ᠵᠠᠩ ᠬᠤᠩ ᠹᠦ᠋ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠤᠨ ᠠᠵᠢᠯᠯᠠᠭ᠋ᠠᠨ ᠢ ᠪᠠᠶ᠋ᠢᠴᠠᠭ᠋ᠠᠨ ᠰᠤᠳᠤᠯᠬᠤ ᠵᠢᠨ ᠬᠠᠮᠲᠤ ᠬᠢᠨᠠᠨ ᠬᠡᠮᠵᠢᠬᠦ ᠡᠷᠦᠬᠡ ᠵᠢ ᠰᠤᠷᠪᠤᠯᠵᠢᠯᠠᠪᠠ
ᠨᠡᠶ᠋ᠢᠲᠡᠯᠡᠭᠰᠡᠨ ᠴᠠᠭ᠄ 2025-12-10
12 ᠰᠠᠷ᠎ᠠ ᠵᠢᠨ 9 ᠤ ᠡᠳᠦᠷ ᠂ ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ ᠵᠠᠩ ᠬᠤᠩ ᠹᠦ᠋ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠤᠨ ᠠᠵᠢᠯᠯᠠᠭ᠋ᠠᠨ ᠢ ᠪᠠᠶ᠋ᠢᠴᠠᠭ᠋ᠠᠨ ᠰᠤᠳᠤᠯᠵᠤ᠂ ᠬᠢᠨᠠᠨ ᠬᠡᠮᠵᠢᠬᠦ ᠡᠷᠦᠬᠡ ᠵᠢ ᠲᠣᠬᠤᠨᠢᠭᠤᠯᠪᠠ᠃
ᠰᠠᠨ ᠼᠠᠢ ᠳ᠋ᠠᠢ ᠢ᠂ ᠶᠣᠣ ᠺᠦᠶ ᠵᠡᠷᠭᠡ ᠲᠡᠮᠦᠷ ᠤᠨ ᠬᠠᠶ᠋ᠢᠯᠤᠰᠢ ᠵᠢᠨ ᠠᠵᠤ ᠠᠬᠤᠶ᠋ᠢᠯᠠᠯ ᠪᠣᠯᠤᠨ ᠰᠢ ᠱᠠ ᠳ᠋ᠧ ᠭᠠᠢ ᠮᠤᠯᠢᠪᠳᠧᠨ ᠤ ᠦᠢ᠍ᠯᠡᠰ ᠤᠨ ᠺᠣᠮᠫᠠᠨᠢ ᠳᠤ᠂ ᠵᠠᠩ ᠬᠤᠩ ᠹᠦ᠋ ᠲᠡᠷᠭᠡᠨ ᠲᠠᠰᠤᠯᠭ᠎ᠠ᠂ ᠦᠢ᠍ᠯᠡᠳᠪᠦᠷᠢ ᠵᠢᠨ ᠬᠡᠷ ᠪᠠᠶ᠋ᠢᠰᠢᠩ᠂ ᠦᠢ᠍ᠯᠡᠳᠬᠦᠨ ᠢ ᠦᠵᠡᠵᠦ᠂ ᠬᠡᠷᠡᠭᠴᠡᠭᠡ ᠵᠢ ᠠᠰᠠᠭᠤᠵᠤ᠂ ᠠᠵᠤ ᠠᠬᠤᠶ᠋ᠢᠯᠠᠯ ᠤᠨ ᠦᠢ᠍ᠯᠡᠳᠪᠦᠷᠢᠯᠡᠯ ᠤᠨ ᠤᠷ᠎ᠠ ᠮᠡᠷᠭᠡᠰᠢᠯ᠂ ᠴᠠᠬᠢᠯᠭ᠋ᠠᠨ ᠬᠡᠷᠡᠭᠯᠡᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠣᠯᠤᠨ ᠠᠵᠤ ᠦᠢ᠍ᠯᠡᠰ ᠤᠨ ᠬᠡᠯᠬᠢᠶ᠎ᠡ ᠵᠢᠨ ᠦᠷᠭᠦᠯᠵᠢᠯᠡᠯ ᠵᠡᠷᠭᠡ ᠪᠠᠶ᠋ᠢᠳᠠᠯ ᠢ ᠨᠠᠷᠢᠨ ᠣᠶ᠋ᠢᠯᠠᠭ᠋ᠠᠪᠠ᠃ ᠲᠡᠷᠡ᠂ ᠠᠵᠢᠯ ᠲᠥᠷᠥᠯ ᠤᠨ ᠬᠤᠰᠢᠭᠤᠷᠠᠯ ᠮᠡᠷᠭᠡᠵᠢᠯ ᠢ ᠴᠢᠩᠭ᠎ᠠ ᠠᠩᠬᠠᠷᠴᠤ᠂ ᠮᠡᠷᠭᠡᠵᠢᠯ᠂ ᠭᠠᠷ ᠤᠷᠠᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠵᠢ ᠲᠦᠷᠭᠡᠳᠬᠡᠨ᠂ ᠠᠵᠤ ᠦᠢ᠍ᠯᠡᠰ ᠤᠨ ᠳᠡᠭᠡᠳᠦ ᠲᠠᠰᠵᠢᠯᠳᠠ᠂ ᠪᠣᠬᠢᠷᠲᠤᠯ ᠥᠬᠡᠶ᠂ ᠤᠶᠤᠨᠴᠢᠯᠠᠬᠰᠠᠨ ᠲᠡᠶ᠋ᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠵᠤ᠂ ᠦᠢ᠍ᠯᠡᠳᠬᠦᠨ ᠤ ᠨᠡᠮᠡᠯᠲᠡ ᠥᠷᠲᠡᠭ ᠪᠠ ᠵᠠᠬ᠎ᠠ ᠳᠡᠯᠭᠡᠭᠦᠷ ᠤᠨ ᠶᠡᠷᠦᠩᠬᠡᠶ᠋ᠢᠯᠡᠭᠰᠡᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠠᠮᠢ ᠠᠬᠤᠢ ᠣᠷᠴᠢᠨ ᠲᠣᠭᠤᠷᠢᠨ ᠤ ᠬᠠᠮᠠᠭ᠋ᠠᠯᠠᠯᠲᠠ ᠵᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠦᠯᠡᠳᠡᠪᠦᠷᠢ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠵᠢ ᠴᠢᠩᠭ᠋ᠠᠳᠬᠠᠵᠤ᠂ ᠠᠵᠤ ᠠᠬᠤᠢ ᠵᠢᠨ ᠦᠷ᠎ᠡ ᠠᠰᠢᠭ ᠪᠣᠯᠤᠨ ᠣᠷᠴᠢᠨ ᠲᠣᠭᠤᠷᠢᠨ ᠤ ᠬᠠᠮᠠᠭ᠋ᠠᠯᠠᠯᠲᠠ ᠵᠢᠨ ᠦᠷ᠎ᠡ ᠠᠰᠢᠭ ᠤᠨ ᠬᠤᠣᠰ ᠠᠮᠵᠢᠯᠲᠠ ᠵᠢ ᠪᠡᠶᠡᠯᠡᠭᠦᠯᠬᠦ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ ᠤᠨ ᠬᠥᠪᠴᠢ ᠵᠢ ᠢᠮᠠᠭᠲᠠ ᠴᠢᠩᠭ᠋ᠠᠯᠠᠵᠤ᠂ ᠠᠶᠤᠯ ᠲᠦᠭᠰᠢᠭᠦᠷᠢ ᠵᠢᠨ ᠭᠡᠮ ᠰᠣᠭᠤᠭ ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠪᠣᠳᠠᠲᠠᠢ ᠨᠠᠷᠢᠯᠢᠭ ᠠᠳᠬᠤᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠠᠮᠤᠷ ᠲᠦᠪᠰᠢᠨ ᠡᠮᠬᠢ ᠳᠢᠭᠯᠢᠮ ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢ᠍ᠯᠡᠴᠢᠯᠡᠭᠡᠨ ᠤ ᠪᠠᠲᠤᠯᠠᠭ᠎ᠠ ᠪᠠᠨ ᠴᠢᠩᠭ᠋ᠠᠳᠬᠠᠵᠤ᠂ ᠠᠵᠤ ᠠᠬᠤᠶ᠋ᠢᠯᠠᠯ ᠢ ᠬᠠᠪᠰᠤᠷᠤᠨ ᠠᠵᠤ ᠠᠬᠤᠶ᠋ᠢᠯᠠᠯ ᠳᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠢᠨ᠎ᠡ ᠡᠨᠧᠷᠭᠢ ᠵᠢᠨ ᠬᠥᠭᠵᠢᠯᠲᠡ ᠵᠢ ᠠᠵᠤ ᠦᠢ᠍ᠯᠡᠰ ᠤᠨ ᠬᠥᠭᠵᠢᠯᠲᠡ ᠲᠠᠢ ᠵᠣᠯᠭ᠋ᠠᠭᠤᠯᠤᠨ ᠲᠥᠯᠥᠪᠵᠢᠭᠦᠯᠦᠨ ᠪᠠᠶ᠋ᠢᠷᠢᠰᠢᠭᠤᠯᠵᠤ᠂ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠰᠤᠳᠤᠯᠤᠨ ᠰᠦᠪᠡᠭᠴᠢᠯᠡᠵᠦ᠂ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠰᠠᠶ᠋ᠢᠲᠤᠷ ᠰᠢᠢ᠍ᠳᠪᠦᠷᠢᠯᠡᠵᠦ᠂ ᠠᠵᠤ ᠠᠬᠤᠶ᠋ᠢᠯᠠᠯ ᠢ ᠦᠨᠡᠨ ᠬᠦ᠌ ᠬᠠᠪᠰᠤᠷᠤᠨ ᠥᠪᠡᠷ ᠤᠨ ᠦᠷᠳᠡᠭ ᠢ ᠨᠢ ᠪᠠᠭᠤᠷᠠᠭᠤᠯᠵᠤ᠂ ᠦᠷ᠎ᠡ ᠠᠰᠢᠭ ᠢ ᠨᠢ ᠨᠡᠮᠡᠭᠳᠡᠭᠦᠯᠬᠦ ᠬᠡᠷᠡᠭᠲᠡᠢ᠃
ᠰᠠᠭ᠋ᠠᠳᠠᠭ ᠰᠤᠮᠤ ᠵᠢᠨ ᠰᠢᠳᠠᠭ ᠭᠠᠴᠠᠭ᠋ᠠᠨ ᠤ ᠬᠢᠨᠠᠨ ᠬᠡᠮᠵᠢᠬᠦ ᠡᠷᠦᠬᠡ ᠶᠠᠩ ᠰᠢ ᠮᠢᠩ ᠤᠨ ᠭᠡᠷᠲᠤ᠂ ᠵᠠᠩ ᠬᠤᠩ ᠹᠦ᠋ ᠲᠡᠳᠡᠨ ᠲᠠᠢ ᠣᠷᠣᠯᠭ᠎ᠠ ᠪᠣᠳᠣᠵᠣ᠂ ᠵᠣᠭᠤᠭ ᠳᠡᠯᠭᠡᠵᠦ᠂ ᠭᠡᠷ ᠪᠦᠯᠢ ᠵᠢᠨ ᠦᠢ᠍ᠯᠡᠳᠪᠦᠷᠢᠯᠡᠯ ᠠᠮᠢᠳᠤᠷᠠᠯ ᠵᠢᠴᠢ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠢ ᠨᠠᠷᠢᠨ ᠣᠶ᠋ᠢᠯᠠᠭ᠋ᠠᠵᠤ᠂ ᠲᠡᠳᠡᠨ ᠢ ᠰᠢᠷᠭ᠋ᠠᠭᠤ ᠬᠥᠳᠡᠯᠮᠦᠷᠢ ᠪᠠᠷ ᠵᠶ᠋ᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠵᠦ᠂ ᠠᠮᠢᠳᠤᠷᠠᠯ ᠵᠶ᠋ᠠᠨ ᠤᠯᠠᠮ ᠠᠴᠠ ᠤᠯᠠᠮ ᠥᠭᠡᠳᠡ ᠡᠰᠡᠷᠡᠭ ᠪᠣᠯᠭ᠋ᠠᠭ᠋ᠠᠷᠠᠶ ᠭᠡᠵᠦ ᠵᠣᠷᠢᠭᠵᠢᠭᠤᠯᠪᠠ᠃
ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳᠤᠨ ᠵᠠᠰᠠᠭᠤᠨ ᠣᠷᠳᠣᠨᠤ ᠮᠣᠩᠭᠣᠯ ᠰᠦᠯᠵᠢᠶ᠎ᠡ