ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ 2025 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ

ᠨᠡᠶ᠋ᠢᠲᠡᠯᠡᠭᠰᠡᠨ ᠴᠠᠭ᠄   2025-11-12

11 ᠰᠠᠷ᠎ᠠ ᠵᠢᠨ 11᠎ᠤ ᠡᠳᠦᠷ᠂ ᠳ᠋ᠧᠩᠺᠸᠤ ᠰᠢᠶᠠᠨ᠎ᠤ 2025 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠤᠯᠠᠭ᠋ᠠᠨᠪᠤᠬ᠎ᠠ ᠵᠢᠨ ᠡᠯᠡᠰᠦᠷᠬᠡᠭ ᠣᠷᠣᠨ᠎ᠤ ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ ᠭᠠᠵᠠᠷ᠎ᠲᠤ ᠶᠠᠪᠤᠭᠳᠠᠪᠠ᠃ ᠰᠢᠶᠠᠨ᠎ᠤ ᠳᠥᠷᠪᠡᠨ ᠶᠡᠭᠡ ᠤᠳᠤᠷᠢᠳᠬᠤ ᠪᠠᠭ᠎ᠤᠨ ᠤᠳᠤᠷᠢᠳᠤᠯᠭ᠎ᠠ ᠵᠢᠴᠢ ᠮᠢᠩᠭ᠎ᠠ ᠭᠠᠷᠤᠶ ᠨᠠᠮ᠎ᠤᠨ ᠭᠡᠰᠢᠭᠦᠨ᠂ ᠺᠠᠳ᠋ᠷ᠂ ᠵᠠᠯᠠᠭᠤ ᠰᠠᠶ᠋ᠢᠨ ᠳᠤᠷ᠎ᠠ ᠵᠢᠨ ᠠᠵᠢᠯᠯᠠᠭᠴᠢ ᠬᠠᠮᠲᠤ᠎ᠪᠠᠷ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠵᠤ᠂ 4 ᠲᠦᠮᠡ ᠭᠠᠷᠤᠶ ᠰᠠᠭᠤᠷᠢ ᠴᠢᠪᠠᠭ᠎ᠠ ᠵᠢᠨ ᠴᠢᠬᠢ ᠳᠠᠷᠢᠵᠤ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠬᠠᠲᠤᠨ ᠭᠤᠤᠯ᠎ᠤᠨ 《ᠬᠡᠳᠦᠨ ᠦᠰᠦᠭ》᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠥᠮᠦᠨ ᠨᠢᠭᠡᠪᠦᠷᠢ ᠵᠢᠨ ᠬᠦᠴᠦᠨ ᠴᠢᠳᠠᠯ ᠵᠶ᠋ᠠᠨ ᠡᠷᠭᠦᠪᠡ᠃

ᠡᠪᠦᠯ᠂ ᠬᠠᠪᠤᠷ᠎ᠤᠨ ᠤᠷᠲᠤ ᠨᠠᠬᠢᠶ᠎ᠠ᠃ ᠨᠠᠮᠤᠷ ᠡᠪᠦᠯ᠎ᠤᠨ ᠤᠯᠠᠷᠢᠯ ᠪᠣᠯ ᠮᠣᠳᠣ ᠲᠠᠷᠢᠵᠤ ᠣᠶ᠋ᠢᠵᠢᠭᠤᠯᠬᠤ ᠰᠢᠵᠢᠷ ᠠᠯᠲᠠᠨ ᠴᠠᠭ ᠦᠶ᠎ᠡ ᠪᠣᠯᠤᠨ᠎ᠠ᠂ ᠡᠨᠡ ᠦᠶ᠎ᠡ᠎ᠳᠤ ᠠᠭ᠋ᠠᠷ᠎ᠤᠨ ᠳᠤᠯᠠᠭ᠋ᠠᠨ ᠲᠣᠬᠢᠷᠠᠮᠵᠢᠲᠠᠶ᠂ ᠬᠥᠷᠥᠰᠥᠨ᠎ᠤ ᠴᠢᠭᠢᠭ᠎ᠤᠨ ᠪᠠᠶ᠋ᠢᠳᠠᠯ ᠰᠠᠶ᠋ᠢᠨ ᠪᠠᠶ᠋ᠢᠵᠤ᠂ ᠴᠢᠬᠢ ᠮᠣᠳᠣᠨ᠎ᠤ ᠡᠳᠡᠭᠡᠷᠡᠯᠲᠡ ᠵᠢᠨ ᠨᠣᠷᠮ᠎ᠠ ᠥᠨᠳᠥᠷ ᠪᠠᠶ᠋ᠢᠳᠠᠭ᠃ ᠲᠣᠰ ᠤᠳᠠᠭ᠋ᠠᠨ᠎ᠤ ᠠᠯᠪᠠᠨ ᠵᠢᠷᠤᠮ᠎ᠤᠨ ᠮᠣᠳᠣ ᠳᠠᠷᠢᠬᠤ ᠮᠣᠳᠣᠨ᠎ᠤ ᠲᠥᠷᠥᠯ᠎ᠨᠢ ᠭᠤᠤᠯᠳᠠᠭᠤ ᠴᠢᠪᠠᠭ᠎ᠠ ᠵᠢᠨ ᠴᠢᠬᠢ ᠪᠠᠶ᠋ᠢᠵᠤ᠂ ᠲᠡᠭᠦᠨ᠎ᠤ ᠵᠣᠬᠢᠴᠠᠬᠤ ᠴᠢᠨᠠᠷ᠎ᠢ ᠶᠡᠷᠦᠩᠬᠡᠶ᠋ᠢᠯᠡᠨ ᠪᠣᠳᠣᠯᠬᠢᠯᠠᠵᠤ᠂ ᠠᠮᠢ ᠠᠬᠤᠶ ᠵᠢᠨ ᠦᠷ᠎ᠡ ᠠᠰᠢᠭ ᠪᠠ ᠠᠵᠤ ᠠᠬᠤᠶ ᠵᠢᠨ ᠦᠷ᠎ᠡ ᠠᠰᠢᠭ᠎ᠢ ᠬᠤᠤᠰᠯᠠᠭᠤᠯᠤᠭᠰᠠᠨ ᠶᠤᠮ᠃

ᠲᠤᠬᠠᠢ ᠵᠢᠨ ᠲᠠᠯᠠᠪᠠᠢ᠎ᠳᠤ᠂ ᠮᠡᠷᠭᠡᠵᠢᠯᠲᠡᠨ᠎ᠤ ᠵᠢᠯᠤᠭᠤᠳᠤᠯᠭ᠎ᠠ ᠳᠣᠣᠷ᠎ᠠ᠂ ᠤᠯᠠᠨ ᠵᠶ᠋ᠠᠷ ᠵᠶ᠋ᠠᠨ ᠠᠵᠢᠯ ᠬᠤᠪᠢᠶᠠᠷᠢᠯᠠᠨ ᠬᠠᠮᠵᠢᠯᠴᠠᠵᠤ᠂ ᠰᠡᠳᠬᠢᠯ ᠰᠠᠨᠠᠭ᠎ᠠ᠎ᠪᠠᠨ ᠣᠯᠣᠯᠴᠠᠨ ᠬᠠᠮᠵᠢᠯᠴᠠᠵᠤ᠂ ᠴᠢᠬᠢ ᠵᠥᠭᠡᠭᠡᠪᠦᠷᠢᠯᠡᠵᠦ᠂ ᠰᠢᠷᠣᠢ ᠨᠡᠮᠡᠵᠦ᠂ ᠰᠢᠷᠣᠢ ᠨᠡᠮᠡᠵᠦ᠂ ᠥᠪᠡᠷ ᠵᠶ᠋ᠠᠨ ᠵᠢᠵᠢᠭ ᠴᠢᠬᠢ ᠰᠠᠭᠤᠯᠭ᠋ᠠᠵᠤ᠂ ᠶᠠᠭ᠋ᠠᠷᠠᠯᠳᠤᠵᠤ ᠪᠠᠷᠠᠭᠰᠠᠨ᠎ᠤ ᠳᠠᠷᠠᠭ᠎ᠠ᠂ ᠨᠢᠭᠡ ᠰᠠᠭᠤᠷᠢ ᠢᠰᠬᠦᠯᠡᠩ ᠴᠢᠪᠠᠭ᠎ᠠ ᠵᠢᠨ ᠴᠢᠬᠢ ᠰᠦᠯᠢᠶᠣᠣ ᠪᠦᠷᠬᠦᠪᠴᠢ᠎ᠳᠤ ᠲᠠᠷᠬᠠᠵᠤ᠂ ᠢᠳᠡᠭ ᠢᠳᠡᠭ ᠵᠶ᠋ᠠᠷ ᠬᠡᠰᠡᠭ ᠬᠡᠰᠡᠭ ᠪᠣᠯᠵᠤ᠂ ᠬᠤᠶᠠᠷ ᠭᠤᠷᠪᠠᠨ ᠵᠢᠯ᠎ᠤᠨ ᠳᠠᠷᠠᠭ᠎ᠠ ᠨᠠᠪᠴᠢ ᠨᠠᠮᠠᠭ᠎ᠠ᠎ᠨᠢ ᠢᠭᠴᠤ ᠰᠠᠬᠤᠯᠢᠭ ᠴᠢᠪᠠᠭ᠎ᠠ ᠵᠢᠨ ᠤᠢ ᠪᠣᠯᠤᠨ᠎ᠠ᠃

ᠳ᠋ᠧᠩᠺᠸᠦ ᠰᠢᠶᠠᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠣᠪᠴᠢᠶᠠᠨ᠎ᠤ ᠳᠡᠳ᠋ ᠳᠠᠷᠤᠭ᠎ᠠ ᠵᠢᠶᠠᠩ ᠯᠦᠩ ᠸᠧᠨ᠄ 《ᠨᠠᠮᠤᠷ ᠡᠪᠦᠯ᠎ᠤᠨ ᠤᠯᠠᠷᠢᠯ᠎ᠳᠤ ᠣᠶ᠋ᠢᠵᠢᠭᠤᠯᠬᠤ᠎ᠪᠠᠷ ᠳᠠᠮᠵᠢᠭᠤᠯᠤᠨ᠂ ᠪᠥᠬᠦ ᠨᠡᠶ᠋ᠢᠭᠡᠮ ᠵᠶ᠋ᠠᠷ ᠵᠶ᠋ᠠᠨ ᠠᠮᠢ ᠠᠬᠤᠶ ᠵᠢᠨ ᠵᠠᠰᠠᠯᠲᠠ ᠵᠢ ᠠᠩᠬᠠᠷᠴᠤ᠂ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠨ᠂ ᠠᠮᠢ ᠠᠬᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠠᠮᠢ ᠠᠬᠤᠶ ᠵᠢᠨ ᠬᠠᠯᠬᠠᠪᠴᠢ ᠵᠢ ᠪᠠᠬᠢᠵᠢᠭᠦᠯᠬᠦ᠎ᠳᠤ ᠳ᠋ᠧᠩᠺᠸᠦ ᠵᠢᠨ ᠬᠦᠴᠦᠨ ᠴᠢᠳᠠᠯ ᠵᠶ᠋ᠠᠨ ᠡᠷᠭᠦᠪᠡ》 ᠭᠡᠵᠡᠶ᠃

ᠣᠶ᠋ᠢᠷ᠎ᠠ ᠵᠢᠨ ᠵᠢᠯ᠎ᠳᠤ᠂ ᠳ᠋ᠧᠩᠺᠸᠤ ᠰᠢᠶᠠᠨ ᠰᠢ᠎ᠵᠢᠨ᠎ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠬᠠᠳᠤᠨ ᠭᠤᠣᠯ᠎ᠤᠨ《ᠬᠡᠳᠦᠨ ᠦᠰᠦᠭ》᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠭᠤᠣᠯ ᠣᠷᠣᠨ ᠪᠣᠯᠤᠨ ᠡᠮᠦᠨ᠎ᠡ ᠹᠷᠣᠨᠲ᠎ᠤᠨ ᠵᠢᠭᠰᠠᠭ᠋ᠠᠯ᠎ᠤᠨ ᠭᠠᠵᠠᠷ᠎ᠤᠨ ᠡᠭᠦᠷᠭᠡ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠰᠢᠨ᠎ᠡ ᠴᠠᠭ ᠦᠶ᠎ᠡ ᠵᠢᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ 《ᠳ᠋ᠧᠩᠺᠸᠦ ᠵᠢᠨ ᠵᠠᠭᠪᠤᠷ》᠎ᠤᠨ ᠴᠠᠭ ᠦᠶ᠎ᠡ ᠵᠢᠨ ᠦᠷᠳᠡᠭ᠎ᠢ ᠭᠦᠢ᠍ᠴᠡᠳ ᠪᠠᠳᠠᠷᠠᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠠᠮᠢ ᠠᠬᠤᠢ ᠵᠢᠨ ᠵᠠᠰᠠᠯᠲᠠ ᠬᠠᠮᠠᠭ᠋ᠠᠯᠠᠯᠲᠠ ᠵᠢ ᠲᠦᠷᠭᠡᠳᠬᠡᠪᠡ᠃ 2025 ᠣᠨ᠎ᠳᠤ᠂ ᠠᠮᠢ ᠠᠬᠤᠶ ᠵᠢᠨ ᠵᠠᠰᠠᠯᠲᠠ ᠵᠢ 26.75 ᠲᠦᠮᠡᠨ ᠮᠥ᠍ ᠪᠡᠶᠡᠯᠡᠭᠦᠯᠵᠦ᠂ ᠣᠶ ᠰᠢᠭᠤᠶ ᠡᠪᠡᠰᠦ ᠪᠡᠯᠴᠢᠭᠡᠷ᠎ᠤᠨ ᠪᠦᠷᠬᠦᠴᠡ ᠵᠢᠨ ᠬᠡᠮᠵᠢᠶ᠎ᠡ ᠵᠢ ᠣᠳᠣᠬᠠᠨ᠎ᠤ 41.4% ᠪᠣᠯᠲᠠᠯ᠎ᠠ ᠳᠡᠭᠡᠭᠰᠢᠯᠡᠭᠦᠯᠵᠦ᠂ ᠰᠢᠶᠠᠨ᠎ᠤ ᠬᠡᠪᠴᠢᠶᠡᠨ᠎ᠤ ᠠᠵᠤ ᠠᠬᠤᠶ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ᠎ᠳᠤ ᠳᠠᠬᠢᠨ ᠰᠢᠨ᠎ᠡ ᠭᠠᠪᠢᠶ᠎ᠠ ᠪᠠᠶ᠋ᠢᠭᠤᠯᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ