ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ᠎ᠤ ᠡᠮᠡᠭᠲᠡᠶ᠋ᠢᠴᠦᠳ᠎ᠤᠨ ᠠᠷᠪᠠᠨ ᠳᠥᠷᠪᠡᠳᠦᠭᠡᠷ ᠤᠳᠠᠭ᠎ᠠ ᠵᠢᠨ ᠲᠥᠯᠥᠭᠡᠯᠡᠭᠴᠢᠳ᠎ᠤᠨ ᠶᠡᠭᠡ ᠬᠤᠷᠠᠯ ᠦᠪᠡᠳᠡᠭᠰᠢ ᠶᠡᠭᠡ᠎ᠪᠠᠷ ᠡᠬᠢᠯᠡᠭᠰᠡᠨ᠎ᠢ ᠪᠠᠶᠠᠷᠯᠠᠨ ᠪᠡᠯᠭᠡᠯᠡᠶ᠎ᠡ!

ᠨᠡᠶ᠋ᠢᠲᠡᠯᠡᠭᠰᠡᠨ ᠴᠠᠭ᠄   2025-11-18

ᠲᠤᠭ ᠡᠷᠭᠦᠨ ᠡᠷᠡᠯᠬᠡᠭᠯᠡᠨ ᠤᠷᠤᠭᠰᠢᠯᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠦᠪᠡᠳᠡᠭᠰᠢ ᠶᠡᠭᠡ ᠬᠤᠷᠠᠯ ᠰᠡᠳᠬᠢᠯ ᠨᠢᠭᠡᠳᠦᠨ ᠰᠢᠨ᠎ᠡ ᠬᠠᠭᠤᠳᠠᠰᠤ ᠵᠢ ᠪᠢᠴᠢᠭᠯᠡᠨ᠎ᠡ᠃ ᠪᠦᠬᠦ ᠰᠢᠶᠠᠨ᠎ᠤ ᠡᠮᠡᠭᠲᠡᠶ᠋ᠢᠴᠦᠳ᠎ᠤᠨ ᠬᠠᠯᠠᠭᠤᠨ ᠬᠦᠰᠡᠯ ᠳᠦᠭᠦᠷᠡᠩ ᠪᠠᠶ᠋ᠢᠵᠤ᠂ 11 ᠰᠠᠷ᠎ᠠ ᠵᠢᠨ 18᠎ᠤ ᠡᠳᠦᠷ᠎ᠤᠨ ᠦᠳᠡ ᠵᠢᠨ ᠡᠮᠦᠨ᠎ᠡ᠂ ᠳ᠋ᠧᠩᠺᠸᠤ ᠰᠢᠶᠠᠨ᠎ᠤ ᠡᠮᠡᠭᠲᠡᠶ᠋ᠢᠴᠦᠳ᠎ᠤᠨ ᠠᠷᠪᠠᠨ ᠳᠥᠷᠪᠡᠳᠦᠭᠡᠷ ᠤᠳᠠᠭ᠎ᠠ ᠵᠢᠨ ᠲᠥᠯᠥᠭᠡᠯᠡᠭᠴᠢᠳ᠎ᠤᠨ ᠶᠡᠭᠡ ᠬᠤᠷᠠᠯ ᠰᠢᠶᠠᠨ᠎ᠤ ᠬᠤᠷᠠᠯ ᠦᠵᠡᠰᠬᠦᠯᠡᠩ᠎ᠤᠨ ᠲᠥᠪ᠎ᠤᠨ ᠭᠤᠷᠪᠠᠳᠤᠭ᠋ᠠᠷ ᠳᠠᠪᠬᠤᠷᠯᠢᠭ᠎ᠤᠨ ᠮᠡᠳᠡᠭᠦᠯᠦᠯᠲᠡ ᠵᠢᠨ ᠲᠢᠩᠬᠢᠮ᠎ᠳᠤ ᠦᠪᠡᠳᠡᠭᠰᠢ ᠶᠡᠭᠡ᠎ᠪᠠᠷ ᠡᠬᠢᠯᠡᠪᠡ᠃

ᠪᠠᠶᠠᠨᠨᠠᠭᠤᠷ ᠬᠤᠲᠠ ᠵᠢᠨ ᠡᠮᠡᠭᠲᠡᠶ᠋ᠢᠴᠦᠳ᠎ᠤᠨ ᠬᠤᠯᠪᠣᠭ᠎ᠠ ᠵᠢᠨ ᠭᠤᠷᠪᠠᠳᠤᠭ᠋ᠠᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠱᠧᠨ ᠾᠧ ᠬᠤᠸᠠ ᠬᠤᠷᠠᠯ᠎ᠳᠤ ᠣᠷᠣᠯᠴᠠᠵᠤ ᠵᠢᠭ᠋ᠠᠨ ᠵᠢᠯᠣᠭᠤᠳᠪᠠ᠃ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶᠠᠨ᠎ᠤ ᠱᠦᠵᠢ ᠮᠠ ᠬᠠᠶ ᠪᠥᠸᠧ᠂ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠬᠤᠸᠠᠩ ᠰᠢᠶᠤᠤ ᠹᠧᠩ᠂ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠸᠠᠩ ᠰᠢᠩ ᠴᠢᠶᠠᠩ᠂ ᠰᠢᠶᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠳᠡᠳ᠋ ᠡᠷᠬᠢᠯᠡᠭᠴᠢ ᠸᠠᠩ ᠯᠢ ᠫᠢᠩ᠂ ᠰᠢᠶᠠᠨ᠎ᠤ ᠳᠡᠳ᠋ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠳᠠᠷᠤᠭ᠎ᠠ ᠾᠧ ᠷᠦᠩ᠂ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠯᠢ ᠸᠧᠨ ᠹᠠᠩ᠂ ᠰᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠢ ᠵᠢᠶᠦ᠋ᠨ ᠰᠢᠶᠠ ᠶᠡᠭᠡ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

ᠰᠢᠶᠠᠨ᠎ᠤ ᠡᠮᠡᠭᠲᠡᠶ᠋ᠢᠴᠦᠳ᠎ᠤᠨ ᠬᠤᠯᠪᠣᠭ᠎ᠠ᠎ᠳᠤ ᠠᠵᠢᠯᠯᠠᠵᠤ ᠥᠩᠭᠡᠷᠡᠭᠰᠡᠨ ᠤᠳᠤᠷᠢᠳᠬᠤ ᠨᠥᠬᠦᠳ᠂ ᠰᠢᠶᠠᠨ᠎ᠤ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠤᠨ ᠬᠤᠷᠢᠶ᠎ᠠ᠂ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ᠂ ᠰᠢᠶᠠᠨ᠎ᠤ ᠵᠡᠮᠳᠡᠭᠴᠦᠳ᠎ᠤᠨ ᠬᠤᠯᠪᠣᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠵᠡᠷᠭᠡ ᠤᠯᠠᠨ ᠲᠦᠮᠡᠨ᠎ᠤ ᠪᠦᠯᠬᠦᠮ᠎ᠤᠨ ᠭᠤᠣᠯ ᠬᠠᠷᠢᠭᠤᠴᠠᠯᠭ᠋ᠠᠲᠠᠨ ᠨᠥᠬᠦᠳ ᠪᠣᠯᠤᠨ ᠲᠡᠷᠢᠭᠦᠨ᠎ᠤ ᠡᠮᠡᠭᠲᠡᠶ᠋ᠢᠴᠦᠳ᠎ᠤᠨ ᠨᠡᠶ᠋ᠢᠲᠡᠯᠢᠭ ᠵᠢᠱ᠌ᠢᠶ᠎ᠡ ᠵᠢᠨ ᠲᠥᠯᠥᠭᠡᠯᠡᠭᠴᠢᠳ ᠤᠷᠢᠯᠭ᠎ᠠ᠎ᠪᠠᠷ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃

ᠱᠧᠨ ᠾᠧ ᠬᠤᠸᠠ ᠨᠥᠬᠦᠷ ᠪᠠᠶᠠᠨᠨᠠᠭᠤᠷ ᠬᠤᠳᠠ ᠵᠢᠨ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠎ᠢ ᠲᠥᠯᠥᠭᠡᠯᠡᠨ ᠶᠡᠭᠡ ᠬᠤᠷᠠᠯ᠎ᠤᠨ ᠬᠤᠷᠠᠯᠳᠤᠭᠰᠠᠨ᠎ᠳᠤ ᠪᠠᠶᠠᠷ ᠬᠦᠷᠭᠡᠵᠦ᠂ ᠳ᠋ᠧᠩᠺᠸᠤ ᠰᠢᠶᠠᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠎ᠤᠨ ᠰᠢᠶᠠᠨ᠎ᠤ ᠨᠠᠮ᠎ᠤᠨ ᠬᠤᠷᠢᠶ᠎ᠠ᠂ ᠰᠢᠶᠠᠨ᠎ᠤ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠢ᠍ᠯᠡᠴᠢᠯᠡᠭᠡᠨ᠎ᠤ ᠬᠠᠷᠢᠯᠴᠠᠭ᠋ᠠᠨ᠎ᠤ ᠡᠭᠦᠷᠭᠡ ᠴᠢᠳᠠᠪᠬᠢ᠎ᠪᠠᠨ ᠲᠤᠰᠢᠶᠠᠬᠤ ᠵᠢ ᠬᠦᠳᠦᠯᠦᠨ ᠳᠠᠭ᠋ᠠᠭᠤᠯᠬᠤ᠎ᠳᠤ ᠰᠠᠭᠤᠷᠢᠯᠠᠭᠰᠠᠨ ᠡᠮᠡᠭᠲᠡᠶ᠋ᠢᠴᠦᠳ᠎ᠤᠨ ᠬᠠᠷᠢᠭᠤᠯᠲᠠ ᠵᠢᠨ ᠬᠠᠭᠤᠳᠠᠰᠤ ᠵᠢ ᠭᠦᠢ᠍ᠴᠡᠳ ᠨᠤᠲᠠᠯᠠᠪᠠ᠃ ᠡᠭᠦᠨ᠎ᠤ ᠬᠠᠮᠲᠤ ᠰᠢᠨ᠎ᠡ ᠨᠢᠭᠡ ᠬᠤᠭᠤᠴᠠᠭ᠋ᠠᠨ᠎ᠤ ᠰᠢᠶᠠᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠎ᠤᠨ ᠬᠠᠮᠲᠤ ᠪᠣᠯᠤᠨ ᠡᠯ᠎ᠡ ᠱᠠᠲᠤᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠎ᠤᠨ ᠵᠣᠬᠢᠶᠠᠨ ᠪᠠᠶ᠋ᠢᠭᠤᠯᠤᠯᠲᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ ᠡᠮᠡᠭᠲᠡᠶ᠋ᠢᠴᠦᠳ᠎ᠤᠨ ᠤᠯᠠᠨ ᠲᠦᠮᠡᠨ᠎ᠳᠤ ᠦᠢ᠍ᠯᠡᠴᠢᠯᠡᠬᠦ ᠳᠤᠮᠳᠠ ᠡᠮᠡᠭᠲᠡᠶ᠋ᠢᠴᠦᠳ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ; ᠬᠡᠬᠦᠳᠡᠭ ᠴᠡᠭᠡᠵᠢᠨ᠎ᠳᠡᠭᠡᠨ ᠶᠡᠭᠡ ᠲᠠᠯ᠎ᠠ ᠵᠢ ᠪᠠᠭᠲᠠᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ ᠡᠭᠦᠷᠭᠡᠯᠡᠵᠦ᠂ ᠨᠡᠶ᠋ᠢᠭᠡᠮ᠎ᠤᠨ ᠵᠠᠰᠠᠯᠲᠠ ᠵᠢᠨ ᠡᠯ᠎ᠡ ᠬᠦᠷᠢᠶᠡᠨ᠎ᠳᠤ ᠠᠪᠢᠶᠠᠰ ᠴᠢᠳᠠᠪᠤᠷᠢ᠎ᠪᠠᠨ ᠪᠠᠳᠠᠷᠠᠭᠤᠯᠵᠤ᠂ ᠳ᠋ᠧᠩᠺᠸᠦ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ; ᠰᠠᠶ᠋ᠢᠬᠠᠨ ᠰᠤᠷᠲᠠᠯ᠎ᠢ ᠤᠯᠠᠮᠵᠢᠯᠠᠨ ᠵᠠᠯᠭ᠋ᠠᠮᠵᠢᠯᠠᠵᠤ᠂ ᠭᠡᠷ᠎ᠤᠨ ᠰᠤᠷᠲᠠᠯ᠎ᠢ ᠪᠤᠢ ᠪᠣᠯᠭ᠋ᠠᠵᠤ᠂ ᠭᠡᠷ ᠪᠦᠯᠢ ᠵᠢᠨ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ 《ᠭᠡᠷ ᠪᠦᠯᠢ ᠵᠣᠯ ᠵᠢᠷᠭ᠋ᠠᠯ᠎ᠲᠠᠢ ᠠᠮᠤᠷ ᠠᠮᠤᠭᠤᠯᠠᠩ ᠪᠠᠶ᠋ᠢᠬᠤ》 ᠵᠢ ᠳ᠋ᠧᠩᠺᠸᠦ ᠵᠢᠨ ᠬᠠᠮᠤᠭ᠎ᠤᠨ ᠬᠠᠯᠠᠭᠤᠨ ᠳᠤᠯᠠᠭ᠋ᠠᠨ ᠰᠠᠭᠤᠷᠢ ᠪᠣᠯᠭ᠋ᠠᠬᠤ ᠬᠡᠷᠡᠭᠲᠡᠢ; ᠰᠢᠮᠳᠠᠨ ᠰᠤᠷᠤᠯᠴᠠᠵᠤ ᠴᠢᠳᠠᠮᠠᠭ᠋ᠠᠢ᠎ᠪᠠᠷ ᠰᠡᠳᠬᠢᠵᠦ᠂ ᠦᠨᠡᠨᠴᠢ ᠰᠢᠳᠤᠷᠭᠤ᠎ᠪᠠᠷ ᠪᠣᠳᠠᠲᠠᠢ ᠠᠵᠢᠯᠯᠠᠵᠤ᠂ ᠴᠠᠭ ᠦᠶ᠎ᠡ ᠵᠢᠨ ᠬᠥᠭᠵᠢᠯᠲᠡ ᠵᠢᠨ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠬᠦᠰᠡᠯ ᠵᠡᠭᠦᠳᠦ᠎ᠪᠠᠨ ᠲᠡᠷᠭᠡᠯᠰᠢᠭᠦᠯᠬᠦ ᠵᠠᠮ ᠳᠡᠭᠡᠷ᠎ᠡ ᠨᠡᠩ ᠦᠵᠡᠰᠬᠦᠯᠡᠩᠲᠦ ᠰᠠᠶ᠋ᠢᠬᠠᠨ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃

ᠮᠠ ᠬᠠᠢ ᠪᠥᠸᠧ ᠨᠥᠬᠦᠷ ᠰᠢᠶᠠᠨ᠎ᠤ ᠲᠦᠷᠪᠡᠨ ᠶᠡᠭᠡ ᠤᠳᠤᠷᠢᠳᠬᠤ ᠪᠠᠭ᠎ᠢ ᠲᠥᠯᠥᠭᠡᠯᠡᠨ ᠶᠡᠭᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ᠂ ᠪᠦᠬᠦ ᠰᠢᠶᠠᠨ᠎ᠤ ᠦᠨᠳᠦᠰᠦᠲᠡᠨ᠎ᠨᠦᠭᠦᠳ᠎ᠤᠨ ᠡᠯ᠎ᠡ ᠡᠲᠡᠭᠡᠳ᠎ᠤᠨ ᠡᠮᠡᠭᠲᠡᠶ᠋ᠢᠴᠦᠳ ᠪᠣᠯᠤᠨ ᠥᠷᠭᠡᠨ ᠤᠯᠠᠨ ᠡᠮᠡᠭᠲᠡᠢ ᠠᠵᠢᠯᠲᠠᠳ᠎ᠲᠤ ᠳᠣᠲᠣᠨᠣ ᠮᠡᠨᠳᠦᠴᠢᠯᠡᠯ ᠳᠡᠪᠰᠢᠭᠦᠯᠵᠡᠢ᠃ ᠮᠠ ᠬᠠᠢ ᠪᠥᠸᠧ ᠨᠥᠬᠦᠷ ᠪᠦᠬᠦ ᠰᠢᠶᠠᠨ᠎ᠤ ᠥᠷᠭᠡᠨ ᠤᠯᠠᠨ ᠡᠮᠡᠭᠲᠡᠶ᠋ᠢᠴᠦᠳ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠳ᠋ᠧᠩᠺᠸᠤ ᠵᠢᠨ ᠪᠦᠳᠦᠭᠡᠨ ᠪᠠᠶ᠋ᠢᠭᠤᠯᠤᠯᠲᠠ᠎ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠵᠢ ᠭᠦᠢ᠍ᠴᠡᠳ ᠨᠤᠲᠠᠯᠠᠪᠠ᠃ ᠥᠷᠭᠡᠨ ᠤᠯᠠᠨ ᠡᠮᠡᠭᠲᠡᠶ᠋ᠢᠴᠦᠳ ᠠᠵᠢᠯ᠎ᠤᠨ ᠶᠡᠭᠡ ᠲᠠᠯ᠎ᠠ᠎ᠳᠤ ᠦᠢ᠍ᠯᠡᠴᠢᠯᠡᠬᠦ ᠳᠤᠮᠳᠠ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠨᠡᠶ᠋ᠢᠭᠡᠮ᠎ᠤᠨ ᠰᠢᠨ᠎ᠡ ᠰᠤᠷᠲᠠᠯ᠎ᠢ ᠢᠳᠡᠪᠬᠢᠲᠡᠢ ᠪᠠᠳᠠᠷᠠᠭᠤᠯᠵᠤ᠂ ᠡᠮᠡᠭᠲᠡᠶ᠋ᠢᠴᠦᠳ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ; ᠡᠯ᠎ᠡ ᠱᠠᠲᠤᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠵᠣᠬᠢᠶᠠᠨ ᠪᠠᠶ᠋ᠢᠭᠤᠯᠤᠯᠲᠠ ᠵᠢ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠬᠤ ᠲᠠᠯ᠎ᠠ᠎ᠪᠠᠷ ᠰᠢᠨ᠎ᠡ ᠦᠷ᠎ᠡ ᠪᠦᠲᠦᠮᠵᠢ᠎ᠲᠠᠢ ᠪᠠᠶ᠋ᠢᠵᠤ᠂ ᠡᠮᠡᠭᠲᠡᠶ᠋ᠢᠴᠦᠳ᠎ᠤᠨ ᠪᠣᠳᠠᠲᠠᠢ᠎ᠲᠠᠢ ᠨᠢᠭᠲᠠ ᠤᠶᠠᠯᠳᠤᠭᠤᠯᠤᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠢᠯ᠎ᠤᠨ ᠶᠡᠭᠡ ᠲᠠᠯ᠎ᠠ᠎ᠲᠠᠢ ᠨᠢᠭᠲᠠ ᠤᠶᠠᠯᠳᠤᠭᠤᠯᠤᠨ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠴᠠᠭ ᠦᠶ᠎ᠡ ᠵᠢᠨ ᠠᠯᠬᠤᠭ᠎ᠠ ᠵᠢ ᠰᠠᠯᠤᠯ ᠦᠭᠡᠢ ᠳᠠᠭ᠋ᠠᠵᠤ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ; ᠡᠯ᠎ᠡ ᠱᠠᠲᠤᠨ᠎ᠤ ᠨᠠᠮ᠎ᠤᠨ ᠬᠤᠷᠢᠶ᠎ᠠ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠲᠠᠯ᠎ᠠ᠎ᠪᠠᠷ ᠰᠢᠨ᠎ᠡ ᠠᠷᠭ᠎ᠠ ᠬᠡᠮᠵᠢᠶ᠎ᠡ᠎ᠲᠠᠢ ᠪᠠᠶ᠋ᠢᠵᠤ᠂ ᠡᠮᠡᠭᠲᠡᠶ᠋ᠢᠴᠦᠳ᠎ᠤᠨ ᠠᠵᠢᠯ᠎ᠢ ᠴᠢᠬᠤᠯᠠ ᠪᠠᠶ᠋ᠢᠷᠢᠨ᠎ᠳᠤ ᠲᠠᠯᠪᠢᠵᠤ᠂ ᠡᠯ᠎ᠡ ᠲᠠᠯ᠎ᠠ ᠵᠢᠨ᠎ᠬᠢᠨ᠎ᠤ ᠡᠮᠡᠭᠲᠡᠶ᠋ᠢᠴᠦᠳ᠎ᠤᠨ ᠠᠵᠢᠯ᠎ᠢ ᠳᠡᠮᠵᠢᠬᠦ ᠪᠦᠬᠦᠯᠢ ᠴᠣᠭᠴᠠ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ 《ᠨᠠᠮ᠎ᠤᠨ ᠬᠤᠷᠢᠶ᠎ᠠ ᠤᠳᠤᠷᠢᠳᠬᠤ᠂ ᠵᠠᠰᠠᠭ᠎ᠤᠨ ᠣᠷᠳᠣᠨ ᠳᠡᠮᠵᠢᠬᠦ᠂ ᠡᠮᠡᠭᠲᠡᠶ᠋ᠢᠴᠦᠳ᠎ᠤᠨ ᠬᠤᠯᠪᠣᠭ᠎ᠠ ᠵᠢ ᠵᠣᠬᠢᠴᠠᠭᠤᠯᠬᠤ᠂ ᠡᠯ᠎ᠡ ᠲᠠᠯ᠎ᠠ ᠵᠢᠨ᠎ᠬᠢᠨ ᠣᠷᠣᠯᠴᠠᠬᠤ》 ᠡᠮᠡᠭᠲᠡᠶ᠋ᠢᠴᠦᠳ᠎ᠤᠨ ᠠᠵᠢᠯ᠎ᠤᠨ ᠰᠢᠨ᠎ᠡ ᠪᠠᠶ᠋ᠢᠷᠢᠰᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠸᠠᠩ ᠰᠢᠩ ᠴᠢᠶᠠᠩ ᠶᠡᠭᠡ ᠬᠤᠷᠠᠯ᠎ᠢ ᠡᠷᠭᠢᠯᠡᠪᠡ᠃

ᠰᠢᠶᠠᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠪᠠᠶ᠋ᠢᠩᠭᠤ ᠵᠢᠨ ᠳᠡᠳ᠋ ᠲᠡᠷᠢᠭᠦᠯᠡᠭᠴᠢ ᠯᠢᠦ ᠬᠠᠢ ᠵᠢᠶᠦ᠋ᠨ ᠤᠯᠠᠨ ᠲᠦᠮᠡᠨ᠎ᠤ ᠪᠦᠯᠬᠦᠮ᠎ᠢ ᠲᠥᠯᠥᠭᠡᠯᠡᠨ ᠪᠠᠶᠠᠷ᠎ᠤᠨ ᠦᠭᠡ ᠬᠡᠯᠡᠵᠦ᠂ ᠡᠯ᠎ᠡ ᠤᠯᠠᠨ ᠲᠦᠮᠡᠨ᠎ᠤ ᠪᠦᠯᠬᠦᠮ ᠥᠩᠭᠡᠷᠡᠭᠰᠡᠨ᠎ᠲᠠᠢ᠎ᠪᠠᠨ ᠠᠳᠠᠯᠢ᠎ᠪᠠᠷ ᠬᠠᠷᠢᠯᠴᠠᠨ ᠰᠤᠷᠤᠯᠴᠠᠵᠤ᠂ ᠬᠠᠷᠢᠯᠴᠠᠨ ᠳᠡᠮᠵᠢᠵᠦ᠂ ᠬᠠᠷᠢᠯᠴᠠᠨ ᠠᠬᠢᠭᠤᠯᠵᠤ᠂ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠠᠷᠠᠳ ᠤᠯᠠᠨ᠎ᠤ ᠳᠤᠮᠳᠠ ᠬᠠᠳᠠᠭ᠋ᠠᠯᠠᠭᠳᠠᠵᠤ ᠪᠠᠶ᠋ᠢᠭ᠎ᠠ ᠠᠭᠤᠤ ᠶᠡᠭᠡ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭᠲᠠᠷᠠᠭᠤᠯᠵᠤ᠂ ᠳ᠋ᠧᠩᠺᠸᠤ ᠵᠢᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠠᠮᠲᠤᠪᠠᠷ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃

ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠪᠠᠶ᠋ᠢᠩᠭᠤ ᠵᠢᠨ ᠲᠡᠷᠢᠭᠦᠯᠡᠭᠴᠢ ᠵᠤᠤ ᠯᠢ ᠰᠢᠶᠠ ᠳ᠋ᠧᠩᠺᠸᠤ ᠰᠢᠶᠠᠨ᠎ᠤ ᠡᠮᠡᠭᠲᠡᠶ᠋ᠢᠴᠦᠳ᠎ᠤᠨ ᠬᠤᠯᠪᠣᠭ᠎ᠠ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠭᠦᠢ᠍ᠴᠡᠳᠬᠡᠬᠦ ᠵᠥᠪᠯᠡᠯ᠎ᠢ ᠲᠥᠯᠥᠭᠡᠯᠡᠨ ᠶᠡᠭᠡ ᠬᠤᠷᠠᠯ᠎ᠳᠤ 《ᠨᠠᠮ ᠵᠶ᠋ᠠᠨ ᠳᠠᠭ᠋ᠠᠵᠤ ᠵᠣᠷᠢᠭᠲᠠᠢ᠎ᠪᠠᠷ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ ᠰᠢᠨ᠎ᠡ ᠭᠠᠪᠢᠶ᠎ᠠ ᠪᠠᠶ᠋ᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠳ᠋ᠧᠩᠺᠸᠦ ᠵᠢ ᠪᠦᠳᠦᠭᠡᠨ ᠪᠠᠶ᠋ᠢᠭᠤᠯᠬᠤ᠎ᠳᠤ ᠡᠮᠡᠭᠲᠡᠶ᠋ᠢᠴᠦᠳ᠎ᠤᠨ ᠬᠦᠴᠦᠨ ᠴᠢᠳᠠᠯ ᠵᠶ᠋ᠠᠨ ᠡᠷᠭᠦᠶ᠎ᠡ》 ᠭᠡᠬᠦ ᠰᠡᠳᠦᠪ ᠵᠶ᠋ᠠᠷ ᠮᠡᠳᠡᠭᠦᠯᠦᠯᠲᠡ ᠬᠢᠵᠡᠢ᠃ ᠢᠯᠡᠳᠬᠡᠯ᠎ᠳᠤ ᠪᠦᠬᠦ ᠰᠢᠶᠠᠨ᠎ᠤ ᠡᠮᠡᠭᠲᠡᠶ᠋ᠢᠴᠦᠳ᠎ᠤᠨ ᠠᠷᠪᠠᠨ ᠭᠤᠷᠪᠠᠳᠤᠭ᠋ᠠᠷ ᠤᠳᠠᠭ᠋ᠠᠨ᠎ᠤ ᠲᠥᠯᠥᠭᠡᠯᠡᠭᠴᠢᠳ᠎ᠤᠨ ᠶᠡᠭᠡ ᠬᠤᠷᠠᠯ᠎ᠠᠴᠠ ᠨᠠᠰᠢᠬᠢ ᠮᠠᠨ᠎ᠤ ᠰᠢᠶᠠᠨ᠎ᠤ ᠡᠮᠡᠭᠲᠡᠶ᠋ᠢᠴᠦᠳ᠎ᠤᠨ ᠦᠢ᠍ᠯᠡᠰ᠎ᠤᠨ ᠰᠢᠨ᠎ᠡ ᠠᠮᠵᠢᠯᠲᠠ ᠪᠦᠲᠦᠮᠵᠢ᠂ ᠥᠷᠭᠡᠨ ᠤᠯᠠᠨ ᠡᠮᠡᠭᠲᠡᠶ᠋ᠢᠴᠦᠳ᠎ᠤᠨ ᠰᠢᠨ᠎ᠡ ᠵᠢᠳᠬᠦᠯ ᠴᠢᠷᠮᠠᠶ᠋ᠢᠯᠭ᠎ᠠ᠂ ᠡᠮᠡᠭᠲᠡᠶ᠋ᠢᠴᠦᠳ᠎ᠤᠨ ᠬᠤᠯᠪᠣᠭ᠎ᠠ ᠵᠢᠨ ᠠᠵᠢᠯ᠎ᠤᠨ ᠰᠢᠨ᠎ᠡ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠳ᠋ᠦᠩᠨᠡᠵᠦ᠂ ᠰᠢᠨ᠎ᠡ ᠪᠠᠶ᠋ᠢᠳᠠᠯ ᠳᠣᠣᠷᠠᠬᠢ ᠡᠮᠡᠭᠲᠡᠶ᠋ᠢᠴᠦᠳ᠎ᠤᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠥᠷᠢᠰᠥᠯᠳᠦᠭᠡᠨ᠎ᠢ ᠪᠤᠰᠤᠳᠴᠢ᠎ᠪᠠᠷ ᠵᠠᠳᠠᠯᠵᠤ᠂ ᠬᠤᠶ᠋ᠢᠰᠢᠳᠠ ᠵᠢᠨ ᠲᠠᠪᠤᠨ ᠵᠢᠯ᠎ᠤᠨ ᠡᠮᠡᠭᠲᠡᠶ᠋ᠢᠴᠦᠳ᠎ᠤᠨ ᠠᠵᠢᠯ᠎ᠤᠨ ᠵᠢᠯᠣᠭᠤᠳᠬᠤ ᠦᠵᠡᠯ ᠰᠠᠨᠠᠭ᠎ᠠ᠂ ᠭᠤᠣᠯ ᠬᠠᠷᠠᠯᠲᠠ ᠵᠢᠴᠢ ᠥᠷᠭᠡᠨ ᠤᠯᠠᠨ ᠡᠮᠡᠭᠲᠡᠶ᠋ᠢᠴᠦᠳ᠎ᠤᠨ ᠢᠷᠠᠭᠤ ᠠᠯᠳᠠᠷᠲᠤ ᠡᠭᠦᠷᠭᠡ ᠵᠢ ᠲᠣᠳᠣᠷᠬᠠᠶ᠋ᠢᠯᠠᠵᠤ᠂ ᠬᠤᠶ᠋ᠢᠰᠢᠳᠠ ᠵᠢᠨ ᠲᠠᠪᠤᠨ ᠵᠢᠯ᠎ᠤᠨ ᠪᠦᠬᠦ ᠰᠢᠶᠠᠨ᠎ᠤ ᠡᠮᠡᠭᠲᠡᠶ᠋ᠢᠴᠦᠳ᠎ᠤᠨ ᠠᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠪᠠᠶ᠋ᠢᠷᠢᠯᠠᠭᠤᠯᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ