ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠾᠧ ᠸᠧᠢ ᠬᠤᠸᠠ ᠨᠡᠶ᠋ᠢᠭᠡᠮ ᠲᠣᠭᠤᠷᠢᠭ ᠎ᠲᠤ ᠭᠦᠨᠵᠡᠭᠡᠶ᠋ᠢᠷᠡᠨ ᠨᠠᠮ ᠎ᠤᠨ ᠬᠤᠷᠢᠳᠤᠭ᠋ᠠᠷ ᠬᠤᠭᠤᠴᠠᠭ᠋ᠠᠨ ᠎ᠤ ᠳᠥᠷᠪᠡᠳᠦᠭᠡᠷ ᠪᠦᠬᠦᠳᠡ ᠬᠤᠷᠠᠯ ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ

ᠨᠡᠶ᠋ᠢᠲᠡᠯᠡᠭᠰᠡᠨ ᠴᠠᠭ᠄   2025-12-10

12 ᠰᠠᠷ᠎ᠠ ᠵᠢᠨ 2 ᠎ᠤᠨ ᠡᠳᠦᠷ᠂ ᠬᠤᠳᠠ ᠵᠢᠨ ᠨᠠᠮ ᠎ᠤᠨ ᠬᠤᠷᠢᠶᠠᠨ ᠎ᠤ ᠱᠦᠵᠢ ᠾᠧ ᠸᠧᠢ ᠬᠤᠸᠠ ᠯᠢᠨ ᠾᠧ ᠲᠣᠭᠤᠷᠢᠭ ᠎ᠤᠨ ᠪᠦᠯᠬᠦᠮᠳᠡᠯ ᠵᠡᠭᠡᠯᠢ ᠭᠤᠳᠤᠮᠵᠢ ᠵᠢᠨ ᠦᠨᠦᠳᠦᠷ ᠨᠡᠶ᠋ᠢᠭᠡᠮ ᠲᠣᠭᠤᠷᠢᠭ ᠎ᠲᠤ ᠭᠦᠨᠵᠡᠭᠡᠶ᠋ᠢᠷᠡᠵᠦ᠂ ᠦᠨᠳᠦᠰᠦᠨ ᠱᠠᠲᠤᠨ ᠎ᠤ ᠨᠠᠮ ᠎ᠤᠨ ᠭᠡᠰᠢᠭᠦᠨ ᠺᠠᠳ᠋ᠷ ᠤᠯᠠᠨ ᠲᠦᠮᠡᠨ ᠎ᠳᠤ ᠨᠠᠮ ᠎ᠤᠨ ᠬᠤᠷᠢᠳᠤᠭ᠋ᠠᠷ ᠬᠤᠭᠤᠴᠠᠭ᠋ᠠᠨ ᠎ᠤ ᠲᠥᠪ ᠬᠤᠷᠢᠶᠠᠨ ᠎ᠤ ᠳᠥᠷᠪᠡᠳᠦᠭᠡᠷ ᠪᠦᠬᠦᠳᠡ ᠬᠤᠷᠠᠯ ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠵᠤ᠂ ᠠᠷᠠᠳ ᠎ᠤᠨ ᠠᠮᠢᠳᠤᠷᠠᠯ ᠎ᠤᠨ ᠪᠠᠲᠤᠯᠠᠭ᠎ᠠ᠂ ᠦᠨᠳᠦᠰᠦᠨ ᠱᠠᠲᠤᠨ ᠎ᠤ ᠨᠠᠮ ᠎ᠤᠨ ᠪᠠᠶ᠋ᠢᠭᠤᠯᠤᠯᠲᠠ ᠵᠡᠷᠭᠡ ᠠᠵᠢᠯ ᠎ᠢ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠤᠳᠪᠠ᠃

ᠥᠨᠥᠳᠦᠷ ᠎ᠤᠨ ᠨᠡᠶ᠋ᠢᠭᠡᠮ ᠲᠣᠭᠤᠷᠢᠭ ᠎ᠲᠤ᠂ ᠾᠧ ᠸᠧᠢ ᠬᠤᠸᠠ ᠤᠷᠢᠳ ᠬᠤᠵᠢᠳ ᠨᠠᠰᠤᠵᠢᠯ ᠎ᠤᠨ ᠠᠰᠠᠷᠠᠮᠵᠢ ᠵᠢᠨ ᠦᠢ᠍ᠯᠡᠴᠢᠯᠡᠭᠡᠨ ᠎ᠤ ᠦᠷᠳᠡᠭᠡ᠂ ᠴᠠᠭᠳᠠᠭ᠋ᠠᠨ ᠎ᠤ ᠶᠠᠪᠤᠳᠠᠯ ᠎ᠤᠨ ᠲᠠᠰᠤᠭ᠎ᠲᠤ ᠬᠦᠷᠴᠦ᠂ ᠨᠠᠰᠤᠵᠢᠯ ᠎ᠤᠨ ᠠᠰᠠᠷᠠᠮᠵᠢ ᠵᠢᠨ ᠲᠥᠬᠦᠭᠡᠷᠦᠮᠵᠢ ᠵᠢ ᠢᠵᠢ ᠪᠦᠷᠢᠳᠦᠭᠦᠯᠦᠭᠰᠡᠨ᠂ ᠡᠵᠡᠩᠨᠡᠯᠲᠡ ᠠᠵᠢᠯᠯᠠᠭ᠋ᠠᠨ ᠎ᠤ ᠵᠠᠭᠪᠤᠷ᠂ ᠦᠢ᠍ᠯᠡᠴᠢᠯᠡᠭᠡᠨ ᠎ᠤ ᠬᠠᠮᠤᠷᠬᠤ ᠬᠡᠪᠴᠢᠶ᠎ᠡ ᠵᠢᠴᠢ 《ᠲᠣᠣᠷᠵᠢᠭᠤᠯᠤᠭᠰᠠᠨ + ᠪᠢᠴᠢᠯ ᠵᠠᠰᠠᠯᠲᠠ》 ᠵᠢᠨ ᠪᠠᠶ᠋ᠢᠳᠠᠯ ᠎ᠢ ᠨᠠᠷᠢᠨ ᠣᠶ᠋ᠢᠯᠠᠭ᠋ᠠᠵᠤ᠂ ᠨᠡᠶ᠋ᠢᠭᠡᠮ ᠲᠣᠭᠤᠷᠢᠭ ᠎ᠤᠨ ᠺᠠᠳ᠋ᠷ᠂ 《 ᠬᠤᠶᠠᠷ ᠲᠥᠯᠥᠭᠡᠯᠡᠭᠴᠢ ᠨᠢᠭᠡ ᠭᠡᠰᠢᠭᠦᠨ 》᠂ ᠰᠠᠭᠤᠭ᠋ᠠᠯᠢ ᠠᠷᠠᠳ ᠎ᠤᠨ ᠨᠠᠮ ᠎ᠤᠨ ᠭᠡᠰᠢᠭᠦᠨ ᠎ᠤ ᠲᠥᠯᠥᠭᠡᠯᠡᠭᠴᠢ ᠎ᠲᠠᠢ ᠶᠠᠷᠢᠯᠴᠠᠨ ᠰᠣᠯᠢᠯᠴᠠᠵᠤ᠂ ᠨᠠᠮ ᠎ᠤᠨ ᠬᠤᠷᠢᠳᠤᠭ᠋ᠠᠷ ᠬᠤᠭᠤᠴᠠᠭ᠋ᠠᠨ ᠎ᠤ ᠲᠥᠪ ᠬᠤᠷᠢᠶᠠᠨ ᠎ᠤ ᠳᠥᠷᠪᠡᠳᠦᠭᠡᠷ ᠪᠦᠬᠦᠳᠡ ᠬᠤᠷᠠᠯ ᠎ᠤᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠱᠢᠯᠠᠭᠤᠯᠤᠭ᠍ᠰᠠᠨ ᠲᠦᠷᠦᠭᠳᠡᠯ ᠵᠶ᠋ᠠᠨ ᠬᠤᠪᠢᠶᠠᠯᠴᠠᠪᠠ᠃ ᠶᠠᠷᠢᠯᠴᠠᠬᠤ ᠬᠤᠷᠠᠯ ᠳᠡᠭᠡᠷ᠎ᠡ᠂ 8 ᠲᠥᠯᠥᠭᠡᠯᠡᠭᠴᠢ ᠠᠵᠢᠯ ᠠᠮᠢᠳᠤᠷᠠᠯ ᠎ᠤᠨ ᠪᠣᠳᠠᠲᠤ ᠪᠠᠶ᠋ᠢᠳᠠᠯ ᠎ᠲᠠᠢ ᠪᠠᠨ ᠤᠶᠠᠯᠳᠤᠭᠤᠯᠤᠨ᠂ ᠬᠤᠪᠢᠷᠠᠯᠲᠠ ᠵᠢ ᠶᠠᠷᠢᠯᠴᠠᠵᠤ᠂ ᠬᠥᠭᠵᠢᠯᠲᠡ ᠵᠢ ᠶᠠᠷᠢᠯᠴᠠᠨ᠂ ᠢᠷᠡᠭᠡᠳᠦᠶ ᠵᠢ ᠶᠠᠷᠢᠯᠴᠠᠬᠤ ᠵᠢᠨ ᠬᠠᠮᠲᠤ 《 ᠠᠷᠪᠠᠨ ᠲᠠᠪᠤᠳᠤᠭ᠋ᠠᠷ ᠲᠠᠪᠤᠨ ᠵᠢᠯ 》 ᠎ᠤᠨ ᠲᠥᠯᠥᠪᠵᠢᠭᠦᠯᠭᠡ ᠵᠢᠨ ᠬᠤᠭᠤᠴᠠᠭ᠋ᠠᠨ ᠎ᠤ ᠠᠵᠢᠯ ᠎ᠳᠤ ᠰᠠᠨᠠᠯ ᠰᠠᠨᠠᠭᠤᠯᠭ᠎ᠠ ᠳᠤᠷᠠᠳᠴᠤ᠂ ᠲᠤᠬᠠᠶ ᠵᠢᠨ ᠲᠠᠯᠠᠪᠠᠶ ᠵᠢᠨ ᠠᠭᠤᠷ ᠠᠮᠢᠰᠬᠤᠯ ᠎ᠢ ᠬᠦᠷ ᠬᠥᠭᠵᠢᠶᠡᠨ ᠎ᠲᠠᠢ ᠪᠤᠯᠭ᠋ᠠᠪᠠ᠃ ᠾᠧ ᠸᠧᠢ ᠬᠤᠸᠠ᠂ ᠨᠠᠮ ᠎ᠤᠨ ᠬᠤᠷᠢᠳᠤᠭ᠋ᠠᠷ ᠬᠤᠭᠤᠴᠠᠭ᠋ᠠᠨ ᠎ᠤ ᠲᠥᠪ ᠬᠤᠷᠢᠶᠠᠨ ᠎ᠤ ᠳᠥᠷᠪᠡᠳᠦᠭᠡᠷ ᠪᠦᠬᠦᠳᠡ ᠬᠤᠷᠠᠯ ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ ᠎ᠤ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠪᠣᠯᠤᠨ᠎ᠠ᠃ 《 ᠣᠯᠠᠨ ᠲᠦᠮᠡᠨ ᠶᠠᠷᠢᠵᠤ ᠦᠭᠬᠦ 》 ᠲᠤᠷᠰᠢᠯᠭ᠎ᠠ ᠵᠢᠨ ᠵᠠᠭᠪᠤᠷ ᠎ᠢ ᠰᠠᠶ᠋ᠢᠲᠤᠷ ᠬᠡᠷᠡᠭᠯᠡᠵᠦ᠂ ᠠᠷᠠᠳ ᠣᠯᠠᠨ ᠎ᠤ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠥᠭᠦᠮ ᠣᠶ᠋ᠢᠯᠠᠭ᠋ᠠᠮᠵᠢᠲᠠᠶ ᠦᠭᠡ ᠶᠠᠷᠢᠶ᠎ᠠ᠂ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠪᠥᠬᠦᠳᠡ ᠬᠤᠷᠠᠯ ᠎ᠤᠨ ᠵᠣᠷᠢᠭ ᠰᠠᠨᠠᠭ᠎ᠠ ᠵᠢ ᠰᠠᠶ᠋ᠢᠲᠤᠷ ᠤᠬᠠᠭᠤᠯᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ ᠎ᠤ ᠬᠠᠮᠲᠤ ᠵᠢᠨ ᠴᠣᠭᠴᠠ ᠵᠢᠨ ᠤᠬᠠᠮᠰᠠᠷ ᠎ᠢ ᠪᠠᠲᠤ ᠪᠠᠬᠢ ᠪᠤᠢ ᠪᠣᠯᠭ᠋ᠠᠬᠤ ᠵᠢ ᠦᠨᠳᠦᠰᠦᠨ ᠱᠠᠲᠤᠨ ᠎ᠤ ᠵᠠᠰᠠᠯᠲᠠ᠂ ᠤᠯᠠᠨ ᠲᠦᠮᠡᠨ ᠎ᠳᠤ ᠦᠢ᠍ᠯᠡᠴᠢᠯᠡᠬᠦ ᠵᠡᠷᠭᠡ ᠡᠯ᠎ᠡ ᠵᠦᠢ᠍ᠯ ᠎ᠤᠨ ᠠᠵᠢᠯ ᠎ᠳᠤ ᠲᠤᠭᠤᠱᠢᠯᠠᠭᠤᠯᠵᠤ᠂ ᠳᠤᠮᠳᠠᠳᠤ ᠵᠢᠨ ᠦᠨᠳᠦᠰᠦᠲᠡᠨ ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠢᠯᠡ ᠲᠣᠳᠣ ᠪᠦᠲᠦᠮᠵᠢᠲᠡᠢ ᠠᠬᠢᠭᠤᠯᠬᠤ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠬᠢᠵᠠᠭ᠋ᠠᠷ ᠲᠠᠢ ᠡᠬᠢ ᠪᠠᠶᠠᠯᠢᠭ ᠎ᠢ ᠰᠠᠶ᠋ᠢᠲᠤᠷ ᠬᠡᠷᠡᠭᠯᠡᠵᠦ᠂ ᠨᠠᠰᠤᠲᠠᠨ ᠎ᠢ ᠠᠰᠠᠷᠠᠵᠤ ᠬᠡᠦᠬᠡᠳ ᠎ᠢ ᠠᠰᠠᠷᠠᠬᠤ᠂ ᠠᠵᠢᠯ ᠣᠯᠭᠤᠯᠲᠠ ᠎ᠪᠠᠷ ᠬᠠᠪᠰᠤᠷᠤᠨ ᠲᠡᠳᠬᠦᠬᠦ᠂ ᠰᠠᠭᠤᠷᠢ ᠵᠢ ᠢᠵᠢ ᠪᠦᠷᠢᠳᠦᠭᠦᠯᠬᠦ ᠵᠡᠷᠭᠡ ᠠᠷᠠᠳ ᠎ᠤᠨ ᠠᠮᠢᠳᠤᠷᠠᠯ ᠎ᠤᠨ ᠪᠣᠳᠠᠲᠤ ᠶᠠᠪᠤᠳᠠᠯ ᠎ᠢ ᠰᠠᠶ᠋ᠢᠲᠤᠷ ᠬᠢᠵᠦ᠂ ᠤᠯᠠᠨ ᠲᠦᠮᠡᠨ ᠎ᠤ ᠬᠦᠷᠲᠡᠮᠵᠢ ᠵᠢᠨ ᠲᠦᠷᠦᠭᠳᠡᠯ ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠪᠠᠶᠠᠨᠨᠠᠭᠤᠷ ᠎ᠤᠨ ᠠᠷᠠᠳ ᠲᠦᠮᠡᠨ ᠎ᠤ ᠦᠨᠡᠨᠴᠢ ᠰᠢᠳᠤᠷᠭᠤ ᠡᠷᠡᠯᠬᠡᠭ ᠪᠠᠭ᠋ᠠᠲᠤᠷᠯᠢᠭ᠂ ᠪᠠᠭᠲᠠᠭ᠋ᠠᠮᠵᠢᠲᠠᠢ᠂ ᠪᠣᠷᠣᠭᠵᠢᠭᠤᠨ ᠰᠢᠳᠤᠷᠭᠤ ᠪᠠᠶ᠋ᠢᠬᠤ ᠰᠢᠯᠢᠳᠡᠭ ᠵᠠᠩ ᠴᠢᠨᠠᠷ ᠎ᠢ ᠰᠠᠶ᠋ᠢᠲᠤᠷ ᠤᠯᠠᠮᠵᠢᠯᠠᠨ ᠪᠠᠳᠠᠷᠠᠭᠤᠯᠵᠤ᠂ ᠰᠡᠳᠬᠢᠯ ᠵᠶ᠋ᠠᠨ ᠨᠢᠭᠡᠳᠬᠡᠨ ᠬᠦᠴᠦ ᠎ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠪᠠᠶᠠᠨᠨᠠᠭᠤᠷ ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ ᠤᠯᠬᠤ᠂ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠯᠢᠨ ᠾᠧ ᠲᠣᠭᠤᠷᠢᠭ ᠎ᠤᠨ ᠬᠥᠯᠥᠰᠥᠨ ᠠᠵᠢᠯᠴᠢᠨ ᠎ᠤ ᠠᠵᠢᠯ ᠣᠯᠭᠤᠯᠲᠠ ᠵᠢᠨ ᠦᠢ᠍ᠯᠡᠴᠢᠯᠡᠭᠡᠨ ᠎ᠤ ᠲᠥᠪ᠎ᠲᠤ᠂ ᠾᠧ ᠸᠧᠢ ᠬᠤᠸᠠ ᠠᠵᠢᠯ ᠣᠯᠵᠤ ᠠᠵᠢᠯᠴᠢᠨ ᠬᠡᠷᠡᠭᠯᠡᠬᠦ᠂ ᠬᠥᠯᠥᠰᠥᠨ ᠠᠵᠢᠯᠴᠢᠨ ᠎ᠤ ᠴᠠᠯᠢᠩ ᠎ᠢ ᠪᠠᠲᠤᠯᠠᠭᠰᠠᠨ ᠪᠠᠶ᠋ᠢᠳᠠᠯ ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠵᠠᠬᠢᠳᠠᠯ ᠰᠤᠷᠪᠤᠯᠵᠢᠯᠠᠭ᠎ᠠ ᠬᠢᠭᠰᠡᠨ ᠤᠯᠠᠨ ᠲᠦᠮᠡᠨ ᠎ᠢ ᠬᠦᠯᠢᠶᠡᠨ ᠠᠪᠴᠤ᠂ ᠬᠦᠰᠡᠯ ᠱᠠᠭ᠋ᠠᠷᠳᠠᠯᠭ᠎ᠠ ᠵᠢ ᠨᠢᠭᠤᠷᠳᠠᠨ ᠰᠣᠨᠣᠰᠴᠤ᠂ ᠲᠤᠬᠠᠢ ᠵᠢᠨ ᠲᠠᠯᠠᠪᠤᠷ᠎ᠲᠤ ᠠᠰᠠᠭᠤᠳᠠᠯ ᠎ᠢ ᠵᠣᠬᠢᠴᠠᠭᠤᠯᠤᠨ ᠰᠢᠢ᠍ᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠎ᠢ 《 ᠤᠴᠢᠷ ᠶᠠᠪᠤᠳᠠᠯ ᠎ᠤᠨ ᠰᠡᠳᠬᠢᠯ ᠎ᠢ ᠬᠤᠣᠰᠯᠠᠭᠤᠯᠬᠤ 》 ᠎ᠪᠠᠷ ᠬᠠᠷᠠᠯᠲᠠ ᠪᠣᠯᠭ᠋ᠠᠵᠤ᠂ ᠵᠦᠢ ᠶᠣᠰᠣᠨ ᠎ᠤ ᠬᠦᠰᠡᠯ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ᠂ ᠤᠯᠠᠨ ᠲᠦᠮᠡᠨ ᠎ᠤ ᠬᠠᠤᠯᠢ ᠶᠣᠰᠣᠨ ᠎ᠤ ᠡᠷᠬᠡ ᠠᠰᠢᠭ ᠎ᠢ ᠦᠨᠡᠨᠬᠦ ᠬᠠᠮᠠᠭ᠋ᠠᠯᠠᠬᠤ ᠬᠡᠷᠡᠭᠲᠡᠢ ᠭᠡᠵᠦ ᠱᠠᠭ᠋ᠠᠷᠳᠠᠪᠠ᠃

ᠬᠤᠳᠠ ᠵᠢᠨ ᠤᠳᠤᠷᠢᠳᠤᠯᠭ᠎ᠠ ᠵᠤᠤ ᠵᠢᠶᠦ᠋ᠨ ᠯᠢᠩ᠂ ᠶᠢᠨ ᠵᠤᠤ ᠫᠢᠩ ᠣᠷᠣᠯᠴᠠᠪᠠ᠃

ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ