ᠶᠡᠷᠦᠩᠬᠡᠶ ᠱᠦᠵᠢ ᠰᠢ᠎ᠵᠢᠨ᠎ᠫᠢᠩ᠎ᠤᠨ ᠮᠤᠵᠢ ᠶᠠᠮᠤᠨ᠎ᠤ ᠲᠠᠰ᠎ᠤᠨ ᠭᠤᠤᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ
ᠨᠡᠶ᠋ᠢᠲᠡᠯᠡᠭᠰᠡᠨ ᠴᠠᠭ᠄ 2026-01-30
1 ᠰᠠᠷ᠎ᠠ᠎ᠶ᠋ᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠮᠤᠵᠢ ᠶᠠᠮᠤᠨ᠎ᠤ ᠲᠠᠰ᠎ᠤᠨ ᠭᠤᠤᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶᠠᠨᠦ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠤᠨ ᠬᠠᠪᠲᠠᠰᠤᠨ ᠮᠠᠲ᠋ᠧᠷᠢᠶᠠᠯ᠎ᠤᠨ ᠦᠶ᠋ᠯᠡᠳᠪᠦᠷᠢ᠎ᠶᠢᠨ ᠳᠡᠯᠪᠡᠷᠡᠯᠲᠡ᠎ᠶᠢᠨ ᠡᠨᠳᠡᠯ᠎ᠢ ᠱᠢᠶ᠋ᠳᠪᠦᠷᠢᠯᠡᠭ᠌ᠰᠡᠨ ᠪᠠᠢᠳᠠᠯ ᠪᠣᠯᠤᠨ ᠪᠥᠬᠥ᠌ ᠣᠷᠣᠨ᠎ᠤ ᠠᠶᠤᠯᠭᠦᠢ ᠦᠶ᠋ᠯᠡᠳᠪᠦᠷᠢᠯᠡᠯ᠎ᠤᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠬᠤᠯᠪᠤᠭᠳᠠᠯ ᠪᠥᠬᠥᠶ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃
ᠬᠤᠷᠠᠯ ᠡᠴᠡ᠂ ᠶᠡᠷᠦᠩᠬᠡᠶ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶ᠎ᠠ᠎ᠨᠢ ᠥᠨᠳᠥᠷ᠎ᠲᠤ ᠵᠣᠭ᠍ᠰᠣᠨ ᠠᠯᠤᠰ᠎ᠢ ᠪᠡᠷᠡᠯᠡᠵᠦ᠍᠂ ᠠᠯᠤᠰ ᠬᠡᠲᠦ᠍᠎ᠶᠢᠨ ᠵᠣᠷᠢᠯᠲᠠ᠎ᠲᠠᠶ ᠪᠠᠢᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠮᠠᠰᠢ ᠴᠢᠩᠭ᠎ᠠ ᠤᠯᠤᠰ ᠲᠥᠷᠥ᠎ᠶ᠋ᠢᠨ ᠴᠢᠨᠠᠷ᠂ ᠣᠨᠣᠯ᠎ᠤᠨ ᠴᠢᠨᠠᠷ᠂ ᠬᠠᠨᠳᠤᠯᠭᠠᠳᠤ ᠴᠢᠨᠠᠷ᠂ ᠵᠢᠯᠣᠭᠣᠳᠭᠤ ᠴᠢᠨᠠᠷᠲᠠᠶ ᠪᠠᠢᠵᠤ᠂ ᠮᠠᠷᠺᠰ᠎ᠤᠨ ᠦᠵᠡᠯ᠎ᠤᠨ ᠬᠡᠷᠡᠯ ᠰᠠᠴᠤᠷᠠᠩᠭᠤᠶ ᠲᠤᠯᠭᠤᠷ ᠪᠢᠴᠢᠭ ᠪᠣᠯᠤᠨ᠎ᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠬᠦ᠌ ᠬᠡᠷᠡᠭ᠌ᠲᠡᠢ᠃ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠰᠤᠷᠤᠭ᠍ᠰᠠᠨ᠎ᠢᠶᠠᠨ ᠬᠡᠷᠡᠭ᠌ᠯᠡᠵᠦ᠍᠂ ᠮᠡᠳᠡᠬᠦ ᠬᠢᠬᠦ᠎ᠪᠡᠨ ᠨᠢᠭᠡᠳᠭᠡᠵᠦ᠍᠂ ᠦᠨᠡᠨ ᠬᠦ᠌ ᠱᠢᠨᠵᠢᠯᠡᠬᠦ᠌ ᠤᠬᠠᠭᠠᠨᠴᠢ᠎ᠪᠠᠷ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶᠢ ᠵᠢᠯᠣᠭᠣᠳᠭᠤ ᠬᠡᠷᠡᠭ᠌ᠲᠡᠢ᠃ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ 《ᠲᠥᠷᠪᠡ᠎ᠳᠦ ᠠᠱᠢᠭ᠍ᠲᠠᠢ ᠪᠠᠢᠯᠭᠠᠬᠤ》 ᠴᠢᠬᠤᠯᠠ ᠶᠡᠬᠡ ᠤᠯᠤᠰ ᠲᠥᠷᠥ᠎ᠶ᠋ᠢᠨ ᠳᠠᠪᠠᠭᠤᠯᠢᠭ᠎ᠢ ᠭᠦᠢᠴᠡᠳ ᠲᠠᠨᠢᠵᠤ᠂ 《ᠲᠠᠪᠤ᠎ᠶᠢ ᠪᠠᠷᠢᠮᠲᠠᠯᠠᠬᠤ》 ᠴᠢᠬᠤᠯᠠ ᠲᠤᠷᠱᠢᠯᠭ᠎ᠠ᠎ᠶᠢ ᠬᠡᠷᠡᠭ᠌ᠯᠡᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢ ᠰᠠᠢᠲᠤᠷ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠦᠨ᠂ ᠡᠯ᠎ᠡ ᠵᠦᠢᠯ᠎ᠦᠨ ᠲᠥᠯᠥᠪᠵᠢᠭᠦᠯᠭᠡ᠎ᠶ᠋ᠢᠨ ᠱᠢᠨᠵᠢᠯᠡᠬᠦ᠌ ᠤᠬᠠᠭᠠᠨᠴᠢ ᠪᠥᠭᠡᠳ ᠵᠦᠢ ᠵᠣᠬᠢᠰᠲᠠᠢ᠂ ᠪᠣᠳᠠᠳᠠᠢ᠎ᠶ᠋ᠢ ᠡᠷᠬᠢᠮᠯᠡᠭ᠌ᠰᠡᠨ ᠪᠥᠭᠡᠳ ᠲᠤᠰᠠᠲᠠᠢ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠣᠨᠣᠪᠴᠢᠲᠠᠢ ᠤᠢ᠍ᠢᠯᠠᠭᠠᠨ ᠡᠵᠡᠮᠱᠢᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ᠎ᠤᠨ ᠱᠢᠨ᠎ᠡ ᠬᠤᠪᠢᠷᠠᠯᠲᠠ᠎ᠳᠤ ᠵᠣᠬᠢᠴᠠᠭᠤᠯᠤᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠪᠡᠨ ᠴᠢᠩᠭᠠᠳᠭᠠᠵᠤ᠂ ᠥᠪᠥᠷ ᠮᠣᠩᠭᠣᠯ᠎ᠤᠨ ᠤᠨᠴᠠᠯᠢᠬ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲᠸᠮ᠎ᠢ ᠲᠦᠷᠭᠡᠳᠭᠡᠨ ᠪᠠᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠍᠂ ᠠᠵᠤ ᠠᠬᠤᠢ ᠨᠡᠢᠭᠡᠮ᠎ᠦᠨ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠬᠥᠭ᠌ᠵᠢᠯᠲᠡ᠎ᠶ᠋ᠢ ᠨᠡᠩ ᠬᠦᠴᠦᠯᠡᠨ ᠠᠬᠢᠭᠤᠯᠬᠤ ᠬᠡᠷᠡᠭ᠌ᠲᠡᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠳᠠᠭᠠᠭᠤᠯᠵᠤ ᠪᠠᠢᠭᠠᠳ ᠨᠠᠮ᠎ᠤᠨ ᠱᠢᠨ᠎ᠡ᠎ᠡᠭᠦᠳᠦᠯᠳᠡ᠎ᠶᠢᠨ ᠤᠨᠤᠯ᠎ᠢ ᠭᠦᠨᠵᠡᠭᠡᠢ ᠰᠤᠳᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠲᠡᠮᠡᠴᠡᠯ᠎ᠦᠨ ᠵᠣᠷᠢᠭ ᠰᠠᠨᠠᠭ᠎ᠠ᠎ᠪᠠᠷ ᠢᠯᠵᠢᠷᠠᠯ᠎ᠢ ᠡᠷᠡᠰ ᠭᠤᠢᠪᠢᠰᠢ ᠦᠭᠡᠢ᠎ᠪᠡᠷ ᠵᠠᠯᠬᠠᠭᠠᠨ ᠱᠢᠢᠳᠭᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠵᠠᠢ᠃
ᠬᠤᠷᠠᠯ᠎ᠡᠴᠡ᠂ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭᠯᠡᠯ᠎ᠤᠨ ᠬᠠᠪᠲᠠᠰᠤᠨ ᠮᠠᠲ᠋ᠧᠷᠢᠶᠠᠯ᠎ᠤᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠤᠨ ᠦᠷᠡᠭ᠌ᠳᠡᠯ ᠬᠦᠨᠳᠦ ᠨᠣᠴᠢᠲᠠᠢ᠂ ᠰᠤᠷᠭᠠᠮᠵᠢ ᠭᠦᠨ ᠭᠦᠨᠵᠡᠭᠡᠢ ᠪᠠᠢᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ᠎ᠵᠢᠨ᠎ᠫᠢᠩ᠎ᠦᠨ ᠬᠣᠯᠪᠣᠭ᠍ᠳᠠᠯ ᠪᠦᠬᠦᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠬᠠᠮᠰᠠᠷ᠎ᠡᠴᠡ᠎ᠪᠠᠨ ᠤᠯᠤᠰ ᠲᠦᠷᠦ᠍᠎ᠶ᠋ᠢ ᠡᠷᠬᠢᠮᠯᠡᠬᠦ᠌ ᠦᠨᠳᠦᠷᠴᠡ ᠡᠴᠡ ᠠᠶᠤᠯᠭᠦᠢ ᠦᠢᠯᠡᠳᠪᠦᠷᠢᠯᠡᠯ᠎ᠦᠨ ᠲᠤᠢᠯ᠎ᠤᠨ ᠴᠢᠬᠤᠯᠠ ᠴᠢᠨᠠᠷ᠎ᠢ ᠲᠠᠨᠢᠵᠤ᠂ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠢ ᠴᠢᠩᠭ᠎ᠠ ᠪᠣᠳᠠᠲᠠᠢ ᠨᠠᠷᠢᠯᠢᠭ ᠠᠳᠭᠤᠵᠤ᠂ ᠡᠯ᠎ᠡ ᠬᠦᠷᠢᠢ᠎ᠡ ᠡᠯ᠎ᠡ ᠠᠵᠢᠯ ᠲᠦᠷᠦᠯ᠎ᠦᠨ ᠦᠢᠯᠡᠳᠪᠦᠷᠢᠯᠡᠯ᠎ᠦᠨ ᠠᠮᠤᠷ ᠲᠦᠪᠱᠢᠨ᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ᠎ᠢ ᠪᠠᠲᠤᠯᠠᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ᠎ᠪᠡᠷ 《ᠬᠣᠶᠠᠷ᠎ᠢ ᠲᠣᠭ᠍ᠲᠠᠭᠠᠭᠰᠠᠨ》᠎ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ᠌᠂ ᠡᠪᠡᠳᠬᠦ᠌ ᠨᠢ ᠵᠣᠭ᠍ᠰᠣᠪᠠᠴᠤ᠌ ᠡᠪᠡᠷᠱᠢᠶᠡᠯ᠎ᠢᠶᠡᠨ ᠰᠠᠨᠠᠭᠠᠯᠵᠠᠨ᠂ ᠡᠭᠦᠨ᠎ᠢᠶᠡᠷ ᠲᠤᠯᠢ ᠪᠣᠯᠭᠠᠵᠤ᠂ ᠰᠤᠨᠤᠷ ᠰᠡᠷᠡᠮᠵᠢ᠎ᠪᠠᠨ ᠴᠢᠨᠭᠭᠠᠳᠬᠠᠵᠤ᠂ ᠠᠶᠤᠯᠭᠦᠢ ᠦᠢᠯᠡᠳᠪᠦᠷᠢᠯᠡᠯ᠎ᠦᠨ ᠡᠨᠡ ᠬᠦ᠌ ᠬᠦᠪᠴᠢ᠎ᠵᠢ ᠴᠢᠩᠭᠠᠯᠠᠵᠤ᠂ ᠲᠠᠢᠪᠤᠱᠢᠷᠠᠬᠤ ᠦᠵᠡᠯ ᠰᠠᠨᠠᠭ᠎ᠠ᠎ᠶ᠋ᠢ ᠡᠷᠡᠰ ᠲᠡᠪᠴᠢᠵᠦ᠍᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠡᠩ᠎ᠦᠨ ᠴᠢᠨᠠᠷᠲᠠᠢ ᠡᠨᠳᠡᠯ᠎ᠢ ᠪᠠᠭᠠᠰᠭᠠᠬᠤ ᠬᠡᠷᠡᠭ᠌ᠲᠡᠢ᠃ ᠡᠨᠳᠡᠯ᠎ᠦᠨ ᠬᠣᠢᠲᠤᠬᠢ ᠶᠠᠪᠤᠳᠠᠯ᠎ᠢ ᠱᠢᠶ᠋ᠳᠪᠦᠷᠢᠯᠡᠬᠦ᠌ ᠠᠵᠢᠯ᠎ᠢ ᠯᠠᠪᠳᠠᠭᠤᠨ ᠪᠥᠭᠡᠳ ᠨᠠᠷᠢᠯᠢᠭ ᠰᠠᠢᠲᠤᠷ ᠬᠢᠵᠦ᠍᠂ ᠡᠨᠳᠡᠯ᠎ᠦᠨ ᠱᠢᠯᠲᠠᠭᠠᠨ᠎ᠢ ᠳᠠᠷᠤᠶ ᠲᠦᠷᠭᠡᠨ ᠪᠠᠢᠴᠠᠭᠠᠨ ᠳᠣᠲᠣᠯᠠᠵᠤ᠂ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠱᠢᠶ᠋ᠳᠪᠦᠷᠢᠯᠡᠬᠦ᠌ ᠬᠡᠷᠡᠭ᠌ᠲᠡᠶ᠃ ᠨᠢᠭᠡ᠎ᠡᠴᠡ ᠨᠦᠭᠦᠭᠡ᠎ᠶᠢ ᠵᠦᠶ᠋ᠴᠢᠯᠡᠨ ᠮᠡᠳᠡᠵᠦ᠍᠂ ᠡᠯ᠎ᠡ ᠭᠠᠵᠠᠷ ᠡᠯ᠎ᠡ ᠬᠦᠷᠢᠶᠡᠨ᠎ᠦ ᠠᠮᠤᠷ ᠲᠦᠪᠱᠢᠨ᠎ᠦ ᠬᠡᠮ ᠰᠣᠭᠣᠭ᠎ᠢ ᠶᠡᠬᠡᠪᠡᠷ ᠵᠢᠭ᠍ᠰᠠᠭᠠᠨ ᠪᠠᠢᠴᠠᠭᠠᠵᠤ ᠶᠡᠬᠡᠪᠡᠷ ᠴᠡᠭ᠌ᠴᠡᠯᠡᠨ ᠵᠠᠰᠠᠬᠤ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠢᠯᠡᠷᠡᠭᠦᠯᠦᠭ᠌ᠰᠡᠨ ᠠᠰᠠᠭᠤᠳᠠᠯ᠎ᠤᠨ ᠬᠡᠮ ᠰᠣᠭᠣᠭ᠎ᠢ ᠡᠴᠦᠰ᠎ᠲᠦᠨᠢ ᠲᠤᠯᠲᠠᠯ᠎ᠠ ᠦᠨᠡᠨ ᠬᠦ᠌ ᠴᠡᠭ᠌ᠴᠡᠯᠡᠨ ᠰᠠᠢᠵᠢᠷᠠᠭᠤᠯᠵᠤ᠂ ᠲᠣᠷᠭᠠᠭᠤᠯᠢ᠎ᠪᠠᠷ ᠴᠡᠭ᠌ᠴᠡᠯᠡᠨ ᠰᠠᠢᠵᠢᠷᠠᠭᠤᠯᠬᠤ᠎ᠶ᠋ᠢ ᠣᠷᠣᠯᠠᠭᠤᠯᠵᠤ ᠣᠭ᠍ᠲᠣ ᠪᠣᠯᠬᠤ ᠥᠬᠡᠶ᠂ 《ᠪᠠᠢᠴᠠᠭᠠᠪᠠᠴᠤ ᠴᠡᠭᠴᠡᠯᠡᠨ ᠵᠠᠰᠠᠬᠤ ᠥᠬᠡᠶ》᠂ ᠲᠥᠬᠥᠭᠡᠷᠦᠮᠵᠢ᠎ᠶ᠋ᠢᠨ ᠬᠡᠮ ᠰᠣᠭᠣᠭ᠎ᠲᠠᠶ ᠠᠵᠢᠯᠯᠠᠬᠤ᠂ ᠠᠶᠤᠯ ᠲᠦᠭ᠌ᠰᠢᠭᠦᠷᠢ᠎ᠶ᠋ᠢ ᠨᠢᠭᠡᠨᠲᠡ ᠮᠡᠳᠡᠭ᠌ᠰᠡᠨ ᠴᠦ᠍ ᠮᠥᠨ ᠯᠡ ᠭᠡᠨᠡᠨ᠎ᠢᠶᠡᠷ ᠠᠵᠢᠯᠯᠠᠵᠤ ᠪᠠᠢᠬᠤ ᠵᠡᠷᠭᠡ ᠠᠰᠠᠭᠤᠳᠠᠯ᠎ᠢ ᠡᠷᠡᠰ ᠬᠣᠷᠢᠭ᠍ᠯᠠᠬᠤ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ᠎ᠦᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠬᠢᠨᠠᠨ ᠬᠠᠮᠢᠶᠠᠷᠴᠤ᠌ ᠬᠠᠤᠯᠢ ᠬᠡᠷᠡᠭ᠌ᠵᠢᠭᠦᠯᠬᠦ᠌᠎ᠪᠡᠨ ᠴᠢᠩᠭᠠᠳᠭᠠᠨ᠂ ᠮᠡᠷᠭᠡᠵᠢᠯ᠎ᠢᠶᠡᠷ ᠰᠡᠷᠭᠡᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ᠎ᠡᠴᠡ ᠨᠢ ᠰᠡᠷᠭᠡᠢᠯᠡᠨ ᠠᠷᠢᠯᠭᠠᠬᠤ ᠬᠡᠷᠡᠭ᠌ᠲᠡᠢ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ ᠳ᠋ᠤ ᠬᠤᠤᠰ ᠬᠠᠷᠢᠭᠤᠴᠠᠯᠭ᠎ᠠ ᠡᠭᠦᠷᠭᠡᠯᠡᠬᠦ᠎ᠶᠢ ᠴᠢᠩᠭ᠎ᠠ ᠨᠠᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠦᠷᠭᠦᠯᠵᠢᠯᠡᠨ ᠴᠢᠩᠳᠠᠯᠠᠵᠤ᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠂ ᠬᠠᠷᠢᠶ᠎ᠠ ᠣᠷᠣᠨ᠎ᠤ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠡᠯ᠎ᠡ ᠬᠣᠯᠪᠣᠭ᠍ᠳᠠᠯ ᠪᠦᠬᠦᠢ ᠲᠠᠯ᠎ᠠ᠎ᠶᠢᠨ ᠬᠢᠨᠢ ᠱᠠᠯᠠᠪᠳᠠᠭᠤᠯᠤᠨ ᠱᠠᠭᠠᠷᠳᠠᠵᠤ ᠪᠠᠢᠭᠠᠳ 《ᠭᠤᠷᠪᠠ᠎ᠶ᠋ᠢ ᠬᠠᠮᠢᠶᠠᠷᠬᠤ ᠭᠤᠷᠪᠠ᠎ᠶᠢ ᠡᠷᠬᠡᠪᠰᠢ ᠪᠠᠷᠢᠮᠲᠠᠯᠠᠬᠤ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠲᠣᠣᠷ᠎ᠢ ᠨᠢᠭ᠍ᠲᠠ ᠰᠦᠯᠵᠢᠵᠦ᠍᠂ ᠬᠣᠯᠪᠣᠭ᠍ᠳᠠᠯ ᠪᠦᠬᠦᠢ ᠰᠡᠷᠭᠡᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠪᠣᠳᠠᠲᠠᠢ ᠨᠠᠢᠳᠠᠪᠤᠷᠢᠵᠢᠭᠤᠯᠬᠤ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ᠎ᠦᠨ ᠲᠠᠯ᠎ᠠ᠎ᠪᠠᠷ ᠬᠠᠷᠢᠭᠤᠴᠠᠯᠭ᠎ᠠ ᠠᠯᠳᠠᠭ᠍ᠰᠠᠨ᠂ ᠠᠯᠪᠠᠨ ᠲᠤᠱᠢᠶᠠᠯ ᠳᠠᠭᠠᠨ ᠠᠯᠮᠠᠢᠷᠠᠨ ᠣᠰᠣᠯᠳᠠᠭ᠍ᠰᠠᠨ᠂ ᠲᠣᠭ᠍ᠲᠠᠭᠠᠯ᠎ᠡᠴᠡ ᠵᠥᠷᠢᠴᠡᠨ ᠠᠵᠢᠯᠯᠠᠭᠤᠯᠤᠭ᠍ᠰᠠᠨ ᠵᠡᠷᠭᠡ᠎ᠶ᠋ᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠬᠤᠷᠠᠯ ᠡᠴᠡ ᠪᠦᠬᠦ᠌ ᠤᠯᠤᠰ᠎ᠤᠨ ᠤᠬᠠᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠰᠢ᠎ᠵᠢᠨ᠎ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ ᠠᠬᠢᠭᠤᠯᠤᠨ ᠪᠣᠳᠠᠲᠠᠢ ᠬᠢᠵᠦ᠍᠂ ᠵᠥᠪ ᠲᠠᠯ᠎ᠠ᠎ᠶ᠋ᠢᠨ ᠶᠠᠷᠢᠶ᠎ᠠ ᠬᠡᠯᠡᠯᠴᠡᠭᠡᠨ᠎ᠦ ᠰᠦᠷ ᠬᠦᠴᠦᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠥᠷᠭᠡᠳᠭᠡᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠰᠠᠢᠲᠤᠷ ᠰᠠᠬᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ 2026 ᠣᠨ᠎ᠤ ᠨᠢᠭᠡᠳᠦᠭᠡᠷ ᠤᠯᠠᠷᠢᠯ᠎ᠤᠨ ᠲᠦᠪ᠎ᠤᠨ ᠳᠠᠪᠬᠤᠷᠭ᠎ᠠ ᠡᠴᠡ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠤᠰᠭᠠᠶ ᠠᠵᠢᠯ᠎ᠤᠨ ᠲᠣᠭ᠍ᠲᠠᠴᠠ᠎ᠶ᠋ᠢᠨ ᠬᠤᠷᠠᠯ ᠪᠣᠯᠤᠨ ᠬᠣᠯᠪᠣᠭ᠍ᠳᠠᠯ ᠪᠥᠬᠥᠶ ᠮᠡᠳᠡᠭ᠌ᠳᠡᠯ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠤᠨ ᠲᠤᠰᠭᠠᠶ ᠠᠵᠢᠯ᠎ᠤᠨ ᠲᠣᠭ᠍ᠲᠠᠴᠠ᠎ᠶ᠋ᠢᠨ ᠬᠤᠷᠠᠯ᠎ᠤᠨ ᠱᠠᠭᠠᠷᠳᠠᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠬᠡᠯᠪᠡᠷᠢᠴᠢ ᠦᠵᠡᠯ᠎ᠢ ᠦᠷᠭᠦᠯᠵᠢᠯᠡᠨ ᠬᠦᠴᠦᠯᠡᠨ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ 《ᠵᠢᠷᠭᠤᠭ᠎ᠠ᠎ᠶ᠋ᠢ ᠵᠠᠯᠠᠷᠠᠭᠤᠯᠤᠨ ᠵᠠᠰᠠᠬᠤ》 ᠭᠤᠤᠯᠳᠠᠯᠭ᠎ᠠ᠎ᠲᠠᠶ ᠡᠭᠦᠷᠭᠡ ᠪᠣᠯᠤᠨ 《ᠤᠳᠠᠭᠠᠨ ᠪᠦᠳᠦᠭᠦᠯᠢᠭ ᠬᠡᠢᠰᠪᠦᠷᠢ》 ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠳᠣᠪᠣᠢᠯᠭᠠᠨ ᠰᠠᠢᠲᠤᠷ ᠠᠳᠭᠤᠵᠤ᠂ ᠪᠠᠢᠭᠤᠯᠤᠯ ᠲᠣᠭ᠍ᠲᠠᠴᠠ᠎ᠡᠴᠡ ᠭᠠᠷᠲᠠᠨ ᠬᠦᠴᠢᠷ ᠠᠰᠠᠭᠤᠳᠠᠯ ᠲᠦᠭ᠌ᠵᠢᠷᠡᠯ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠨᠠᠩ ᠴᠢᠬᠤᠯᠠᠴᠢᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ ᠲᠥᠪ᠎ᠦᠨ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠰᠢ᠎ᠵᠢᠨ᠎ᠫᠢᠩ᠎ᠦᠨ ᠬᠠᠤᠯᠢ᠎ᠪᠡᠷ ᠵᠠᠰᠠᠬᠤ ᠦᠵᠡᠯ ᠰᠠᠨᠠᠭ᠎ᠠ ᠪᠣᠯᠤᠨ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠯᠠᠪᠳᠠᠭᠤᠨ ᠬᠦᠴᠦᠲᠡᠢ ᠠᠷᠭ᠎ᠠ ᠬᠡᠮᠵᠢᠶ᠎ᠡ᠎ᠪᠡᠷ ᠨᠡᠩ ᠥᠨᠳᠥᠷ ᠲᠦᠪᠱᠢᠨ ᠪᠦᠬᠦᠢ ᠠᠮᠤᠭᠤᠯᠠᠩᠲᠦ ᠥᠪᠥᠷ ᠮᠣᠩᠭᠣᠯ᠂ ᠬᠠᠤᠯᠢ᠎ᠪᠡᠷ ᠵᠠᠰᠠᠬᠤ ᠥᠪᠥᠷ ᠮᠣᠩᠭᠣᠯ᠎ᠤᠨ ᠪᠠᠢᠭᠤᠯᠤᠯᠲᠠ᠎ᠶᠢ ᠠᠬᠢᠭᠤᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ᠎ᠤᠨ ᠡᠩᠨᠡᠭᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ