ᠥᠪᠡᠷᠲᠡᠭᠡᠨ ᠵᠠᠰᠠᠬᠤ ᠣᠷᠣᠨ ᠪᠤᠭᠤᠲᠤ᠎ᠶᠢᠨ ᠪᠣᠯᠣᠳ ᠲᠡᠮᠦᠷ᠎ᠦᠨ ᠬᠤᠪᠢ ᠣᠷᠣᠭᠤᠯᠤᠭᠰᠠᠨ ᠺᠣᠮᠫᠠᠨᠢ᠎ᠶᠢᠨ ᠪᠣᠯᠣᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠶᠢᠨ ᠳᠡᠯᠪᠡᠷᠡᠯᠲᠡ᠎ᠶᠢᠨ ᠡᠨᠳᠡᠯ᠎ᠢ ᠪᠠᠢᠴᠠᠭᠠᠬᠤ ᠳᠤᠭᠤᠢᠯᠠᠩ ᠪᠠᠢᠭᠤᠯᠪᠠ ᠪᠣᠣ ᠭᠠᠩ ᠳᠤᠭᠤᠢᠯᠠᠩ᠎ᠤᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠪᠡ
ᠨᠡᠶ᠋ᠢᠲᠡᠯᠡᠭᠰᠡᠨ ᠴᠠᠭ᠄ 2026-01-30
ᠪᠤᠭᠤᠲᠤ᠎ᠶᠢᠨ ᠪᠣᠯᠣᠳ ᠲᠡᠮᠦᠷ᠎ᠦᠨ ᠬᠤᠪᠢ ᠣᠷᠣᠭᠤᠯᠤᠭᠰᠠᠨ ᠺᠣᠮᠫᠠᠨᠢ᠎ᠶᠢᠨ ᠪᠣᠯᠣᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠳᠦ ᠳᠡᠯᠪᠡᠷᠡᠯᠲᠡ᠎ᠶᠢᠨ ᠡᠨᠳᠡᠯ ᠭᠠᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠪᠠᠢᠴᠠᠭᠠᠬᠤ ᠳᠤᠭᠤᠢᠯᠠᠩ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠳᠤᠭᠤᠢᠯᠠᠩ᠎ᠤᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳᠤᠭᠤᠢᠯᠠᠩ᠎ᠤᠨ ᠳᠡᠳ᠋ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠪᠡ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠪᠤᠭᠤᠲᠤ ᠬᠣᠲᠠ᠎ᠶᠢᠨ ᠪᠠ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠎ᠢᠶᠡᠷ ᠪᠦᠷᠢᠯᠳᠦᠭᠦᠨ ᠪᠣᠯᠭᠠᠭᠰᠠᠨ ᠪᠠᠢᠴᠠᠭᠠᠯᠲᠠ᠎ᠶᠢᠨ ᠳᠤᠭᠤᠢᠯᠠᠩ ᠨᠢ ᠣᠳᠣᠬᠠᠨ᠎ᠳᠤ ᠨᠢᠭᠡᠨᠲᠡ ᠠᠬᠤᠢ ᠲᠠᠯᠠᠪᠠᠢ᠎ᠳᠤ ᠬᠦᠷᠴᠦ ᠠᠵᠢᠯ᠎ᠢᠶᠠᠨ ᠥᠷᠨᠢᠭᠦᠯᠵᠦ ᠪᠣᠢ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ