ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠮᠠᠨ᠎ᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠦᠨ ᠨᠥᠭᠡᠴᠡ᠎ᠶᠢᠨ ᠣᠷᠣᠨ᠎ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ 10 ᠳ᠋ᠤᠭᠠᠷ ᠰᠠᠷ᠎ᠠ᠎ᠳᠤ ᠪᠥᠬᠥ ᠲᠠᠯ᠎ᠠ᠎ᠪᠠᠷ ᠡᠬᠢᠯᠡᠪᠡ

ᠨᠡᠶ᠋ᠢᠲᠡᠯᠡᠭᠰᠡᠨ ᠴᠠᠭ᠄   2025-10-24

ᠦᠨᠳᠦᠰᠦᠨ ᠨᠤᠲᠤᠭ ᠪᠡᠯᠴᠢᠭᠡᠷ᠎ᠢ ᠨᠢ ᠨᠢᠭᠡᠨᠲᠡ ᠵᠠᠭᠠᠭᠯᠠᠨ ᠲᠣᠭᠲᠠᠭᠠᠭᠰᠠᠨ 91 ᠬᠣᠰᠢᠭᠤ ᠰᠢᠶᠠᠨ ᠲᠣᠭᠣᠷᠢᠭ᠋᠎ᠲᠤ 《ᠨᠢᠭᠡ ᠲᠠᠯ᠎ᠠ᠎ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠨᠢᠭᠡ ᠲᠠᠯ᠎ᠠ᠎ᠪᠠᠷ ᠰᠢᠯᠭᠠᠨ ᠠᠪᠴᠤ᠌ ᠡᠬᠢᠯᠡᠨ ᠬᠡᠷᠡᠭ᠌ᠯᠡᠬᠦ᠌》 ᠠᠷᠭ᠎ᠠ ᠮᠠᠶᠢᠭ᠎ᠢᠶᠠᠷ ᠠᠬᠢᠭᠤᠯᠪᠠ᠃ ᠲᠣᠰ ᠤᠳᠠᠭ᠎ᠠ ᠦᠨᠳᠦᠰᠦᠨ ᠨᠤᠲᠤᠭ ᠪᠡᠯᠴᠢᠭᠡᠷ᠎ᠦᠨ ᠳ᠋ᠠᠢᠲ᠋ᠠ᠎ᠶ᠋ᠢᠨ ᠬᠥᠮᠥᠷᠭᠡ᠎ᠶᠢ ᠰᠢᠨ᠎ᠡ᠎ᠪᠡᠷ ᠵᠠᠭᠠᠭᠯᠠᠨ ᠲᠣᠭᠲᠠᠭᠠᠵᠤ ᠲᠣᠬᠢᠷᠠᠭᠤᠯᠤᠭ᠍ᠰᠠᠨ᠎ᠢᠶᠠᠷ ᠰᠠᠭᠤᠷᠢ ᠪᠠᠷᠢᠮᠵᠢᠶ᠎ᠠ ᠪᠣᠯᠭᠠᠵᠤ᠂ ᠣᠶ ᠰᠢᠭᠤᠢ ᠨᠤᠲᠤᠭ ᠪᠡᠯᠴᠢᠭᠡᠷ ᠨᠤᠭᠤ ᠪᠠ ᠴᠥᠯᠡᠷᠬᠡᠭ ᠭᠠᠵᠠᠷ᠎ᠤᠨ ᠨᠡᠢᠳᠡᠮ ᠪᠠᠢᠴᠠᠭᠠᠯᠲᠠ᠎ᠶᠢᠨ ᠳ᠋ᠠᠢᠲ᠋ᠠ᠎ᠳᠠᠬᠢ ᠪᠡᠯᠴᠢᠭᠡᠷ ᠪᠠ 2024 ᠣᠨ᠎ᠤ ᠤᠯᠤᠰ᠎ᠤᠨ ᠨᠤᠲᠤᠭ ᠳᠡᠪᠢᠰᠬᠡᠷ᠎ᠦᠨ ᠬᠤᠪᠢᠷᠠᠯᠲᠠ᠎ᠶᠢᠨ ᠪᠠᠢᠴᠠᠭᠠᠯᠲᠠ᠎ᠳᠠᠬᠢ ᠰᠢᠨ᠎ᠡ᠎ᠪᠡᠷ ᠨᠡᠮᠡᠭᠳᠡᠭᠰᠡᠨ ᠪᠡᠯᠴᠢᠭᠡᠷ᠎ᠢ ᠦᠨᠳᠦᠰᠦᠨ ᠨᠤᠲᠤᠭ ᠪᠡᠯᠴᠢᠭᠡᠷ᠎ᠦᠨ ᠨᠥᠭᠡᠴᠡ᠎ᠶᠢᠨ ᠣᠷᠣᠨ᠎ᠳᠤ ᠬᠤᠪᠢᠶᠠᠷᠢᠯᠠᠨ ᠣᠷᠣᠭᠤᠯᠬᠤ ᠪᠣᠯᠣᠨ᠎ᠠ᠃ ᠨᠥᠭᠡᠴᠡ᠎ᠶ᠋ᠢᠨ ᠣᠷᠣᠨ᠎ᠤ ᠳᠣᠲᠣᠷᠠᠬᠢ ᠪᠡᠯᠴᠢᠭᠡᠷ᠎ᠤᠨ ᠰᠡᠷᠭᠦᠭᠡᠨ ᠵᠠᠰᠠᠯᠲᠠ᠎ᠶ᠋ᠢ ᠠᠬᠢᠭᠤᠯᠵᠤ᠂ ᠠᠮᠢ ᠠᠬᠤᠢ᠎ᠶᠢ ᠰᠡᠷᠭᠦᠭᠡᠨ ᠵᠠᠰᠠᠬᠤ ᠨᠥᠬᠥᠴᠡᠯ᠎ᠢ ᠪᠦᠷᠢᠯᠳᠦᠭᠦᠯᠦᠭᠰᠡᠨ ᠪᠡᠯᠴᠢᠭᠡᠷ᠎ᠦᠨ ᠪᠤᠰᠤ ᠣᠷᠣᠨ ᠪᠦᠰᠡ᠎ᠶᠢᠨ ᠵᠠᠰᠠᠯᠲᠠ᠎ᠶᠢ ᠵᠡᠷᠭᠡ᠎ᠳᠤ ᠨᠢ ᠰᠦᠪᠡᠭᠴᠢᠯᠡᠵᠦ᠂ ᠪᠠᠷᠢᠮᠵᠢᠶ᠎ᠠ᠎ᠳᠤ ᠬᠦᠷᠦᠭᠰᠡᠨ᠎ᠦ ᠳᠠᠷᠠᠭ᠎ᠠ ᠪᠡᠯᠴᠢᠭᠡᠷ᠎ᠦᠨ ᠲᠥᠷᠥᠯ ᠵᠦᠢᠯ᠎ᠢ ᠴᠠᠭ ᠲᠤᠬᠠᠢ᠎ᠳᠦ ᠨᠢ ᠬᠤᠪᠢᠷᠠᠭᠤᠯᠵᠤ᠂ ᠦᠨᠳᠦᠰᠦᠨ ᠨᠤᠲᠤᠭ ᠪᠡᠯᠴᠢᠭᠡᠷ᠎ᠢ ᠡᠵᠡᠯᠡᠬᠦ ᠪᠠ ᠨᠥᠬᠥᠪᠦᠷᠢᠯᠡᠬᠦ᠎ᠶᠢ ᠲᠡᠩᠴᠡᠭᠦᠷᠢᠲᠡᠢ ᠪᠠᠢᠯᠭᠠᠬᠤ᠎ᠶᠢ ᠨᠠᠢᠳᠠᠪᠤᠷᠢᠵᠢᠭᠤᠯᠬᠤ᠎ᠳᠤ ᠰᠠᠭᠤᠷᠢ ᠪᠠᠲᠤᠯᠠᠭ᠎ᠠ ᠬᠠᠩᠭᠠᠨ᠎ᠠ᠃ (ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ) 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ