ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ᠎ᠤ 2025 ᠣᠨ᠎ᠤ ᠡᠪᠯᠡᠯ᠎ᠤᠨ ᠺᠠᠳ᠋ᠷ᠎ᠤᠨ ᠲᠤᠰᠬᠠᠢ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠵᠢᠴᠢ 《ᠬᠥᠬᠡ ᠠᠳᠤᠭᠤᠨ᠎ᠤ ᠢᠨᠵᠧᠨᠧᠷᠢᠩ》᠎ᠤᠨ ᠪᠣᠯᠪᠠᠰᠤᠷᠠᠯ᠎ᠤᠨ ᠠᠩᠬᠢ ᠶᠠᠪᠤᠭᠳᠠᠪᠠ

ᠨᠡᠶ᠋ᠢᠲᠡᠯᠡᠭᠰᠡᠨ ᠴᠠᠭ᠄   2025-11-25

11 ᠰᠠᠷ᠎ᠠ ᠵᠢᠨ 24᠎ᠤ ᠡᠳᠦᠷ᠂ ᠳ᠋ᠧᠩᠺᠸᠤ ᠰᠢᠶᠠᠨ᠎ᠤ 2025 ᠣᠨ᠎ᠤ ᠡᠪᠯᠡᠯ᠎ᠤᠨ ᠺᠠᠳ᠋ᠷ᠎ᠤᠨ ᠲᠤᠰᠬᠠᠶ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠵᠢᠴᠢ 《ᠬᠥᠬᠡ ᠠᠳᠤᠭᠤᠨ ᠢᠨᠵᠧᠨᠧᠷᠢᠩ》᠎ᠤᠨ ᠪᠣᠯᠪᠠᠰᠤᠷᠠᠯ᠎ᠤᠨ ᠠᠩᠭᠢ ᠰᠢᠶᠠᠨ᠎ᠤ ᠨᠠᠮ᠎ᠤᠨ ᠬᠤᠷᠢᠶᠠᠨ᠎ᠤ ᠨᠠᠮ᠎ᠤᠨ ᠰᠤᠷᠭ᠋ᠠᠭᠤᠯᠢ᠎ᠳᠤ ᠶᠠᠪᠤᠭᠳᠠᠪᠠ᠃

ᠲᠤᠰ ᠤᠳᠠᠭ᠎ᠠ ᠵᠢᠨ ᠪᠣᠯᠪᠠᠰᠤᠷᠠᠯ᠎ᠨᠢ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠰᠢ᠎ᠵᠢᠨ᠎ᠫᠢᠩ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠲᠤᠬᠠᠢ ᠶᠠᠷᠢᠬᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠵᠢᠨ ᠲᠣᠭᠤᠷᠢᠨ᠎ᠳᠤ᠂ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠺᠠᠳ᠋ᠷ᠎ᠤᠨ 《ᠤᠯᠤᠰ ᠲᠦᠷᠦ ᠵᠢᠨ ᠬᠦᠳᠦᠯᠦᠨ ᠳᠠᠭ᠋ᠠᠭᠤᠯᠬᠤ ᠬᠦᠴᠦᠨ᠂ ᠵᠣᠬᠢᠶᠠᠨ ᠪᠠᠶ᠋ᠢᠭᠤᠯᠵᠤ ᠳᠠᠶ᠋ᠢᠴᠢᠯᠠᠬᠤ ᠬᠦᠴᠦᠨ᠂ ᠰᠢᠨ᠎ᠡ ᠵᠢ ᠡᠭᠦᠳᠬᠦ ᠬᠦᠴᠦᠨ᠎ᠳᠤ ᠦᠢ᠍ᠯᠡᠴᠢᠯᠡᠬᠦ》 ᠭᠤᠷᠪᠠᠨ ᠶᠡᠭᠡ ᠭᠤᠣᠯᠯᠠᠭᠴᠢ ᠴᠢᠳᠠᠪᠤᠷᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠪᠯᠡᠯ᠎ᠤᠨ ᠺᠠᠳ᠋ᠷ᠎ᠤᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠤᠨ ᠠᠵᠢᠯ᠎ᠤᠨ ᠬᠡᠷᠡᠭᠴᠡᠭᠡ᠎ᠳᠤ ᠵᠣᠬᠢᠴᠠᠬᠤ᠎ᠳᠤ ᠬᠦᠴᠦᠨ ᠨᠡᠮᠡᠷᠢᠯᠡᠵᠦ᠂ ᠵᠠᠯᠠᠭᠤᠴᠤᠳ᠎ᠤᠨ ᠦᠰᠦᠨ ᠪᠤᠶ᠋ᠢᠵᠢᠵᠤ ᠴᠢᠳᠠᠪᠤᠷᠢᠲᠠᠨ ᠪᠣᠯᠬᠤ᠎ᠳᠤ ᠨᠡᠩ ᠰᠠᠶ᠋ᠢᠲᠤᠷ ᠦᠢ᠍ᠯᠡᠴᠢᠯᠡᠵᠦ᠂ ᠨᠠᠮ ᠵᠠᠰᠠᠭ᠎ᠤᠨ ᠭᠤᠣᠯ ᠶᠡᠭᠡ ᠲᠠᠯ᠎ᠠ᠎ᠳᠤ ᠨᠡᠩ ᠰᠠᠶ᠋ᠢᠲᠤᠷ ᠦᠢ᠍ᠯᠡᠴᠢᠯᠡᠬᠦ ᠬᠡᠷᠡᠭᠲᠡᠢ᠃

ᠢᠴᠢᠶᠡᠯᠯᠡᠬᠦ ᠪᠠᠭᠰᠢ ᠨᠠᠷ᠎ᠤᠨ ᠤᠨᠤᠯ᠎ᠢ ᠲᠣᠳᠣᠷᠬᠠᠶ᠋ᠢᠯᠠᠨ ᠲᠠᠶ᠋ᠢᠯᠪᠤᠷᠢᠯᠠᠭᠰᠠᠨ᠎ᠨᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ᠂ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ᠎ᠨᠢ ᠠᠮᠢᠳᠤᠯᠢᠭ ᠨᠡᠶ᠋ᠢᠴᠡᠵᠦ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠎ᠨᠢ ᠨᠠᠷᠢᠯᠢᠭ ᠣᠨᠣᠴᠠᠲᠠᠶ ᠪᠠᠶ᠋ᠢᠵᠤ᠂ ᠰᠤᠷᠤᠭᠴᠢᠳ᠎ᠲᠤ ᠠᠭᠤᠯᠭ᠎ᠠ᠎ᠪᠠᠷ ᠪᠠᠶᠠᠯᠢᠭ᠂ ᠦᠵᠡᠯ ᠰᠠᠨᠠᠭ᠎ᠠ᠎ᠪᠠᠷ ᠭᠦᠨᠵᠡᠭᠡᠶ 《ᠣᠨᠣᠯ᠎ᠤᠨ ᠦᠪᠡᠳᠡᠭᠰᠢ ᠳᠠᠶ᠋ᠢᠯᠠᠯᠭ᠎ᠠ》 ᠪᠠ 《ᠴᠢᠳᠠᠪᠤᠷᠢ ᠵᠢᠨ ᠶᠡᠭᠡ ᠳᠠᠶ᠋ᠢᠯᠠᠯᠭ᠎ᠠ》 ᠬᠦᠷᠭᠡᠪᠡ᠃

ᠲᠣᠰ ᠤᠳᠠᠭ᠋ᠠᠨ᠎ᠤ ᠲᠥᠪᠯᠡᠷᠡᠩᠭᠦᠶ ᠪᠣᠯᠪᠠᠰᠤᠷᠠᠭᠤᠯᠤᠯ᠎ᠳᠤ ᠰᠤᠷᠴᠤ ᠬᠡᠷᠡᠭᠯᠡᠬᠦ ᠵᠢ ᠤᠶᠠᠯᠳᠤᠭᠤᠯᠬᠤ᠂ ᠮᠡᠳᠡᠬᠦ ᠬᠢᠬᠦ ᠵᠢ ᠨᠢᠭᠡᠳᠬᠡᠬᠦ ᠵᠢ ᠪᠠᠷᠢᠮᠲᠠᠯᠠᠵᠤ᠂ ᠰᠤᠷᠤᠯᠴᠠᠭᠰᠠᠳ᠂ ᠪᠣᠯᠪᠠᠰᠤᠷᠠᠭᠤᠯᠤᠯ᠎ᠤᠨ ᠣᠯᠵᠠᠪᠤᠷᠢ ᠵᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠣᠳᠠᠲᠠᠶ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠨᠠᠮ᠎ᠤᠨ ᠰᠢᠨ᠎ᠡ ᠵᠢ ᠡᠭᠦᠳᠬᠦ ᠣᠨᠣᠯ᠎ᠤᠨ ᠤᠯᠠᠮᠵᠢᠯᠠᠭᠴᠢ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠦᠢ᠍ᠯᠡᠰ᠎ᠤᠨ ᠬᠥᠭᠵᠢᠯᠲᠡ ᠵᠢᠨ ᠤᠶ᠋ᠢᠯᠡᠳᠤᠯᠭᠡᠵᠢᠭᠦᠯᠦᠭᠴᠢ᠂ ᠵᠠᠯᠠᠭᠤᠴᠤᠳ᠎ᠤᠨ ᠦᠰᠦᠨ ᠪᠤᠶ᠋ᠢᠵᠢᠬᠤ᠎ᠳᠤ ᠤᠶ᠋ᠢᠯᠡᠴᠢᠯᠡᠬᠦ ᠳᠣᠲᠣᠨᠣ ᠬᠥᠮᠦᠨ ᠪᠣᠯᠬᠤ᠎ᠪᠠᠷ ᠴᠢᠷᠮᠠᠶ᠋ᠢᠵᠤ᠂ ᠳ᠋ᠧᠩᠺᠸᠦ ᠰᠢᠶᠠᠨ᠎ᠤ ᠵᠠᠯᠠᠭᠤᠴᠤᠳ᠎ᠤᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

 

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ