᠡᠯ᠎ᠦᠨ ᠬᠤᠭᠤᠴᠠᠭᠠᠨ᠎ᠳᠠᠬᠢ ᠪᠣᠶ᠋ᠢᠵᠢᠯᠲᠠ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ ᠠᠬᠤᠢᠯᠠᠯ᠎ᠢᠶᠠᠨ ᠪᠣᠢᠵᠢᠭᠤᠯᠤᠨ ᠬᠦᠴᠦᠨ ᠴᠢᠳᠠᠯ᠎ᠢ ᠨᠢ ᠡᠷᠴᠢᠮᠯᠡᠬᠦ᠌ ᠠᠵᠢᠯ᠎ᠢ ᠥᠷᠨᠢᠭᠦᠯᠵᠦ᠂ 《ᠰᠢᠨ᠎ᠡ᠎ᠶᠢ ᠡᠭᠦᠳᠬᠦ ᠮᠠᠶᠢᠭ᠎ᠤᠨ ᠳᠤᠮᠳᠠ ᠵᠢᠵᠢᠭ ᠠᠵᠤ ᠠᠬᠤᠢᠯᠠᠯ — ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ — ᠲᠤᠰᠬᠠᠢ ᠨᠠᠷᠢᠯᠢᠭ ᠥᠪᠡᠷᠮᠢᠴᠡ ᠰᠢᠨ᠎ᠡ 〈ᠪᠢᠴᠢᠬᠠᠨ ᠠᠪᠤᠷᠭᠤ〉 ᠠᠵᠤ ᠠᠬᠤᠢᠯᠠᠯ — ᠦᠢᠯᠡᠳᠬᠦ ᠦᠢᠯᠡᠰ᠎ᠦᠨ ᠭᠠᠭᠴᠠ ᠵᠦᠢᠯ᠎ᠦᠨ ᠮᠠᠩᠯᠠᠢ ᠠᠵᠤ ᠠᠬᠤᠢᠯᠠᠯ》᠎ᠤᠨ ᠴᠢᠨᠠᠷᠯᠢᠭ ᠠᠵᠤ ᠠᠬᠤᠢᠯᠠᠯ᠎ᠤᠨ ᠱᠠᠲᠤᠯᠢᠭ᠋ ᠪᠣᠢᠵᠢᠭᠤᠯᠤᠯᠲᠠ᠎ᠶᠢᠨ ᠲᠣᠭ᠍ᠲᠠᠯᠴᠠᠭ᠎ᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠩ ᠤᠯᠠᠨ ᠳᠤᠮᠳᠠ ᠵᠢᠵᠢᠭ ᠠᠵᠤ ᠠᠬᠤᠢᠯᠠᠯ᠎ᠤᠨ ᠲᠤᠰᠬᠠᠢ ᠮᠡᠷᠭᠡᠵᠢᠯ᠎ᠦᠨ ᠲᠠᠯ᠎ᠠ᠎ᠪᠠᠷ ᠭᠦᠨᠵᠡᠭᠡᠢ ᠠᠵᠢᠯᠯᠠᠬᠤ᠂ ᠨᠠᠷᠢᠯᠢᠭ᠍ᠵᠢᠭᠤᠯᠬᠤ ᠲᠠᠯ᠎ᠠ᠎ᠪᠠᠷ ᠱᠢᠮᠳᠠᠬᠤ᠂ ᠦᠪᠡᠷᠮᠢᠴᠢᠯᠡᠬᠦ᠌ ᠲᠠᠯ᠎ᠠ᠎ᠪᠠᠷ ᠳᠠᠪᠠᠭᠤᠯᠢᠭ᠋᠎ᠲᠠᠢ ᠪᠣᠯᠬᠤ᠂ ᠱᠢᠨᠡᠵᠢᠬᠦ᠌ ᠲᠠᠯ᠎ᠠ᠎ᠪᠠᠷ ᠬᠦᠴᠦᠯᠡᠬᠦ᠎ᠶᠢ ᠨᠢ ᠠᠬᠢᠭᠤᠯᠵᠤ᠂ ᠨᠡᠩ ᠤᠯᠠᠨ 《ᠬᠣᠣᠰ ᠦᠭᠡᠢ ᠤᠷ᠎ᠠ ᠮᠡᠷᠭᠡᠵᠢᠯ》᠎ᠢ ᠪᠤᠢ ᠪᠣᠯᠭᠠᠵᠤ᠂ ᠠᠵᠤ ᠠᠬᠤᠢᠯᠠᠯ᠎ᠤᠨ ᠴᠢᠨᠠᠷ ᠴᠢᠨᠰᠠᠭ᠎ᠠ᠂ ᠦᠷ᠎ᠡ ᠠᠰᠢᠭ᠋ ᠪᠠ ᠭᠣᠣᠯᠯᠠᠬᠤ ᠥᠷᠢᠰᠦᠯᠳᠦᠬᠦ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠂ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠢ ᠮᠡᠷᠭᠡᠵᠢᠯ᠎ᠢᠶᠡᠨ ᠪᠠᠲᠤᠳᠭᠠᠬᠤ᠂ ᠢᠵᠢ ᠪᠦᠷᠢᠳᠦᠭᠦᠯᠦᠨ ᠠᠵᠤ ᠦᠢᠯᠡᠰ᠎ᠢᠶᠡᠨ ᠬᠦᠴᠦᠷᠬᠡᠭᠵᠢᠭᠦᠯᠬᠦ᠂ ᠰᠢᠨ᠎ᠡ᠎ᠶᠢ ᠡᠭᠦᠳᠦᠨ ᠵᠠᠬ᠎ᠠ ᠳᠡᠯᠭᠡᠭᠦᠷ ᠲᠠᠢ ᠪᠣᠯᠬᠤ ᠰᠠᠢᠨ ᠰᠠᠢᠬᠠᠨ ᠪᠠᠢᠳᠠᠯ ᠲᠠᠢ ᠪᠣᠯᠭᠠᠵᠠᠢ᠃ 

ᠣᠢᠯᠠᠭᠠᠭᠰᠠᠨ᠎ᠢᠶᠠᠷ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ᠎ᠤᠨ ᠲᠠᠰᠤᠷᠠᠯᠲᠠ ᠦᠭᠡᠢ ᠬᠥᠭ᠌ᠵᠢᠨ ᠪᠤᠵᠠᠭᠠᠢᠷᠠᠬᠤ᠎ᠶ᠋ᠢ ᠠᠬᠢᠭᠤᠯᠬᠤ᠎ᠶᠢᠨ ᠲᠥᠯᠥᠭᠡ᠂ ᠮᠠᠨ᠎ᠤ ᠣᠷᠣᠨ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷᠯᠢᠭ ᠳᠤᠮᠳᠠ ᠵᠢᠵᠢᠭ ᠠᠵᠤ ᠠᠬᠤᠢᠯᠠᠯ᠎ᠢ ᠱᠠᠲᠤᠴᠢᠯᠠᠨ ᠪᠣᠢᠵᠢᠭᠤᠯᠬᠤ ᠠᠵᠢᠯᠯᠠᠭᠠᠨ᠎ᠤ ᠲᠥᠰᠥᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠵᠢᠵᠢᠭ ᠠᠵᠤ ᠠᠬᠤᠢᠯᠠᠯ᠎ᠤᠨ ᠬᠥᠭᠵᠢᠯᠲᠡ᠎ᠶᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠥᠯ (2023 – 2025)》 ᠵᠡᠷᠭᠡ ᠠᠯᠢ ᠣᠯᠠᠨ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠨᠡᠢᠲᠡᠯᠡᠭᠡᠳ᠂ ᠴᠢᠨᠠᠷᠯᠢᠭ ᠳᠤᠮᠳᠠ ᠵᠢᠵᠢᠭ ᠠᠵᠤ ᠠᠬᠤᠢᠯᠠᠯ᠎ᠢ ᠱᠠᠲᠤᠴᠢᠯᠠᠨ ᠪᠣᠢᠵᠢᠭᠤᠯᠬᠤ᠂ ᠰᠢᠨ᠎ᠡ᠎ᠶᠢ ᠡᠭᠦᠳᠬᠦ ᠴᠢᠳᠠᠪᠤᠷᠢ᠎ᠶᠢ ᠨᠢ ᠳᠡᠭᠡᠭ᠌ᠰᠢᠯᠡᠭᠦᠯᠬᠦ᠌᠂ ᠳ᠋ᠢᠭᠢᠲᠴᠢᠯᠡᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠢᠴᠢ ᠣᠨᠴᠠᠯᠢᠭ᠍ᠲᠤ ᠠᠵᠤ ᠦᠢᠯᠡᠰ᠎ᠢ ᠪᠦᠯᠦᠭᠵᠢᠭᠦᠯᠦᠨ ᠬᠥᠭᠵᠢᠭᠦᠯᠬᠦ ᠵᠡᠷᠭᠡ ᠲᠠᠯ᠎ᠠ᠎ᠶᠢᠨ ᠲᠣᠭᠣᠷᠢᠨ᠎ᠳᠤ ᠪᠣᠳᠠᠲᠠᠢ᠎ᠶᠢ ᠡᠷᠬᠢᠮᠯᠡᠭ᠌ᠰᠡᠨ ᠪᠤᠲᠠᠲᠤ ᠠᠷᠭ᠎ᠠ ᠬᠡᠮᠵᠢᠶ᠎ᠡ᠎ᠨᠦᠭᠦᠳ᠎ᠢ ᠳᠤᠷᠠᠳᠤᠨ ᠭᠠᠷᠭᠠᠵᠤ᠂ ᠳᠤᠮᠳᠠ ᠵᠢᠵᠢᠭ ᠠᠵᠤ ᠠᠬᠤᠢᠯᠠᠯ᠎ᠤᠨ ᠲᠤᠰᠬᠠᠢ ᠨᠠᠷᠢᠯᠢᠭ ᠥᠪᠡᠷᠮᠢᠴᠡ ᠰᠢᠨ᠎ᠡ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠪᠥᠬᠥ ᠬᠦᠴᠦᠨ᠎ᠢᠶᠡᠷ᠎ᠢᠶᠡᠨ ᠳᠡᠮᠵᠢᠪᠡ᠃ ᠡᠭᠦᠨ ᠎ᠤ ᠬᠠᠮᠲᠤ᠂ 《ᠴᠤᠯᠤ ᠮᠥᠩᠭᠦ᠌ ᠴᠤᠯᠭᠤᠢ ᠠᠯᠲᠠ》᠎ᠪᠡᠷ ᠲᠡᠳᠬᠦᠨ ᠳᠡᠮᠵᠢᠵᠦ᠍᠂ ᠥᠪᠡᠷᠲᠡᠭᠡᠨ ᠵᠠᠰᠠᠬᠤ ᠣᠷᠣᠨ᠎ᠠᠴᠠ ᠮᠠᠭᠠᠳᠯᠠᠨ ᠲᠣᠭ᠍ᠲᠠᠭᠠᠭ᠍ᠰᠠᠨ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ ᠪᠠ ᠲᠤᠰᠬᠠᠢ ᠨᠠᠷᠢᠯᠢᠭ ᠥᠪᠡᠷᠮᠢᠴᠡ ᠰᠢᠨ᠎ᠡ 《ᠪᠢᠴᠢᠬᠠᠨ ᠠᠪᠤᠷᠭᠤ》 ᠠᠵᠤ ᠠᠬᠤᠢᠯᠠᠯ᠎ᠳᠦ ᠱᠠᠩᠨᠠᠯ᠎ᠤᠨ ᠪᠡᠯᠡ ᠮᠥᠩᠭᠥ᠎ᠶᠢ ᠨᠢᠭᠡ ᠤᠳᠠᠭ᠎ᠠ᠎ᠶᠢᠨ ᠴᠢᠨᠠᠷᠲᠠᠢ᠎ᠪᠠᠷ ᠣᠯᠭᠣᠵᠠᠢ᠃ ᠠᠯᠢ ᠣᠯᠠᠨ ᠲᠥᠷᠥ᠎ᠶᠢᠨ ᠪᠣᠳᠣᠯᠭ᠎ᠠ᠎ᠪᠡᠷ ᠠᠬᠢᠭᠤᠯᠤᠭ᠍ᠰᠠᠨ᠎ᠠᠴᠠ᠂ ᠪᠥᠬᠥ ᠣᠷᠣᠨ᠎ᠤ ᠴᠢᠨᠠᠷᠯᠢᠭ ᠳᠤᠮᠳᠠ ᠵᠢᠵᠢᠭ ᠠᠵᠤ ᠠᠬᠤᠢᠯᠠᠯ᠎ᠤᠨ ᠡᠩᠨᠡᠭᠡ ᠦᠷᠭᠦᠯᠵᠢᠯᠡᠨ ᠪᠤᠵᠠᠭᠠᠢᠷᠠᠪᠠ᠃ ᠣᠳᠣᠬᠠᠨ ᠪᠣᠯᠲᠠᠯ᠎ᠠ᠂ ᠨᠡᠶ᠋ᠢᠲᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨ᠎ᠡ᠎ᠶᠢ ᠡᠭᠦᠳᠬᠦ ᠮᠠᠶᠢᠭ᠎ᠤᠨ ᠳᠤᠮᠳᠠ ᠵᠢᠵᠢᠭ ᠠᠵᠤ ᠠᠬᠤᠢᠯᠠᠯ᠎ᠢ 1675᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠢᠯᠠᠯ᠎ᠢ 814᠂ ᠤᠯᠤᠰ᠎ᠤᠨ ᠲᠠᠰ᠎ᠤᠨ ᠲᠤᠰᠬᠠᠢ ᠨᠠᠷᠢᠯᠢᠭ ᠥᠪᠡᠷᠮᠢᠴᠡ ᠰᠢᠨ᠎ᠡ 《ᠪᠢᠴᠢᠬᠠᠨ ᠠᠪᠤᠷᠭᠤ》 ᠠᠵᠤ ᠠᠬᠤᠢᠯᠠᠯ᠎ᠢ 38 ᠪᠣᠢᠵᠢᠭᠤᠯᠪᠠ᠃ 

《ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠡᠴᠡ ᠡᠯ᠎ᠡ ᠭᠠᠵᠠᠷ᠎ᠤᠨ ᠬᠢᠨ᠎ᠢ ᠢᠳᠡᠪᠬᠢᠲᠡᠢ ᠵᠣᠬᠢᠶᠠᠨ ᠪᠠᠢᠭᠤᠯᠵᠤ ᠪᠠᠢᠭᠠᠳ ᠲᠣᠮᠣ᠌ ᠳᠤᠮᠳᠠ ᠵᠢᠵᠢᠭ ᠠᠵᠤ ᠠᠬᠤᠢᠯᠠᠯ᠎ᠢ ᠠᠭᠤᠰᠤᠯᠴᠠᠭᠤᠯᠤᠨ ᠨᠡᠪᠲᠡᠷᠡᠯᠴᠡᠭᠦᠯᠬᠦ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢ ᠵᠣᠯᠭᠠᠯᠳᠤᠭᠤᠯᠬᠤ᠂ ᠵᠠᠰᠠᠭ᠎ᠤᠨ ᠣᠷᠳᠣᠨ ᠮᠦᠩᠭᠦᠨ ᠭᠦᠢᠯᠭᠡᠭᠡ ᠠᠵᠤ ᠠᠬᠤᠢᠯᠠᠯ᠎ᠢ ᠵᠣᠯᠭᠠᠯᠳᠤᠭᠤᠯᠬᠤ ᠠᠵᠢᠯᠯᠠᠭ᠎ᠠ ᠥᠷᠨᠢᠭᠦᠯᠵᠦ᠂ ᠠᠵᠤ ᠠᠬᠤᠢᠯᠠᠯ᠎ᠤᠨ ᠮᠡᠷᠭᠡᠵᠢᠯ᠎ᠦᠨ ᠲᠠᠰ ᠳᠡᠪᠰᠢᠬᠦ᠂ ᠳ᠋ᠢᠭᠢᠲᠴᠢᠯᠡᠨ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠨᠡᠮᠡᠷᠢᠯᠡᠨ᠎ᠡ᠃ ᠴᠢᠨᠠᠷᠯᠢᠭ ᠠᠵᠤ ᠠᠬᠤᠢᠯᠠᠯ᠎ᠢ ᠱᠠᠲᠤᠴᠢᠯᠠᠨ ᠪᠣᠢᠵᠢᠭᠤᠯᠬᠤ ᠲᠣᠭ᠍ᠲᠠᠯᠴᠠᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠨᠡᠩ ᠤᠯᠠᠨ ᠳᠤᠮᠳᠠ ᠵᠢᠵᠢᠭ ᠠᠵᠤ ᠠᠬᠤᠢᠯᠠᠯ᠎ᠤᠨ ᠲᠤᠰᠬᠠᠢᠵᠢᠬᠤ᠂ ᠨᠠᠷᠢᠯᠢᠭ᠍ᠵᠢᠬᠤ᠂ ᠥᠪᠡᠷᠮᠢᠴᠡᠵᠢᠬᠦ᠌᠂ ᠱᠢᠨᠡᠵᠢᠬᠦ᠌ ᠲᠡᠢᠰᠢ ᠬᠥᠭᠵᠢᠬᠦ᠎ᠶᠢ ᠠᠬᠢᠭᠤᠯᠵᠤ᠂ ᠮᠠᠨ᠎ᠤ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠦᠳᠡᠯᠭᠡᠭ᠌ᠴᠢ ᠡᠨᠧᠷᠭᠢ ᠨᠡᠮᠡᠷᠢᠯᠡᠨ᠎ᠡ》ᠭᠡᠵᠦ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ 

 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ