ᠲᠡᠷᠢᠭᠦᠨ ᠬᠠᠭᠤᠳᠠᠰᠤ   -   ᠤᠷᠥᠨ ᠠᠶ᠋ᠢᠮᠠᠭ ᠬᠤᠲᠠ᠎ᠶᠢᠨ ᠰᠣᠨᠢᠨ ᠮᠡᠳᠡᠭᠡ

ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠪᠠᠶᠠᠨᠨᠠᠭᠤᠷ ᠬᠣᠲᠠ ᠎ᠶ᠋ᠢᠨ ᠲᠠᠪᠤᠳᠤᠭᠠᠷ ᠬᠤᠭᠤᠴᠠᠭᠠᠨ ᠎ᠤ ᠬᠣᠷᠢᠶ᠎ᠠ ᠎ᠶ᠋ᠢᠨ ᠶᠢᠰᠦᠳᠦᠭᠡᠷ ᠪᠦᠭᠦᠳᠡ ᠬᠤᠷᠠᠯ ᠬᠤᠷᠠᠯᠳᠤᠪᠠ

ᠨᠡᠶ᠋ᠢᠲᠡᠯᠡᠭᠰᠡᠨ ᠴᠠᠭ᠄   2025-12-02

11 ᠰᠠᠷ᠎ᠠ ᠎ᠶ᠋ᠢᠨ 29 ᠎ᠤ ᠦᠳᠡ ᠎ᠶ᠋ᠢᠨ ᠡᠮᠦᠨ᠎ᠡ᠂ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠪᠠᠶᠠᠨᠨᠠᠭᠤᠷ ᠬᠣᠲᠠ ᠎ᠶ᠋ᠢᠨ ᠲᠠᠪᠤᠳᠤᠭᠠᠷ ᠬᠤᠭᠤᠴᠠᠭᠠᠨ ᠎ᠤ ᠬᠣᠷᠢᠶ᠎ᠠ ᠎ᠶ᠋ᠢᠨ ᠶᠢᠰᠦᠳᠦᠭᠡᠷ ᠪᠦᠭᠦᠳᠡ ᠬᠤᠷᠠᠯ  ᠯᠢᠨ ᠾᠸ ᠎ᠳᠦ ᠬᠤᠷᠠᠯᠳᠤᠪᠠ᠃

ᠬᠣᠲᠠ ᠎ᠶ᠋ᠢᠨ ᠨᠠᠮ ᠎ᠤᠨ ᠬᠣᠷᠢᠶᠠᠨ ᠎ᠤ ᠱᠦᠵᠢ ᠾᠸ ᠸᠸᠢ ᠬᠤᠸᠠ ᠠᠩᠬᠠᠳᠤᠭᠠᠷ ᠤᠳᠠᠭᠠᠨ ᠎ᠤ ᠪᠦᠭᠦᠳᠡ ᠬᠤᠷᠠᠯ ᠎ᠢ ᠡᠷᠬᠢᠯᠡᠨ ᠶᠠᠷᠢᠶ᠎ᠠ ᠲᠠᠯᠪᠢᠵᠤ᠂ ᠬᠣᠲᠠ ᠎ᠶ᠋ᠢᠨ ᠨᠠᠮ ᠎ᠤᠨ ᠬᠣᠷᠢᠶᠠᠨ ᠎ᠤ ᠡᠮᠦᠨ᠎ᠡ ᠎ᠡᠴᠡ ᠪᠦᠭᠦᠳᠡ ᠬᠤᠷᠠᠯ ᠎ᠳᠤ ᠠᠵᠢᠯ ᠎ᠤᠨ ᠮᠡᠳᠡᠭᠦᠯᠦᠯᠲᠡ ᠬᠢᠭ᠌ᠰᠡᠨ ᠪᠦᠭᠡᠳ《 ᠤᠯᠤᠰ ᠠᠷᠠᠳ ᠎ᠤᠨ ᠠᠵᠤ ᠠᠬᠤᠢ ᠪᠠ ᠨᠡᠢᠭᠡᠮ ᠎ᠦᠨ ᠬᠦᠭ᠌ᠵᠢᠯᠲᠡ ᠎ᠶ᠋ᠢᠨ ᠠᠷᠪᠠᠨ ᠲᠠᠪᠤᠳᠤᠭᠠᠷ ᠲᠠᠪᠤᠨ ᠵᠢᠯ ᠎ᠦᠨ ᠲᠥᠯᠥᠪᠵᠢᠭᠦᠯᠭᠡ ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠪᠠᠶᠠᠨᠨᠠᠭᠤᠷ ᠬᠣᠲᠠ ᠎ᠶ᠋ᠢᠨ ᠬᠣᠷᠢᠶᠠᠨ ᠎ᠤ ᠰᠠᠨᠠᠭᠤᠯᠭ᠎ᠠ( ᠶᠠᠷᠢᠯᠴᠠᠬᠤ ᠨᠣᠣᠷᠠᠭ) 》 ᠎ᠳᠦ ᠲᠣᠳᠣᠷᠬᠠᠢᠯᠠᠯᠲᠠ ᠬᠢᠪᠡ᠃ ᠬᠣᠲᠠ ᠎ᠶ᠋ᠢᠨ ᠨᠠᠮ ᠎ᠤᠨ ᠬᠣᠷᠢᠶᠠᠨ ᠎ᠤ ᠳᠡᠳ᠋ ᠱᠦᠵᠢ᠂ ᠬᠣᠲᠠ ᠎ᠶ᠋ᠢᠨ ᠠᠷᠠᠳ ᠎ᠤᠨ ᠵᠠᠰᠠᠭ ᠎ᠤᠨ ᠣᠷᠳᠣᠨ ᠎ᠤ ᠬᠣᠲᠠ ᠎ᠶ᠋ᠢᠨ  ᠳᠠᠷᠤᠭ᠎ᠠ  ᠵᠠᠨᠭ᠌ ᠬᠤᠨᠭ᠌ ᠹᠦ᠋ ᠬᠤᠷᠠᠯ ᠎ᠳᠤ ᠣᠷᠣᠯᠴᠠᠪᠠ᠃

ᠡᠨᠡ ᠤᠳᠠᠭᠠᠨ ᠎ᠤ ᠪᠦᠭᠦᠳᠡ ᠬᠤᠷᠠᠯ ᠎ᠤᠨ ᠭᠣᠣᠯ ᠡᠭᠦᠷᠭᠡ ᠪᠣᠯ᠄ ᠰᠢ᠎ᠵᠢᠨ᠎ᠫᠢᠩ ᠎ᠦᠨ  ᠱᠢᠨ᠎ᠡ  ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠣᠨᠴᠠᠯᠢᠭ ᠪᠦᠬᠦᠢ ᠨᠡᠢᠭᠡᠮ ᠵᠢᠷᠤᠮ ᠎ᠤᠨ ᠦᠵᠡᠯ ᠰᠠᠨᠠᠭ᠎ᠠ ᠎ᠪᠠᠷ ᠵᠢᠯᠣᠭᠣᠳᠣᠯᠭ᠎ᠠ ᠪᠣᠯᠭᠠᠵᠤ᠂ ᠨᠠᠮ ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ ᠎ᠤ ᠲᠦᠪ ᠬᠣᠷᠢᠶᠠᠨ ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠥᠭᠡᠷ ᠪᠦᠭᠦᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠪᠦᠬᠦ᠌ ᠲᠠᠯ᠎ᠠ ᠎ᠪᠠᠷ ᠲᠤᠭᠤᠱᠢᠯᠠᠭᠤᠯᠤᠨ ᠨᠠᠢᠳᠠᠪᠦᠷᠢᠵᠢᠭᠤᠯᠵᠤ᠂ ᠰᠢ᠎ᠵᠢᠨ᠎ᠫᠢᠩ ᠶᠡᠷᠦᠩᠬᠡᠢ ᠱᠦᠵᠢ ᠶ᠋ᠢᠨ ᠥᠪᠥᠷ ᠮᠣᠩᠭᠣᠯ ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠎ᠶ᠋ᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠎ᠶ᠋ᠢᠨ ᠠᠷᠪᠠᠨ ᠨᠢᠭᠡᠳᠦᠭᠡᠷ ᠬᠤᠭᠤᠴᠠᠭᠠᠨ ᠎ᠤ ᠠᠷᠪᠠᠳᠤᠭᠠᠷ ᠪᠦᠭᠦᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠣᠲᠠ᠎ᠶ᠋ᠢᠨ ᠨᠠᠮ ᠎ᠤᠨ ᠬᠣᠷᠢᠶ᠎ᠠ ᠎ᠶ᠋ᠢᠨ ᠪᠠᠢᠩᠭᠤ ᠎ᠶ᠋ᠢᠨ ᠬᠣᠷᠢᠶ᠎ᠠ ᠎ᠶ᠋ᠢᠨ ᠠᠵᠢᠯ ᠎ᠤᠨ ᠮᠡᠳᠡᠭᠦᠯᠦᠯᠲᠡ ᠎ᠶ᠋ᠢ ᠰᠣᠨᠣᠰᠴᠤ᠌᠂ 《 ᠤᠯᠤᠰ ᠠᠷᠠᠳ ᠎ᠤᠨ ᠠᠵᠤ ᠠᠬᠤᠢ ᠪᠣᠯᠣᠨ ᠨᠡᠢᠭᠡᠮ ᠎ᠦᠨ ᠬᠦᠭ᠌ᠵᠢᠯᠲᠡ ᠎ᠶ᠋ᠢᠨ ᠠᠷᠪᠠᠨ ᠲᠠᠪᠤᠳᠤᠭᠠᠷ ᠲᠠᠪᠤᠨ ᠵᠢᠯ ᠎ᠦᠨ ᠲᠥᠯᠥᠪᠵᠢᠭᠦᠯᠭᠡ ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠪᠠᠶᠠᠨᠨᠠᠭᠤᠷ ᠬᠣᠲᠠ ᠎ᠶ᠋ᠢᠨ ᠬᠣᠷᠢᠶ᠎ᠠ ᠎ᠶ᠋ᠢᠨ ᠰᠠᠨᠠᠭᠤᠯᠭ᠎ᠠ 》 ᠎ᠶ᠋ᠢ ᠬᠢᠨᠠᠨ ᠵᠥᠪᠯᠡᠪᠡ᠃

 

ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ