ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠬᠤ᠌ ᠰᠢᠤᠸᠠᠢ ᠴᠤᠤ ᠨᠥᠬᠦᠷ ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠲᠤᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ᠎ᠳᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠤᠳᠪᠠ

ᠨᠡᠶ᠋ᠢᠲᠡᠯᠡᠭᠰᠡᠨ ᠴᠠᠭ᠄   2025-11-17

11 ᠰᠠᠷ᠎ᠠ ᠵᠢᠨ 14᠎ᠤ ᠡᠳᠦᠷ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠨᠥᠬᠦᠷ ᠵᠠᠰᠠᠭ᠎ᠤᠨ ᠣᠷᠳᠣᠨ᠎ᠤ ᠲᠤᠭ᠎ᠠ ᠪᠠᠷᠢᠮᠲᠠ ᠵᠢᠨ ᠲᠣᠪᠴᠢᠶ᠎ᠠ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠬᠤ᠌ ᠰᠢᠤᠸᠠᠢ ᠴᠤᠤ ᠨᠥᠬᠦᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ᠎ᠳᠤ ᠬᠦᠷᠴᠦ᠂ ᠶᠡᠭᠡ ᠲᠢᠩᠬᠢᠮ᠎ᠤᠨ ᠪᠦᠬᠦᠯᠢ ᠴᠣᠭᠴᠠ ᠵᠢᠨ ᠴᠢᠳᠠᠮᠵᠢ ᠵᠢᠨ ᠪᠠᠶ᠋ᠢᠷᠢᠰᠢᠭᠤᠯᠤᠯᠲᠠ᠂ ᠴᠤᠩᠬᠤᠪᠴᠢ ᠵᠢᠨ ᠪᠠᠶ᠋ᠢᠷᠢᠯᠠᠭᠤᠯᠤᠯᠲᠠ᠂ ᠬᠡᠷᠡᠭ ᠡᠷᠬᠢᠯᠡᠬᠦ ᠶᠠᠪᠤᠴᠠ ᠵᠢᠴᠢ ᠤᠶᠤᠨᠴᠢᠯᠠᠭᠰᠠᠨ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠪᠡ᠃ ᠴᠣᠩᠬᠤᠪᠴᠢ ᠵᠢᠨ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠵᠤ᠂ ᠲᠤᠬᠠᠶ᠋ᠢᠯᠠᠭᠰᠠᠨ ᠠᠵᠢᠯ᠎ᠤᠨ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ᠂ ᠭᠦᠢ᠍ᠴᠡᠳᠬᠡᠬᠦ ᠴᠠᠭ᠎ᠤᠨ ᠬᠢᠵᠠᠭ᠋ᠠᠷ ᠵᠢᠴᠢ 《ᠨᠢᠭᠡ ᠴᠣᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ》 《ᠮᠤᠵᠢ ᠠᠯᠤᠰᠯᠠᠨ ᠨᠡᠶ᠋ᠢᠳᠡᠮ ᠭᠦᠢ᠍ᠴᠡᠳᠬᠡᠬᠦ》 ᠵᠡᠷᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠠᠷᠢᠨ ᠠᠰᠠᠭᠤᠨ ᠯᠠᠪᠯᠠᠪᠠ᠃

12345 ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤᠨ᠎ᠤ ᠲᠥᠪ᠎ᠲᠤ᠂ ᠬᠤ᠌ ᠰᠢᠤᠸᠠᠢ ᠴᠤᠤ ᠨᠥᠬᠦᠷ ᠬᠠᠯᠠᠮᠰᠢᠯ ᠤᠲᠠᠰᠤᠨ᠎ᠤ ᠲᠠᠪᠴᠠᠩ᠎ᠤᠨ ᠠᠵᠢᠯᠯᠠᠭ᠋ᠠᠨ᠎ᠤ ᠲᠣᠭᠲᠠᠴᠠ᠂ ᠠᠵᠢᠯ᠎ᠤᠨ ᠬᠠᠭᠤᠳᠠᠰᠤ ᠵᠢᠨ ᠡᠷᠭᠢᠯᠲᠡ ᠵᠢ ᠰᠢᠢ᠍ᠳᠪᠦᠷᠢᠯᠡᠬᠦ ᠶᠠᠪᠤᠴᠠ ᠵᠢᠨ ᠪᠠᠶ᠋ᠢᠳᠠᠯ᠎ᠢ ᠨᠠᠷᠢᠨ ᠪᠠᠶ᠋ᠢᠴᠠᠭ᠋ᠠᠨ ᠦᠵᠡᠪᠡ᠃ ᠬᠦᠯᠢᠶᠡᠨ ᠠᠪᠴᠤ ᠰᠢᠢ᠍ᠳᠪᠦᠷᠢᠯᠡᠬᠦ ᠬᠦᠷᠢᠶ᠎ᠡ ᠬᠡᠪᠴᠢᠶ᠎ᠡ᠂ ᠳᠠᠭ᠋ᠠᠬᠤ ᠬᠤᠷᠳᠤᠴᠠ᠂ ᠰᠢᠢ᠍ᠳᠪᠦᠷᠢᠯᠡᠵᠦ ᠳᠠᠭᠤᠰᠬᠠᠬᠤ ᠦᠷ᠎ᠡ ᠪᠦᠲᠦᠮᠵᠢ ᠪᠣᠯᠤᠨ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠎ᠤᠨ ᠲᠤᠬᠠᠢ ᠬᠠᠯᠠᠭᠤᠨ ᠤᠲᠠᠰᠤᠨ᠎ᠤ ᠲᠥᠪ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠦ ᠳᠠᠭᠤᠰᠤᠭᠰᠠᠨ᠎ᠤ ᠳᠠᠷᠠᠭ᠎ᠠ᠂ ᠬᠤ᠌ ᠰᠢᠤᠸᠠᠢ ᠴᠤᠤ ᠨᠥᠬᠦᠷ ᠬᠤᠷᠠᠯ᠎ᠤᠨ ᠬᠡᠷ᠎ᠲᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠦᠬᠦᠯᠢ ᠴᠣᠭᠴᠠ ᠵᠢᠨ ᠠᠵᠢᠯ᠎ᠤᠨ ᠪᠠᠶ᠋ᠢᠳᠠᠯ᠎ᠤᠨ ᠪᠠᠶ᠋ᠢᠳᠠᠯ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠭᠦᠨᠵᠡᠭᠡᠶ᠋ᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ᠂ ᠣᠳᠣᠬᠠᠨ᠎ᠳᠤ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ ᠵᠢᠨ ᠪᠥᠬᠦ ᠲᠠᠯ᠎ᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠪᠠ᠃

ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠲᠠᠷᠠᠭ᠎ᠠ᠂ ᠬᠤ᠌ ᠰᠢᠤᠸᠠᠢ ᠴᠤᠤ ᠨᠥᠬᠦᠷ ᠤᠢ᠍ᠢ᠍ᠷ᠎ᠠ ᠵᠢᠨ ᠵᠢᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠠᠵᠤ ᠠᠬᠤᠶ᠋ᠢᠯᠠᠯ ᠤᠯᠠᠨ ᠲᠦᠮᠡᠨ᠎ᠳᠤ ᠲᠦᠬᠦᠮ ᠦᠵᠡᠭᠦᠯᠬᠦ ᠵᠡᠷᠭᠡ ᠲᠠᠯ᠎ᠠ᠎ᠪᠠᠷ ᠣᠯᠤᠭᠰᠠᠨ ᠦᠷ᠎ᠡ ᠪᠦᠲᠦᠮᠵᠢ ᠵᠢ ᠨᠤᠲᠠᠯᠠᠪᠠ᠃ ᠲᠡᠷᠡ᠂ ᠨᠢᠭᠡ᠎ᠳᠤ᠂ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠦᠢ᠍ᠯᠡᠴᠢᠯᠡᠭᠡᠨ᠎ᠤ ᠣᠶ᠋ᠢᠯᠠᠭ᠋ᠠᠯᠲᠠ᠎ᠪᠠᠨ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠠᠵᠤ ᠠᠬᠤᠶ᠋ᠢᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ᠎ᠳᠠᠬᠢ《ᠲᠦᠭᠵᠢᠷᠡᠯ》 《ᠬᠦᠴᠢᠷ ᠠᠰᠠᠭᠤᠳᠠᠯ》 《ᠡᠪᠡᠷᠰᠢᠶᠡᠯ᠎ᠲᠠᠢ ᠭᠠᠵᠠᠷ》᠎ᠳᠤ ᠤᠯᠠᠮ ᠨᠢᠭᠡ ᠠᠯᠬᠤᠮ ᠠᠩᠬᠠᠷᠤᠯ ᠵᠶ᠋ᠠᠨ ᠲᠥᠪᠯᠡᠷᠡᠭᠦᠯᠵᠦ᠂ 《ᠨᠢᠭᠡ ᠰᠦᠯᠵᠢᠶ᠎ᠡ᠎ᠪᠠᠷ ᠨᠡᠶ᠋ᠢᠳᠡᠮ ᠰᠢᠢ᠍ᠳᠪᠦᠷᠢᠯᠡᠬᠦ》 《ᠨᠢᠭᠡ ᠴᠣᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠨᠠᠩ ᠣᠯᠠᠨ ᠵᠦᠢ᠍ᠯᠡᠰ᠎ᠢ 《ᠣᠶ᠋ᠢᠷ᠎ᠠ ᠬᠠᠪᠢ᠎ᠳᠤᠨᠢ ᠭᠦᠢ᠍ᠴᠡᠳᠬᠡᠬᠦ᠂ ᠰᠦᠯᠵᠢᠶᠡᠨ ᠳᠡᠭᠡᠷ᠎ᠡ ᠭᠦᠢ᠍ᠴᠡᠳᠬᠡᠬᠦ᠂ ᠠᠯᠠᠭ᠋ᠠᠨ ᠳᠡᠭᠡᠷ᠎ᠡ ᠭᠦᠢ᠍ᠴᠡᠳᠬᠡᠬᠦ》 ᠵᠢ ᠠᠬᠢᠭᠤᠯᠵᠤ᠂ ᠠᠵᠢᠯ ᠶᠠᠪᠤᠳᠠᠯ ᠭᠦᠢ᠍ᠴᠡᠳᠬᠡᠬᠦ᠎ᠳᠤ ᠲᠥᠬᠦᠮ ᠦᠵᠡᠭᠦᠯᠬᠦ ᠬᠡᠮᠵᠢᠶ᠎ᠡ ᠪᠠ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠶᠠᠷ᠎ᠲᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠰᠡᠳᠬᠢᠬᠦᠶ ᠵᠢ ᠵᠣᠷᠢᠭᠲᠠᠶ᠎ᠪᠠᠷ ᠰᠢᠪᠲᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠨ᠎ᠡ ᠵᠠᠭᠪᠤᠷ᠂ ᠰᠢᠨ᠎ᠡ ᠲᠣᠭᠲᠠᠴᠠ ᠵᠢ ᠢᠳᠡᠪᠬᠢᠲᠡᠶ ᠬᠠᠶ᠋ᠢᠨ ᠰᠦᠪᠡᠭᠴᠢᠯᠡᠵᠦ᠂ ᠭᠤᠭᠴᠤᠭ᠎ᠠ ᠵᠢ ᠤᠯᠠᠮ ᠨᠢᠭᠡ ᠠᠯᠬᠤᠮ ᠴᠣᠮᠬᠠᠳᠬᠠᠵᠤ᠂ ᠴᠠᠭ᠎ᠤᠨ ᠬᠢᠵᠠᠭ᠋ᠠᠷ᠎ᠢ ᠪᠠᠭ᠋ᠠᠰᠬᠠᠨ᠂ ᠥᠪᠡᠷ᠎ᠤᠨ ᠥᠷᠲᠡᠭ᠎ᠢ ᠪᠠᠭᠤᠷᠠᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠤ ᠪᠦᠬᠦᠯᠢ ᠴᠣᠭᠴᠠ ᠵᠢᠨ ᠳᠡᠭᠡᠭᠰᠢᠯᠡᠬᠦ ᠵᠢ ᠠᠬᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠶ᠃ ᠭᠤᠷᠪᠠ᠎ᠳᠤ᠂ ᠲᠤᠭ᠎ᠠ ᠪᠠᠷᠢᠮᠲᠠ ᠵᠢᠨ ᠴᠢᠳᠠᠪᠤᠷᠢ ᠣᠯᠭᠤᠬᠤ ᠵᠢ ᠴᠢᠩᠭ᠋ᠠᠳᠬᠠᠵᠤ᠂ ᠤᠶᠤᠨᠲᠤ ᠵᠠᠰᠠᠭ᠎ᠤᠨ ᠶᠠᠪᠤᠳᠠᠯ᠎ᠤᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠪᠠ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠬᠠᠮᠵᠢᠯᠴᠠᠬᠤ ᠵᠢ ᠴᠢᠩᠭ᠋ᠠᠳᠬᠠᠵᠤ᠂ ᠨᠡᠩ ᠤᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠪᠦᠬᠦ ᠶᠠᠪᠤᠴᠠ ᠵᠢ ᠰᠦᠯᠵᠢᠶ᠎ᠡ᠎ᠪᠠᠷ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠢ᠃ 12345 ᠬᠠᠯᠠᠮᠰᠢᠯ ᠤᠲᠠᠰᠤ᠎ᠨᠢ 《ᠶᠡᠷᠦᠩᠬᠡᠶ ᠵᠣᠴᠢᠳ᠎ᠲᠤ ᠦᠢ᠍ᠯᠡᠴᠢᠯᠡᠬᠦ》 ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠭᠤᠮᠣᠳᠠᠯ ᠱᠠᠭ᠋ᠠᠷᠳᠠᠯᠭ᠎ᠠ ᠵᠢ ᠵᠠᠳᠠᠯᠤᠨ ᠰᠤᠳᠤᠯᠵᠤ ᠮᠠᠭ᠋ᠠᠳᠯᠠᠬᠤ᠎ᠪᠠᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠪᠠ ᠨᠠᠷᠢᠯᠢᠭ ᠣᠨᠣᠴᠠᠲᠠᠶ ᠦᠢ᠍ᠯᠡᠴᠢᠯᠡᠭᠡ᠎ᠳᠤ ᠲᠤᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃ ᠲᠦᠷᠪᠡ᠎ᠳᠤ᠂ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠠᠶ᠋ᠢᠨ ᠰᠠᠶ᠋ᠢᠬᠠᠨ ᠴᠤᠩᠬᠤᠪᠴᠢ ᠵᠢᠨ ᠲᠦᠷᠢ ᠲᠥᠷᠬᠦ ᠵᠢ ᠪᠤᠢ ᠪᠣᠯᠭ᠋ᠠᠬᠤ ᠬᠡᠷᠡᠭᠲᠡᠢ᠃ ᠠᠵᠢᠯᠲᠠᠳ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠠ ᠰᠤᠷᠲᠠᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠤᠬᠠᠮᠰᠠᠷ ᠪᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ᠎ᠪᠠᠨ ᠴᠢᠩᠭ᠋ᠠᠳᠬᠠᠵᠤ᠂ ᠤᠯᠤᠰ ᠲᠦᠷᠦ ᠵᠢᠨ ᠲᠠᠯ᠎ᠠ᠎ᠪᠠᠷ ᠴᠢᠩᠭ᠎ᠠ᠂ ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠣᠪᠣᠷ ᠰᠤᠷᠲᠠᠯ ᠲᠥᠪ᠂ ᠦᠢ᠍ᠯᠡᠴᠢᠯᠡᠭᠡ᠎ᠳᠤ ᠰᠢᠯᠢᠳᠡᠭ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠤᠶᠠᠭᠲᠤ ᠴᠡᠷᠢᠭ᠎ᠢ ᠪᠠᠶ᠋ᠢᠭᠤᠯᠵᠤ᠂ ᠵᠠᠰᠠᠭ᠎ᠤᠨ ᠣᠷᠳᠣᠨ᠎ᠤ ᠰᠠᠶ᠋ᠢᠨ ᠰᠠᠶ᠋ᠢᠬᠠᠨ ᠲᠦᠷᠢ ᠲᠥᠷᠬᠦ ᠵᠢ ᠢᠯᠡᠷᠡᠭᠦᠯᠬᠦ ᠬᠡᠷᠡᠭᠲᠡᠢ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ