ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠶᠡᠭᠡ ᠮᠥᠷᠦ᠋ᠢ᠍ᠴᠡᠭᠡᠨ᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠲᠡᠭᠦᠰ ᠠᠮᠵᠢᠯᠲᠠ᠎ᠲᠠᠢ ᠥᠨᠳᠥᠷᠯᠡᠪᠡ

ᠨᠡᠶ᠋ᠢᠲᠡᠯᠡᠭᠰᠡᠨ ᠴᠠᠭ᠄   2025-11-10

ᠱᠠᠱ᠌ᠢᠨ ᠊ᠤ᠊ ᠲᠠᠪᠴᠠᠩ᠎ᠤᠨ ᠥᠷᠢᠰᠦᠯᠳᠦᠭᠡᠨ ᠊ᠦ᠊ ᠦᠵᠡᠭᠦᠯᠦᠯᠭᠡ ᠵᠢᠨ ᠴᠣᠭ ᠵᠢᠪᠬᠤᠭ᠎ᠠ ᠵᠢ ᠪᠠᠳᠠᠷᠠᠭᠤᠯᠤᠶ᠎ᠠ᠃ 11 ᠰᠠᠷ᠎ᠠ ᠵᠢᠨ 4᠎ᠤ ᠡᠳᠦᠷ᠂ ᠳ᠋ᠧᠩᠺᠸᠤ ᠰᠢᠶᠠᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠶᠡᠭᠡ ᠮᠥᠷᠦ᠋ᠢ᠍ᠴᠡᠭᠡᠨ᠎ᠢ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠲᠤᠷᠰᠢᠯᠲᠠ ᠵᠢᠨ ᠳᠤᠮᠳᠠᠳᠤ ᠰᠤᠷᠭ᠋ᠠᠭᠤᠯᠢ᠎ᠳᠤ ᠲᠡᠭᠦᠰ ᠠᠮᠵᠢᠯᠲᠠ᠎ᠲᠠᠢ ᠶᠠᠪᠤᠭᠳᠠᠪᠠ᠃ ᠲᠣᠰ ᠤᠳᠠᠭ᠋ᠠᠨ᠎ᠤ ᠶᠡᠭᠡ ᠮᠥᠷᠦ᠋ᠢ᠍ᠴᠡᠭᠡᠨ᠎ᠨᠢ ᠪᠠᠭᠰᠢ ᠨᠠᠷ᠎ᠲᠤ ᠵᠢᠭ᠋ᠠᠨ ᠰᠤᠷᠭ᠋ᠠᠯᠲᠠ ᠵᠢᠨ ᠦᠵᠡᠭᠦᠯᠦᠯᠭᠡ ᠪᠠ ᠰᠣᠯᠢᠯᠴᠠᠭ᠎ᠠ ᠬᠢᠵᠦ ᠳᠡᠭᠡᠭᠰᠢᠯᠡᠭᠦᠯᠬᠦ ᠲᠠᠪᠴᠠᠩ ᠬᠠᠩᠭ᠋ᠠᠭᠰᠠᠨ ᠪᠠᠶ᠋ᠢᠨ᠎ᠠ᠃ ᠡᠭᠦᠨ᠎ᠤ ᠬᠠᠮᠲᠤ᠂ ᠮᠠᠨ᠎ᠤ ᠰᠢᠶᠠᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠵᠢᠨ ᠡᠷᠡᠮᠡᠬᠡᠶ᠋ᠢᠯᠡᠨ ᠤᠷᠤᠭᠰᠢᠯᠠᠭᠰᠠᠨ ᠴᠤᠭ ᠵᠢᠪᠬᠤᠭ᠎ᠠ ᠵᠢ ᠢᠯᠡᠷᠡᠭᠦᠯᠵᠦ᠂ ᠪᠥᠬᠦ ᠨᠡᠶ᠋ᠢᠭᠡᠮ ᠵᠶ᠋ᠠᠷ ᠵᠶ᠋ᠠᠨ ᠰᠤᠷᠭ᠋ᠠᠨ ᠬᠥᠮᠦᠵᠢᠯ᠎ᠢ ᠬᠠᠯᠠᠮᠵᠢᠯᠠᠨ ᠳᠡᠮᠵᠢᠬᠦ ᠰᠠᠶ᠋ᠢᠨ ᠰᠠᠶ᠋ᠢᠬᠠᠨ ᠠᠮᠢ ᠠᠬᠤᠶ ᠵᠢ ᠪᠣᠶ ᠪᠣᠯᠭ᠋ᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠤᠷᠲᠠᠯ ᠴᠢᠬᠡᠴᠢ ᠣᠪᠣᠷ ᠲᠥᠪ ᠪᠠᠶ᠋ᠢᠬᠤ᠂ ᠪᠡᠶ᠎ᠡ᠎ᠪᠠᠷ ᠵᠶ᠋ᠠᠨ ᠬᠢᠴᠢᠶᠡᠯᠯᠡᠬᠦ ᠵᠢᠭ᠋ᠠᠨ ᠰᠤᠷᠭ᠋ᠠᠯᠲᠠ ᠵᠢᠨ ᠲᠠᠪᠴᠠᠩ᠂ ᠠᠳᠠᠯᠢᠳᠬᠠᠬᠤ ᠰᠤᠷᠤᠯᠴᠠᠬᠤ ᠬᠦᠢ᠍ᠴᠡᠬᠦ ᠬᠠᠪᠰᠤᠷᠬᠤ᠂ ᠴᠤᠭ ᠪᠠᠳᠠᠷᠠᠩᠭᠤᠶ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃

ᠲᠤᠰ ᠠᠵᠢᠯᠯᠠᠭ᠎ᠠ ᠵᠢ 10 ᠰᠠᠷ᠎ᠠ ᠵᠢᠨ 13᠎ᠤ ᠡᠳᠦᠷ ᠡᠬᠢᠯᠡᠭᠦᠯᠦᠭᠰᠡᠨ᠎ᠠᠴᠠ ᠨᠠᠰᠢ᠂ 《ᠰᠢᠨ᠎ᠡ ᠬᠢᠴᠢᠶᠡᠯ᠎ᠤᠨ ᠪᠠᠷᠢᠮᠵᠢᠶ᠎ᠠ ᠵᠢ ᠦᠢ᠍ᠯᠡᠳᠦᠯᠭᠡᠵᠢᠭᠦᠯᠵᠦ ᠰᠢᠨ᠎ᠡ ᠬᠢᠴᠢᠶᠡᠯ᠎ᠤᠨ ᠲᠠᠩᠬᠢᠮ᠎ᠢ ᠪᠠᠶ᠋ᠢᠭᠤᠯᠬᠤ》᠎ᠪᠠᠷ ᠭᠤᠤᠯ ᠪᠣᠯᠭ᠋ᠠᠵᠤ᠂ 《ᠲᠤᠬᠠᠶ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ ᠵᠢᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠦᠵᠡᠭᠦᠯᠦᠯᠭᠡ》 ᠵᠢᠨ ᠬᠠᠮ ᠵᠠᠭᠪᠤᠷ᠎ᠢ ᠬᠡᠷᠡᠭᠯᠡᠵᠦ᠂ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ 99 ᠪᠠᠭᠰᠢ ᠢᠳᠡᠪᠬᠢᠲᠡᠶ ᠣᠷᠣᠯᠴᠠᠵᠤ᠂ ᠬᠡᠯᠡ ᠪᠢᠴᠢᠭ᠂ ᠲᠣᠭ᠋ᠠᠨ᠎ᠤ ᠤᠬᠠᠭ᠋ᠠᠨ᠂ ᠠᠩᠭ᠍ᠯᠢ ᠬᠡᠯᠡ ᠵᠡᠷᠭᠡ 14 ᠰᠢᠨᠵᠢᠯᠡᠭᠡᠨ᠎ᠤ ᠰᠠᠯᠠᠭ᠎ᠠ ᠵᠢ ᠬᠠᠮᠤᠷᠪᠠ᠃ ᠤᠷᠤᠯᠳᠤᠭ᠋ᠠᠨ᠎ᠤ ᠲᠠᠯᠠᠪᠤᠷ᠎ᠲᠤ᠂ ᠪᠠᠭᠰᠢ ᠨᠠᠷ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ᠂ ᠬᠢᠴᠢᠶᠡᠯ᠎ᠤᠨ ᠲᠠᠩᠬᠢᠮ᠎ᠤᠨ ᠦᠵᠡᠭᠦᠯᠦᠯᠭᠡ ᠪᠣᠯᠤᠨ ᠮᠡᠳᠡᠭᠡ ᠵᠠᠩᠭᠢ ᠵᠢᠨ ᠮᠡᠷᠭᠡᠵᠢᠯ᠎ᠤᠨ ᠠᠭᠤᠰᠤᠯᠴᠠᠯ᠎ᠢ ᠰᠢᠨᠡᠴᠢᠯᠡᠵᠦ᠂ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ᠎ᠤᠨ ᠬᠡᠪ ᠪᠣᠯᠪᠠᠰᠤᠷᠠᠯ ᠪᠣᠯᠤᠨ ᠵᠣᠷᠢᠭᠲᠠᠶ᠎ᠪᠠᠷ ᠰᠢᠨ᠎ᠡ ᠵᠢ ᠡᠭᠦᠳᠬᠦ ᠬᠥᠮᠦᠵᠢᠯ᠎ᠤᠨ ᠬᠠᠶ᠋ᠢᠷ᠎ᠠ ᠰᠡᠳᠬᠢᠯᠭᠡ ᠵᠢ ᠢᠯᠡᠷᠡᠭᠦᠯᠪᠡ᠃ ᠠᠵᠢᠯᠯᠠᠭ᠎ᠠ᠎ᠳᠤ ᠪᠤᠭᠤᠲᠤ ᠬᠤᠲᠠ ᠵᠢᠨ ᠴᠢᠩᠱ᠌ᠠᠨ ᠲᠣᠭᠤᠷᠢᠭ᠎ᠤᠨ 48 ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠤᠯᠯᠠᠭᠴᠢ ᠪᠠᠭᠰᠢ᠎ᠪᠠᠷ ᠪᠦᠷᠢᠯᠳᠦᠭᠰᠡᠨ ᠬᠢᠨᠠᠨ ᠲᠣᠭᠲᠠᠭ᠋ᠠᠬᠤ ᠳᠤᠭᠤᠶ᠋ᠢᠯᠠᠩ᠎ᠢ ᠣᠨᠴᠠᠭ᠋ᠠᠶ᠋ᠢᠯᠠᠨ ᠤᠷᠢᠵᠤ᠂ ᠡᠷᠬᠡ ᠲᠡᠭᠰᠢ ᠲᠥᠪ ᠭᠤᠤᠯᠴᠢ ᠪᠠᠶ᠋ᠢᠬᠤ ᠵᠠᠷᠴᠢᠮ᠎ᠢ ᠪᠠᠷᠢᠮᠲᠠᠯᠠᠵᠤ᠂ ᠤᠯᠠᠨ ᠲᠠᠯ᠎ᠠ᠎ᠠᠴᠠ ᠶᠡᠷᠦᠩᠬᠡᠶ᠋ᠢᠯᠡᠨ ᠦᠨᠡᠯᠡᠬᠦ᠎ᠳᠤ ᠰᠠᠭᠤᠷᠢᠯᠠᠵᠤ᠂ 《ᠰᠢᠯᠢᠳᠡᠭ ᠵᠢᠭ᠋ᠠᠨ ᠰᠤᠳᠤᠯᠬᠤ ᠳᠤᠭᠤᠶ᠋ᠢᠯᠠᠩ᠎ᠤᠨ ᠱᠠᠩᠨᠠᠯ》 4 ᠨᠡᠷᠡᠰ᠂ 《ᠣᠨᠴᠠ ᠳᠡᠰ᠎ᠤᠨ ᠱᠠᠩᠨᠠᠯ》 16ᠨᠡᠷᠡᠰ᠂ 《ᠨᠢᠭᠡᠳᠦᠭᠡᠷ ᠳᠡᠰ᠎ᠤᠨ ᠱᠠᠩᠨᠠᠯ》 33ᠨᠡᠷᠡᠰ᠂ 《ᠬᠤᠶᠠᠳᠤᠭ᠋ᠠᠷ ᠳᠡᠰ᠎ᠤᠨ ᠱᠠᠩᠨᠠᠯ》 33ᠨᠡᠷᠡᠰ᠂ 《ᠰᠢᠯᠢᠳᠡᠭ ᠱᠠᠩᠨᠠᠯ 16ᠨᠡᠷᠡᠰ ᠵᠡᠷᠭᠡ ᠵᠢ ᠰᠢᠯᠭ᠋ᠠᠷᠠᠭᠤᠯᠤᠨ ᠭᠠᠷᠭ᠋ᠠᠪᠠ᠃

ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠬᠤᠷᠠᠯ᠎ᠳᠤ ᠣᠷᠣᠯᠴᠠᠵᠤ᠂ ᠲᠤᠰ ᠤᠳᠠᠭ᠎ᠠ ᠵᠢᠨ ᠵᠢᠭ᠋ᠠᠨ ᠰᠤᠷᠭ᠋ᠠᠯᠲᠠ ᠵᠢᠨ ᠶᠡᠭᠡ ᠮᠥᠷᠦ᠋ᠢ᠍ᠴᠡᠭᠡᠨ᠎ᠳᠤ ᠡᠯᠪᠡᠭ ᠪᠠᠶᠠᠯᠢᠭ ᠦᠷ᠎ᠡ ᠪᠦᠲᠦᠭᠡᠯ᠎ᠢ ᠳᠡᠭᠡᠳᠦ ᠬᠡᠮᠵᠢᠶ᠎ᠡ᠎ᠪᠠᠷ ᠨᠤᠲᠠᠯᠠᠵᠤ᠂ ᠪᠠᠭᠰᠢ ᠨᠠᠷ᠎ᠤᠨ 《ᠤᠷᠤᠯᠳᠤᠭ᠋ᠠᠨ ᠵᠶ᠋ᠠᠷ ᠰᠤᠳᠤᠯᠭ᠋ᠠᠨ᠎ᠢ ᠠᠬᠢᠭᠤᠯᠬᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠰᠤᠳᠤᠯᠭ᠋ᠠᠨ ᠵᠶ᠋ᠠᠷ ᠵᠢᠭ᠋ᠠᠨ ᠰᠤᠷᠭ᠋ᠠᠯᠲᠠ ᠵᠢ ᠠᠬᠢᠭᠤᠯᠬᠤ》 ᠵᠢ ᠵᠣᠷᠢᠭᠵᠢᠭᠤᠯᠵᠤ᠂ ᠱᠠᠩᠨᠠᠯ ᠣᠯᠤᠭᠰᠠᠨ ᠪᠠᠭᠰᠢ ᠵᠢᠨ ᠲᠥᠯᠥᠭᠡᠯᠡᠭᠴᠢ᠎ᠪᠠᠷ ᠳᠠᠭᠤᠷᠢᠶᠠᠯ ᠪᠣᠯᠭ᠋ᠠᠵᠤ᠂ ᠰᠢᠨ᠎ᠡ ᠵᠢ ᠡᠭᠦᠳᠬᠦ ᠣᠶ᠋ᠢᠯᠠᠭ᠋ᠠᠭᠳᠠᠬᠤᠨ᠎ᠢ ᠡᠳᠦᠷ ᠲᠤᠲᠤᠮ᠎ᠤᠨ ᠵᠢᠭ᠋ᠠᠨ ᠰᠤᠷᠭ᠋ᠠᠯᠲᠠ᠎ᠳᠤ ᠠᠭᠤᠰᠤᠯᠴᠠᠭᠤᠯᠵᠤ᠂ ᠬᠢᠴᠢᠶᠡᠯ᠎ᠤᠨ ᠲᠠᠩᠬᠢᠮ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠲᠠᠰᠤᠷᠠᠯᠲᠠ ᠥᠬᠡᠶ ᠠᠬᠢᠭᠤᠯᠬᠤ ᠵᠢ ᠵᠣᠷᠢᠭᠵᠢᠭᠤᠯᠪᠠ᠃ ᠪᠥᠬᠦ ᠰᠤᠷᠭ᠋ᠠᠨ ᠬᠥᠮᠦᠵᠢᠯ᠎ᠤᠨ ᠠᠵᠢᠯᠲᠠᠳ ᠲᠣᠰ ᠤᠳᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠪᠠ ᠵᠢᠭ᠋ᠠᠨ ᠰᠤᠷᠭ᠋ᠠᠯᠲᠠ ᠵᠢᠨ ᠮᠥᠷᠦ᠋ᠢ᠍ᠴᠡᠭᠡᠨ ᠵᠶ᠋ᠠᠷ ᠰᠢᠨ᠎ᠡ ᠭᠠᠷᠤᠭ᠎ᠠ ᠪᠣᠯᠭ᠋ᠠᠵᠤ᠂ 《ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ》 ᠣᠭ ᠰᠠᠨᠠᠭ᠎ᠠ ᠵᠢ ᠪᠠᠲᠤ ᠰᠠᠬᠢᠵᠤ᠂ ᠭᠠᠷᠮᠠᠭ᠋ᠠᠶ ᠪᠤᠯᠬᠤ᠎ᠪᠠᠷ ᠴᠢᠷᠮᠠᠶ᠋ᠢᠵᠤ᠂ ᠭᠠᠷ ᠬᠤᠯᠪᠣᠨ ᠬᠠᠮᠲᠤ᠎ᠪᠠᠷ ᠤᠷᠤᠭᠰᠢᠯᠠᠵᠤ᠂ ᠪᠥᠬᠦ ᠰᠢᠶᠠᠨ᠎ᠤ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠨᠠᠩ ᠶᠡᠭᠡ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ!

ᠰᠤᠷᠭ᠋ᠠᠨ ᠬᠥᠮᠦᠵᠢᠯ ᠪᠣᠯ ᠭᠤᠸ᠎ᠠ ᠰᠠᠶ᠋ᠢᠬᠠᠨ᠎ᠢ ᠬᠥᠭᠡᠭᠡᠴᠡᠯᠳᠦᠬᠦ ᠤᠴᠠᠷᠠᠯ ᠮᠥᠨ᠂ ᠲᠣᠰ ᠤᠳᠠᠭ᠋ᠠᠨ᠎ᠤ ᠪᠠᠭᠰᠢ ᠵᠢᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠶᠡᠭᠡ ᠮᠥᠷᠦ᠋ᠢ᠍ᠴᠡᠭᠡᠨ ᠪᠣᠯ ᠮᠠᠨ᠎ᠤ ᠰᠢᠶᠠᠨ᠎ᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠥᠬᠦ ᠰᠢᠶᠠᠨ᠎ᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃ ᠪᠦᠬᠦ ᠰᠤᠷᠭ᠋ᠠᠨ ᠬᠥᠮᠦᠵᠢᠯ᠎ᠤᠨ ᠠᠵᠢᠯᠲᠠᠳ ᠲᠤᠰ ᠤᠳᠠᠭ᠎ᠠ ᠵᠢᠨ ᠵᠢᠭ᠋ᠠᠨ ᠰᠤᠷᠭ᠋ᠠᠯᠲᠠ ᠵᠢᠨ 《ᠮᠥᠷᠦ᠋ᠢ᠍ᠴᠡᠭᠡᠨ》 ᠵᠶ᠋ᠠᠷ ᠰᠢᠨ᠎ᠡ ᠭᠠᠷᠤᠭ᠎ᠠ ᠪᠣᠯᠭ᠋ᠠᠵᠤ᠂ 《ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ》 ᠤᠭ ᠰᠠᠨᠠᠭ᠎ᠠ᠎ᠪᠠᠨ ᠪᠠᠲᠤ ᠰᠠᠬᠢᠵᠤ᠂ ᠢᠮᠠᠭᠲᠠ ᠬᠠᠯᠠᠭᠤᠨ ᠴᠧᠨ ᠨᠦᠬᠦᠷ᠎ᠤᠨ ᠲᠤᠰᠬᠠᠶ ᠮᠡᠷᠭᠡᠵᠢᠯ᠎ᠢ ᠪᠠᠷᠢᠮᠲᠠᠯᠠᠵᠤ᠂ ᠭᠠᠷᠮᠠᠭ᠋ᠠᠢ ᠠᠮᠵᠢᠯᠲᠠ ᠵᠢ ᠬᠥᠭᠡᠭᠡᠴᠡᠯᠳᠦᠵᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠪᠦᠬᠦ ᠰᠢᠶᠠᠨ᠎ᠤ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠨᠡᠩ ᠶᠡᠭᠡ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ! ᠰᠤᠷᠭ᠋ᠠᠨ ᠬᠥᠮᠦᠵᠢᠯ᠎ᠤᠨ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠲᠣᠪᠴᠢᠶᠠᠨ᠎ᠤ ᠬᠠᠷᠢᠶ᠎ᠠ ᠬᠤᠶᠠᠳᠤᠭ᠋ᠠᠷ ᠳᠡᠰ᠎ᠤᠨ ᠨᠢᠭᠡᠴᠡ᠂ ᠡᠯ᠎ᠡ ᠲᠠᠰᠤᠭ᠎ᠤᠨ ᠬᠠᠷᠢᠭᠤᠴᠠᠯᠭ᠋ᠠᠲᠠᠨ᠂ ᠪᠠᠭᠰᠢ ᠵᠢᠨ ᠬᠥᠭᠵᠢᠯᠲᠡ ᠵᠢᠨ ᠲᠥᠪ᠎ᠤᠨ ᠪᠥᠬᠦ ᠵᠢᠭ᠋ᠠᠨ ᠰᠤᠳᠤᠯᠤᠭᠴᠢ ᠵᠢᠴᠢ ᠡᠯ᠎ᠡ ᠰᠤᠷᠭ᠋ᠠᠭᠤᠯᠢ ᠵᠢᠨ ᠨᠠᠮ (ᠶᠡᠷᠦᠩᠬᠡᠶ ᠡᠭᠦᠷ)᠎ᠤᠨ ᠡᠭᠦᠷ᠎ᠤᠨ ᠱᠦᠵᠢ᠂ ᠰᠤᠷᠭ᠋ᠠᠭᠤᠯᠢ (ᠴᠡᠴᠡᠷᠯᠢᠭ) ᠵᠢᠨ ᠳᠠᠷᠤᠭ᠎ᠠ᠂ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠪᠥᠬᠦ ᠪᠠᠭᠰᠢ ᠨᠠᠷ ᠬᠤᠷᠠᠯ᠎ᠳᠤ ᠣᠷᠣᠯᠴᠠᠵᠠᠶ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ