ᠾᠧ ᠸᠧᠢ ᠬᠤᠸᠠ ᠦᠶᠤᠸᠠᠨ ᠰᠢᠶᠠᠨ ᠳᠤ ᠭᠦᠨᠵᠡᠭᠡᠶ᠋ᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭ᠋ᠠᠭᠤᠯᠬᠤ᠂ ᠬᠠᠳᠤᠨ ᠭᠤᠣᠯ ᠤᠨ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-12-10
12 ᠰᠠᠷ᠎ᠠ ᠵᠢᠨ 5 ᠤ ᠡᠳᠦᠷ᠂ ᠬᠤᠳᠠ ᠵᠢᠨ ᠨᠠᠮ ᠤᠨ ᠬᠤᠷᠢᠶ᠎ᠠ ᠵᠢᠨ ᠱᠦᠵᠢ ᠾᠧ ᠸᠧᠢ ᠬᠤᠸᠠ ᠦᠶᠤᠸᠠᠨ ᠰᠢᠶᠠᠨ ᠳᠤ ᠭᠦᠨᠵᠡᠭᠡᠶ᠋ᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ᠂ ᠬᠠᠳᠤᠨ ᠭᠤᠣᠯ ᠤᠨ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ ᠢ ᠪᠠᠶ᠋ᠢᠴᠠᠭ᠋ᠠᠨ ᠰᠤᠳᠤᠯᠪᠠ᠃
ᠪᠠᠶᠠᠨᠲᠤᠬᠤᠢ ᠪᠠᠯᠭ᠋ᠠᠰᠤᠨ ᠤ ᠱᠢᠶᠠᠨ ᠵᠢᠨ ᠲᠣᠰᠬᠤᠨ ᠳᠤ᠂ ᠾᠧ ᠸᠧᠢ ᠬᠤᠸᠠ ᠬᠢᠨᠠᠨ ᠬᠡᠮᠵᠢᠬᠦ ᠡᠷᠦᠬᠡ ᠵᠠᠩ ᠶᠦᠩ ᠴᠢᠶᠠᠩ ᠤᠨ ᠭᠡᠷᠲᠤ ᠬᠦᠷᠴᠦ᠂ ᠣᠷᠣᠯᠭ᠎ᠠ ᠵᠢᠨ ᠪᠠᠶ᠋ᠢᠳᠠᠯ ᠢ ᠪᠤᠳᠤᠵᠤ᠂ ᠭᠡᠷ ᠪᠦᠯᠢ ᠵᠢᠨ ᠪᠠᠶ᠋ᠢᠳᠠᠯ᠂ ᠠᠮᠢᠳᠤᠷᠠᠯ ᠤᠨ ᠪᠠᠶ᠋ᠢᠳᠠᠯ᠂ ᠦᠷ᠎ᠡ ᠬᠡᠦᠬᠡᠳ ᠤᠨ ᠬᠢᠨᠢ ᠰᠤᠷᠭ᠋ᠠᠭᠤᠯᠢ ᠳᠤ ᠣᠷᠣᠬᠤ᠂ ᠲᠠᠷᠢᠵᠦ ᠲᠡᠵᠢᠭᠡᠬᠦ ᠦᠷ᠎ᠡ ᠠᠰᠢᠭ᠂ ᠭᠠᠮᠰᠢᠭᠳᠠᠭᠰᠠᠨ ᠦᠷ᠎ᠡ ᠠᠰᠢᠭ ᠤᠨ ᠪᠠᠶ᠋ᠢᠳᠠᠯ᠂ ᠭᠠᠮᠰᠢᠭᠳᠠᠭᠰᠠᠨ ᠨᠥᠯᠥᠭᠡ ᠵᠢᠴᠢ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠢ ᠨᠠᠷᠢᠨ ᠣᠶ᠋ᠢᠯᠠᠭ᠋ᠠᠵᠤ᠂ ᠲᠡᠭᠦᠨ ᠢ ᠢᠲᠡᠭᠡᠯ ᠵᠣᠷᠢᠭ ᠵᠶ᠋ᠠᠨ ᠪᠠᠲᠤᠳᠬᠠᠵᠤ᠂ ᠨᠠᠮ ᠪᠣᠯᠤᠨ ᠤᠯᠤᠰ ᠤᠨ ᠰᠠᠶ᠋ᠢᠨ ᠲᠦᠷᠦ ᠵᠢᠨ ᠪᠤᠳᠤᠯᠭ᠎ᠠ ᠵᠢᠨ ᠳᠡᠮᠵᠢᠯᠭᠡ ᠳᠣᠣᠷ᠎ᠠ ᠦᠢ᠍ᠯᠡᠳᠪᠦᠷᠢᠯᠡᠯ ᠵᠶ᠋ᠠᠨ ᠢᠳᠡᠪᠬᠢᠲᠡᠢ ᠬᠥᠭᠵᠢᠭᠦᠯᠵᠦ᠂ ᠠᠮᠢᠳᠤᠷᠠᠯ ᠵᠶ᠋ᠠᠨ ᠨᠡᠩ ᠵᠣᠯ ᠵᠢᠷᠭ᠋ᠠᠯ ᠲᠠᠢ ᠥᠭᠡᠳᠡᠯᠡᠭᠦᠯᠬᠦ ᠵᠢ ᠵᠣᠷᠢᠭᠵᠢᠭᠤᠯᠪᠠ᠃ ᠡᠭᠦᠨ ᠤ ᠬᠠᠮᠲᠤ ᠰᠢᠶᠠᠨ ᠤ ᠬᠥᠳᠡᠭᠡ ᠲᠣᠰᠬᠤᠨ ᠤ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠠᠵᠢᠯ ᠤᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠪᠠᠴᠢᠮ ᠬᠦᠴᠢᠷ ᠵᠣᠪᠠᠭᠤᠷᠢ ᠵᠢ ᠬᠠᠶ᠋ᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢ᠍ᠳᠪᠦᠷᠢᠯᠡᠵᠦ᠂ ᠤᠯᠠᠨ ᠲᠦᠮᠡᠨ ᠤ ᠮᠡᠳᠡᠷᠡᠮᠵᠢ᠂ ᠬᠠᠨᠤᠮᠵᠢ ᠵᠢᠨ ᠨᠤᠷᠮ᠎ᠠ ᠵᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠠᠬᠢᠪᠠ᠃ ᠾᠧ ᠸᠧᠢ ᠬᠤᠸᠠ᠂ ᠨᠠᠮ ᠤᠨ ᠬᠤᠷᠢᠳᠤᠭ᠋ᠠᠷ ᠬᠤᠭᠤᠴᠠᠭ᠋ᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠠᠴᠠ 《 ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠵᠢ ᠲᠦᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ 》 ᠲᠠᠶ᠋ᠢᠴᠢᠯᠠᠯᠳᠠ ᠵᠢᠨ ᠵᠠᠷᠯᠢᠭ ᠭᠠᠷᠭ᠋ᠠᠪᠠ᠃ ᠡᠯ᠎ᠡ ᠱᠠᠲᠤᠨ ᠤ ᠬᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ 《 ᠲᠠᠪᠤ ᠵᠢ ᠬᠥᠭᠵᠢᠭᠦᠯᠦᠨ ᠮᠠᠨᠳᠤᠭᠤᠯᠬᠤ 》 ᠡᠭᠦᠷᠭᠡ ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠵᠠᠷ ᠣᠷᠣᠨ ᠤ ᠪᠠᠶ᠋ᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢ᠍ᠯᠡᠰ ᠢ ᠬᠥᠭᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠦᠷᠭᠦᠯᠵᠢᠯᠡᠨ ᠰᠠᠶ᠋ᠢᠲᠤᠷ ᠠᠳᠬᠤᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠢᠳᠡᠪᠬᠢᠲᠡᠶ ᠪᠤᠶ᠋ᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠢ ᠦᠨᠡᠨ ᠬᠦ᠌ ᠬᠠᠮᠠᠭ᠋ᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠨᠠᠩ ᠶᠡᠭᠡ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠶ᠃ ᠪᠦᠲᠦᠮᠵᠢᠲᠡᠶ ᠵᠣᠯᠭ᠋ᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠬᠠᠷᠢᠭᠤᠴᠠᠯᠭ᠎ᠠ ᠵᠢ ᠱᠠᠲᠤ ᠱᠠᠲᠤ ᠪᠠᠷ ᠪᠣᠳᠠᠲᠠᠶ᠋ᠢᠵᠢᠭᠤᠯᠵᠤ᠂ ᠬᠢᠨᠠᠨ ᠰᠢᠯᠭ᠋ᠠᠬᠤ ᠱᠠᠭ᠋ᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠪᠥᠬᠦ ᠲᠠᠯ᠎ᠠ ᠪᠠᠷ ᠡᠮᠬᠢᠯᠡᠨ ᠪᠦᠷᠢᠳᠬᠡᠵᠦ᠂ ᠵᠦᠢ᠍ᠯ ᠳᠠᠷᠠᠭ᠋ᠠᠯᠠᠨ ᠭᠡᠭᠡᠭᠳᠡᠵᠦ ᠣᠷᠬᠢᠭᠳᠠᠭᠰᠠᠨ ᠢ ᠪᠠᠶ᠋ᠢᠴᠠᠭ᠋ᠠᠨ ᠨᠥᠬᠦᠪᠥᠷᠢᠯᠡᠵᠦ᠂ ᠭᠤᠤᠯᠳᠠᠯᠭ᠎ᠠ ᠲᠠᠢ ᠬᠥᠮᠦᠰ᠂ ᠭᠠᠮᠰᠢᠭᠳᠠᠭᠰᠠᠨ ᠣᠯᠠᠨ ᠲᠦᠮᠡᠨ ᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ ᠡᠯ᠎ᠡ ᠵᠦᠢ᠍ᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠰᠢᠯᠵᠢᠯᠲᠡ ᠵᠢᠨ ᠬᠤᠭᠤᠴᠠᠭ᠋ᠠᠨ ᠤ ᠡᠴᠦᠰ ᠤᠨ ᠳᠠᠶ᠋ᠢᠯᠠᠯᠳᠤᠭ᠋ᠠᠨ ᠤ ᠢᠯᠠᠯᠲᠠ ᠵᠢ ᠡᠷᠡᠰ ᠣᠯᠵᠤ᠂ ᠰᠢᠯᠭ᠋ᠠᠷᠠᠭᠰᠠᠨ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠣᠳᠣᠬᠠᠨ ᠳᠤ ᠶᠠᠭ ᠬᠠᠲᠤᠨ ᠭᠤᠣᠯ ᠤᠨ ᠰᠦᠩ ᠬᠠᠯᠢᠶ᠎ᠠ ᠭᠤᠣᠯ ᠮᠥᠷᠡᠨ ᠤ ᠵᠠᠩᠭᠢᠯᠠᠭ᠎ᠠ ᠵᠢᠨ ᠬᠤᠭᠤᠴᠠᠭ᠋ᠠᠨ ᠳᠤ ᠣᠷᠣᠰᠢᠵᠤ ᠪᠠᠶ᠋ᠢᠨ᠎ᠠ᠂ ᠾᠧ ᠸᠧᠢ ᠬᠤᠸᠠ ᠦᠶᠤᠸᠠᠨ ᠰᠢᠶᠠᠨ ᠤ ᠹᠦ᠋ ᠰᠢᠩ ᠶᠡᠭᠡ ᠬᠠᠰᠢᠯᠭ᠎ᠠ ᠵᠢᠨ ᠠᠶᠤᠯᠲᠠᠢ ᠪᠠᠷᠢᠯᠭ᠎ᠠ ᠵᠢᠨ ᠬᠡᠰᠡᠭ ᠲᠤ ᠬᠦᠷᠴᠦ ᠬᠠᠰᠢᠯᠭ᠎ᠠ ᠳᠠᠯᠠᠩ ᠢ ᠲᠣᠭᠤᠷᠢᠨ ᠪᠠᠶ᠋ᠢᠴᠠᠭ᠋ᠠᠵᠤ᠂ ᠰᠦᠩ ᠬᠠᠯᠢᠶ᠎ᠠ ᠵᠢᠨ ᠤᠷᠤᠰᠬᠠᠯ ᠤᠨ ᠬᠡᠮᠵᠢᠶ᠎ᠡ᠂ ᠪᠠᠴᠢᠮ ᠪᠠᠶ᠋ᠢᠳᠠᠯ ᠢ ᠠᠷᠭ᠋ᠠᠴᠠᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠵᠡᠷᠭᠡ ᠪᠠᠶ᠋ᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠬᠠᠳᠤᠨ ᠭᠤᠣᠯ ᠳᠠᠭ᠋ᠠᠤ ᠵᠢᠨ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠦᠩ ᠬᠠᠯᠢᠶ᠎ᠠ ᠵᠢᠨ ᠦᠶᠡᠷ ᠤᠨ ᠠᠮᠤᠷ ᠲᠦᠪᠰᠢᠨ ᠤ ᠡᠨᠡᠬᠦ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠵᠢ ᠡᠷᠡᠰ ᠲᠡᠪᠴᠢᠵᠦ᠂ ᠴᠠᠭ ᠠᠭᠤᠷ᠂ ᠤᠰᠤᠨ ᠤ ᠪᠠᠶ᠋ᠢᠳᠠᠯ᠂ ᠰᠦᠩ ᠬᠠᠯᠢᠶ᠎ᠠ ᠵᠢᠨ ᠪᠠᠶ᠋ᠢᠳᠠᠯ ᠤᠨ ᠬᠤᠪᠢᠷᠠᠯᠲᠠ ᠵᠢ ᠨᠢᠭᠲᠠ ᠠᠩᠬᠠᠷᠴᠤ᠂ ᠪᠠᠴᠢᠮ ᠪᠠᠶ᠋ᠢᠳᠠᠯ ᠢ ᠠᠷᠭ᠋ᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠰᠦᠩ ᠬᠠᠯᠢᠶ᠎ᠠ ᠵᠢ ᠰᠡᠷᠭᠡᠶ᠋ᠢᠯᠡᠬᠦ ᠡᠳ᠋ ᠪᠣᠳᠠᠰ ᠢ ᠭᠦᠢ᠍ᠴᠡᠳ ᠪᠡᠯᠡᠳᠬᠡᠵᠦ᠂ ᠵᠢᠵᠢᠭᠦᠷᠯᠡᠨ ᠰᠠᠬᠢᠬᠤ ᠪᠠᠨ ᠴᠢᠩᠭ᠋ᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠᠨ ᠴᠢᠩᠭ᠋ᠠᠳᠬᠠᠵᠤ᠂ ᠡᠳᠦᠷ ᠳᠤᠳᠤᠮ ᠤᠨ ᠲᠣᠭᠤᠷᠢᠨ ᠪᠠᠶ᠋ᠢᠴᠠᠭ᠋ᠠᠯᠲᠠ ᠵᠢ ᠴᠢᠩᠳᠠᠯᠠᠵᠤ᠂ ᠠᠶᠤᠯ ᠲᠦᠭᠰᠢᠭᠦᠷᠢ ᠵᠢᠨ ᠭᠡᠮ ᠰᠣᠭᠤᠭ ᠢ ᠴᠠᠭ ᠲᠤᠬᠠᠢ ᠳᠤᠨᠢ ᠪᠦᠲᠦᠮᠵᠢᠲᠡᠢ ᠠᠷᠢᠯᠭ᠋ᠠᠵᠤ᠂ ᠬᠠᠳᠤᠨ ᠭᠤᠣᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃
ᠬᠤᠲᠠ ᠵᠢᠨ ᠤᠳᠤᠷᠢᠳᠤᠯᠭ᠎ᠠ ᠶᠢᠨ ᠵᠣᠣ ᠫᠢᠩ ᠪᠠᠶ᠋ᠢᠴᠠᠭ᠋ᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳᠤᠨ ᠵᠠᠰᠠᠭᠤᠨ ᠣᠷᠳᠣᠨᠤ ᠮᠣᠩᠭᠣᠯ ᠰᠦᠯᠵᠢᠶ᠎ᠡ