ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠠᠩᠬᠠᠳᠠᠭ᠍ᠴᠢ ᠲᠤᠷᠰᠢᠯᠲᠠ᠎ᠶᠢᠨ ᠴᠡᠭ ᠰᠢᠯᠭᠠᠨ ᠪᠠᠢᠴᠠᠭᠠᠯᠲᠠ᠎ᠳᠤ ᠪᠠᠲᠤᠯᠠᠭᠳᠠᠪᠠ
ᠨᠡᠶ᠋ᠢᠲᠡᠯᠡᠭᠰᠡᠨ ᠴᠠᠭ᠄ 2025-12-18
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠄ ᠣᠢᠷ᠎ᠠ᠎ᠳᠤ᠂ ᠥᠪᠥᠷ ᠮᠣᠩᠭᠣᠯ᠎ᠤᠨ 《ᠵᠠᠮ ᠬᠠᠷᠢᠯᠴᠠᠭ᠎ᠠ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ》 ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠴᠡᠭ᠎ᠦᠨ ᠡᠭᠦᠷᠭᠡ ᠨᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠰᠢᠯᠭᠠᠨ ᠪᠠᠢᠴᠠᠭᠠᠯᠲᠠ᠎ᠳᠤ ᠪᠠᠲᠤᠯᠠᠭᠳᠠᠵᠤ᠂ ᠥᠪᠡᠷᠲᠡᠭᠡᠨ ᠵᠠᠰᠠᠬᠤ ᠣᠷᠣᠨ᠎ᠤ ᠰᠢᠯᠭᠠᠨ ᠪᠠᠢᠴᠠᠭᠠᠯᠲᠠ᠎ᠪᠠᠷ ᠪᠠᠲᠤᠯᠠᠭᠳᠠᠭᠰᠠᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠠᠩᠬᠠᠳᠠᠭ᠍ᠴᠢ ᠲᠤᠷᠰᠢᠯᠲᠠ᠎ᠶᠢᠨ ᠴᠡᠭ᠎ᠦᠨ ᠡᠭᠦᠷᠭᠡ ᠪᠣᠯᠤᠭᠰᠠᠨ ᠪᠠᠢᠨ᠎ᠠ᠃
ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠦᠷᠦᠭᠦᠦ ᠪᠦᠯᠦᠭᠲᠠᠬᠢ ᠲᠤᠷᠰᠢᠯᠲᠠ᠎ᠶᠢᠨ ᠴᠡᠭ ᠪᠣᠯᠣᠭᠰᠠᠨ᠎ᠤ ᠬᠤᠪᠢ᠎ᠳᠤ᠂ 《ᠵᠠᠮ ᠬᠠᠷᠢᠯᠴᠠᠭ᠎ᠠ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ》 ᠲᠤᠷᠰᠢᠯᠲᠠ᠎ᠶᠢᠨ ᠴᠡᠭ ᠨᠢ 2020 ᠣᠨ᠎ᠤ 10 ᠳ᠋ᠤᠭᠠᠷ ᠰᠠᠷ᠎ᠠ᠎ᠳᠤ ᠵᠥᠪᠰᠢᠶᠡᠷᠡᠭᠳᠡᠭᠰᠡᠨ᠎ᠡᠴᠡ ᠨᠠᠭᠠᠰᠢ᠂ ᠬᠠᠲᠤᠨ ᠭᠣᠣᠯ ᠳᠠᠭᠠᠤ ᠵᠢᠭᠤᠯᠴᠢᠯᠠᠯ᠎ᠤᠨ 1 ᠭᠣᠣᠯᠳᠠᠴᠢ ᠱᠤᠭᠤᠮ 5 ᠬᠣᠩᠭᠢᠯ ᠵᠠᠮ ᠬᠠᠷᠢᠯᠴᠠᠭᠠᠨ᠎ᠤ ᠭᠣᠣᠯ ᠲᠥᠯᠥᠪ ᠪᠠᠢᠷᠢᠰᠢᠯ᠎ᠢ ᠪᠠᠢᠭᠤᠯᠵᠤ᠂ 《ᠤᠯᠠᠭᠠᠨᠬᠣᠲᠠ ᠷᠠᠰᠢᠶᠠᠨ ᠬᠠᠢᠯᠠᠷ ᠮᠠᠨᠵᠤᠤᠷ》᠎ᠤᠨ ᠲᠦᠷᠭᠡᠨ ᠬᠦᠷᠴᠦ ᠠᠭᠠᠵᠢᠮ ᠵᠢᠭᠤᠯᠴᠢᠯᠠᠬᠤ ᠵᠠᠮ ᠬᠠᠷᠢᠯᠴᠠᠭᠠᠨ᠎ᠤ ᠲᠣᠣᠷ᠎ᠢ ᠰᠢᠯᠢᠳᠡᠭᠵᠢᠭᠦᠯᠦᠨ᠂ ᠪᠡᠭᠡᠵᠢᠩ ᠲᠢᠶᠠᠨᠵᠢᠨ ᠾᠧᠪᠧᠢ᠎ᠶᠢ ᠲᠣᠭᠣᠷᠢᠭ᠍ᠰᠠᠨ 《3 ᠴᠠᠭ᠎ᠤᠨ ᠲᠦᠷᠭᠡᠨ᠎ᠦ ᠲᠡᠮᠦᠷ ᠵᠠᠮ᠎ᠤᠨ ᠵᠢᠭᠤᠯᠴᠢᠯᠠᠯ᠎ᠤᠨ ᠲᠣᠭᠣᠷᠢᠭ᠋》 + 《ᠥᠪᠡᠷ᠎ᠢᠶᠡᠨ ᠮᠠᠰᠢᠨ ᠪᠠᠷᠢᠵᠤ ᠵᠤᠭᠠᠯᠠᠨ ᠰᠡᠯᠡᠭᠦᠴᠡᠬᠦ ᠤᠯᠤᠰ᠎ᠤᠨ ᠳᠡᠰ᠎ᠦᠨ ᠲᠣᠣᠷ》᠎ᠢ ᠴᠣᠭᠴᠠᠯᠠᠵᠤ᠂ ᠵᠠᠮ ᠬᠠᠷᠢᠯᠴᠠᠭᠠᠨ᠎ᠤ ᠵᠢᠭᠤᠯᠴᠢᠯᠠᠯ᠎ᠤᠨ ᠰᠠᠭᠤᠷᠢ ᠪᠡᠯᠡᠳᠬᠡᠮᠵᠢ᠎ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠬᠠᠲᠤᠨ ᠭᠣᠣᠯ᠎ᠤᠨ ᠰᠣᠶᠣᠯ᠎ᠲᠠᠢ᠂ ᠣᠷᠣᠨ ᠨᠤᠲᠤᠭ᠎ᠤᠨ ᠣᠨᠴᠠᠯᠢᠭ᠋᠎ᠲᠠᠢ ᠨᠢᠭᠡ ᠪᠦᠯᠦᠭ ᠵᠢᠭᠤᠯᠴᠢᠯᠠᠯ᠎ᠤᠨ ᠦᠵᠡᠮᠵᠢ᠎ᠶᠢᠨ ᠵᠠᠮ᠎ᠢ ᠪᠠᠢᠭᠤᠯᠵᠤ᠂ ᠵᠠᠮ ᠬᠠᠷᠢᠯᠴᠠᠭ᠎ᠠ ᠪᠠ ᠵᠢᠭᠤᠯᠴᠢᠯᠠᠯ᠎ᠤᠨ ᠠᠭᠤᠰᠤᠯᠴᠠᠭᠰᠠᠨ ᠵᠢᠱ᠌ᠢᠶ᠎ᠡ ᠦᠵᠡᠭᠦᠯᠬᠦ 5 ᠲᠥᠷᠥᠯ ᠵᠦᠢᠯ᠎ᠢ ᠪᠣᠶ ᠪᠣᠯᠭᠠᠨ᠂ ᠬᠠᠲᠤᠨ ᠭᠣᠣᠯ ᠳᠠᠭᠠᠤ᠎ᠶᠢᠨ ᠣᠨᠴᠠᠯᠢᠭ᠍ᠲᠤ ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠦᠵᠡᠮᠵᠢ᠎ᠶᠢᠨ ᠪᠦᠰᠡ᠂ 《ᠤᠯᠠᠭᠠᠨᠬᠣᠲᠠ ᠷᠠᠰᠢᠶᠠᠨ ᠬᠠᠢᠯᠠᠷ ᠮᠠᠨᠵᠤᠤᠷ》᠎ᠤᠨ ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠲᠣᠭᠣᠷᠢᠭ᠋᠂ 《ᠪᠡᠭᠡᠵᠢᠩ ᠲᠢᠶᠠᠨᠵᠢᠨ ᠾᠧᠪᠧᠢ᠎ᠶᠢ ᠲᠣᠭᠣᠷᠢᠭ᠍ᠰᠠᠨ》 ᠵᠠᠮ ᠬᠠᠷᠢᠯᠴᠠᠭ᠎ᠠ ᠪᠠ ᠵᠢᠭᠤᠯᠴᠢᠯᠠᠯ ᠠᠭᠤᠰᠤᠯᠴᠠᠭᠰᠠᠨ ᠣᠨᠴᠠᠯᠢᠭ᠋᠎ᠲᠠᠢ ᠣᠷᠣᠨ ᠪᠣᠯᠬᠤ 《1 ᠪᠦᠰᠡ 1 ᠲᠣᠭᠣᠷᠢᠭ᠋ 1 ᠣᠷᠣᠨ》 ᠵᠢᠭᠤᠯᠴᠢᠯᠠᠯ᠎ᠤᠨ ᠵᠠᠮ ᠬᠠᠷᠢᠯᠴᠠᠭᠠᠨ᠎ᠤ ᠲᠣᠭᠲᠠᠯᠴᠠᠭ᠎ᠠ᠎ᠶᠢ ᠦᠨᠳᠦᠰᠦᠨ᠎ᠳᠦ᠎ᠪᠡᠨ ᠪᠦᠷᠢᠯᠳᠦᠭᠦᠯᠵᠦ᠂ ᠥᠪᠥᠷ ᠮᠣᠩᠭᠣᠯ᠎ᠤᠨ ᠵᠢᠭᠤᠯᠴᠢᠯᠠᠭ᠍ᠴᠢᠳ᠎ᠤᠨ ᠭᠥᠯᠢᠶᠡᠨ ᠠᠪᠬᠤ ᠬᠡᠮᠵᠢᠶ᠎ᠡ ᠪᠠ ᠵᠢᠭᠤᠯᠴᠢᠯᠠᠯ᠎ᠤᠨ ᠣᠷᠣᠯᠭ᠎ᠠ᠎ᠶᠢᠨ ᠬᠣᠣᠰ ᠨᠡᠮᠡᠭᠳᠡᠯ᠎ᠢ ᠳᠠᠢᠴᠢᠯᠠᠪᠠ᠃
ᠲᠤᠷᠰᠢᠯᠲᠠ᠎ᠶᠢᠨ ᠴᠡᠭ᠎ᠦᠨ ᠡᠭᠦᠷᠭᠡ᠎ᠶᠢ ᠬᠡᠷᠡᠭᠵᠢᠭᠦᠯᠬᠦ᠎ᠪᠡᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠠᠯᠤᠰᠯᠠᠭᠰᠠᠨ ᠵᠠᠮ ᠬᠠᠷᠢᠯᠴᠠᠭᠠᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠳᠤ᠎ᠪᠠᠨ ᠢᠯᠡᠳᠲᠡ ᠦᠷ᠎ᠡ ᠪᠦᠲᠦᠮᠵᠢ ᠣᠯᠵᠤ᠂ ᠵᠠᠮ ᠬᠠᠷᠢᠯᠴᠠᠭᠠᠨ᠎ᠤ ᠵᠢᠭᠤᠯᠴᠢᠯᠠᠯ᠎ᠤᠨ ᠰᠠᠭᠤᠷᠢ ᠪᠡᠯᠡᠳᠬᠡᠮᠵᠢ ᠬᠢᠭᠡᠳ ᠦᠢᠯᠡᠴᠢᠯᠡᠭᠡᠨ᠎ᠦ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠦᠨ᠂ ᠵᠢᠭᠤᠯᠴᠢᠯᠠᠯ᠎ᠤᠨ ᠦᠵᠡᠮᠵᠢ᠎ᠶᠢᠨ ᠵᠠᠮ᠎ᠢ ᠪᠦᠲᠦᠭᠡᠨ ᠪᠠᠢᠭᠤᠯᠬᠤ᠂ ᠵᠠᠮ ᠳᠠᠭᠠᠤ᠎ᠶᠢᠨ ᠵᠢᠭᠤᠯᠴᠢᠯᠠᠯ᠎ᠤᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠂ ᠵᠠᠮ ᠬᠠᠷᠢᠯᠴᠠᠭᠠᠨ᠎ᠤ ᠵᠢᠭᠤᠯᠴᠢᠯᠠᠯ᠎ᠤᠨ ᠦᠢᠯᠡᠴᠢᠯᠡᠭᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠬᠦ᠂ ᠵᠠᠮ ᠬᠠᠷᠢᠯᠴᠠᠭ᠎ᠠ ᠪᠠ ᠵᠢᠭᠤᠯᠴᠢᠯᠠᠯ᠎ᠢ ᠠᠭᠤᠰᠤᠯᠴᠠᠭᠤᠯᠬᠤ ᠲᠥᠷᠥᠯ ᠵᠦᠢᠯ᠎ᠦᠨ ᠪᠡᠯᠡ ᠲᠣᠬᠢᠷᠠᠭᠤᠯᠭ᠎ᠠ ᠵᠡᠷᠭᠡ ᠲᠠᠯ᠎ᠠ᠎ᠪᠠᠷ ᠨᠢᠭᠡ ᠪᠦᠯᠦᠭ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ ᠪᠣᠯᠬᠤᠢᠴᠠ ᠲᠤᠷᠰᠢᠯᠭ᠎ᠠ ᠪᠠ ᠨᠡᠢᠲᠡᠯᠢᠭ ᠦᠷ᠎ᠡ ᠪᠦᠲᠦᠭᠡᠯ᠎ᠦᠳ᠎ᠢ ᠪᠦᠷᠢᠯᠳᠦᠭᠦᠯᠪᠡ᠃
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠤ᠎ᠪᠠᠨ᠂ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠡᠴᠡ ᠲᠤᠷᠰᠢᠯᠲᠠ᠎ᠶᠢᠨ ᠴᠡᠭ᠎ᠦᠨ ᠨᠡᠢᠲᠡᠯᠢᠭ ᠲᠤᠷᠰᠢᠯᠭ᠎ᠠ ᠪᠠ ᠲᠡᠷᠢᠭᠦᠨ᠎ᠦ ᠦᠷ᠎ᠡ ᠪᠦᠲᠦᠭᠡᠯ᠎ᠢᠶᠠᠨ ᠭᠦᠢᠴᠡᠳ ᠳ᠋ᠦᠩᠨᠡᠨ ᠪᠣᠯᠪᠠᠰᠤᠷᠠᠭᠤᠯᠵᠤ᠂ ᠦᠷ᠎ᠡ ᠪᠦᠲᠦᠭᠡᠯ᠎ᠢᠶᠠᠨ ᠤᠯᠠᠷᠢᠭᠤᠯᠤᠨ ᠬᠡᠷᠡᠭᠯᠡᠬᠦ᠎ᠶᠢ ᠴᠢᠩᠭᠠᠳᠬᠠᠨ᠂ ᠪᠥᠬᠥ ᠣᠷᠣᠨ᠎ᠤ ᠵᠠᠮ ᠬᠠᠷᠢᠯᠴᠠᠭ᠎ᠠ ᠬᠢᠭᠡᠳ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠤᠯᠠᠮ ᠨᠢᠭᠡ ᠠᠯᠬᠤᠮ ᠠᠬᠢᠭᠤᠯᠵᠤ᠂ ᠥᠪᠡᠷ᠎ᠢᠶᠡᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ ᠰᠣᠩᠭᠣᠯᠲᠠ᠎ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠠᠢᠬᠠᠨ ᠭᠠᠵᠠᠷ᠂ ᠠᠮᠠᠷᠠᠯᠲᠠ᠎ᠪᠠᠷ ᠵᠢᠭᠤᠯᠴᠢᠯᠠᠬᠤ ᠭᠠᠵᠠᠷ᠂ ᠡᠷᠡᠭᠦᠯᠵᠢᠯ ᠰᠤᠪᠢᠯᠠᠯᠲᠠ᠎ᠶᠢᠨ ᠵᠢᠭᠤᠯᠴᠢᠯᠠᠯ᠎ᠤᠨ ᠲᠡᠷᠢᠭᠦᠨ ᠰᠣᠩᠭᠣᠯᠲᠠ᠎ᠶᠢᠨ ᠭᠠᠵᠠᠷ ᠵᠡᠷᠭᠡ 《ᠵᠢᠭᠤᠯᠴᠢᠯᠠᠯ᠎ᠤᠨ 4 ᠭᠠᠵᠠᠷ》᠎ᠢ ᠪᠠᠶ᠋ᠢᠭᠤᠯᠬᠤ᠎ᠳᠤ ᠵᠠᠮ ᠬᠠᠷᠢᠯᠴᠠᠭᠠᠨ᠎ᠤ ᠲᠤᠯᠭᠠᠭᠤᠷᠢᠯᠠᠯ ᠬᠠᠩᠭᠠᠨ᠎ᠠ ᠭᠡᠵᠡᠢ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ