ᠯᠢ ᡁᠢ ᠰᠢᠦ᠋ᠩ ᠥᠪᠥᠷ ᠮᠣᠩᠭᠤᠯ᠎ᠤᠨ ᠣᠷᠴᠢᠨ ᠲᠣᠭᠤᠷᠢᠨ᠎ᠤ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠦ᠋ ᠴᠢᠶᠠᠩ ᠨᠠᠷ ᠮᠠᠯᠵᠢᠯ᠎ᠤᠨ ᠲᠠᠯᠠᠪᠠᠢ ᠵᠢᠨ ᠪᠠᠭ᠋ᠠᠰᠤᠨ ᠪᠣᠬᠢᠷᠲᠤᠯ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠬᠠᠮᠲᠤ᠎ᠪᠠᠷ ᠵᠥᠪᠳᠡᠯᠴᠡᠪᠡ
ᠨᠡᠶ᠋ᠢᠲᠡᠯᠡᠭᠰᠡᠨ ᠴᠠᠭ᠄ 2025-07-08
7 ᠰᠠᠷ᠎ᠠ ᠵᠢᠨ 7᠎ᠤ ᠡᠳᠦᠷ᠂ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠰᠢᠶᠠᠨ᠎ᠤ ᠳᠠᠷᠤᠭ᠎ᠠ ᠯᠢ ᡁᠢ ᠰᠢᠶᠦ᠋ᠩ ᠥᠪᠥᠷ ᠮᠣᠩᠭᠤᠯ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢ᠂ ᠳᠡᠳ᠋ ᠶᠡᠷᠦᠩᠬᠡᠢ ᠳᠠᠭ᠋ᠠᠭ᠋ᠠᠮᠠᠯ ᠦ᠋ ᠴᠢᠶᠠᠩ ᠨᠠᠷ᠎ᠲᠠᠢ ᠠᠭᠤᠯᠵᠠᠵᠤ᠂ ᠬᠤᠶᠠᠷ ᠲᠠᠯ᠎ᠠ᠎ᠪᠠᠷ ᠵᠶ᠋ᠠᠨ ᠮᠠᠯᠵᠢᠯ᠎ᠤᠨ ᠲᠠᠯᠠᠪᠠᠢ ᠵᠢᠨ ᠪᠠᠭ᠋ᠠᠰᠤᠨ ᠪᠣᠬᠢᠷᠲᠤᠯ᠎ᠢ ᠬᠡᠪᠴᠢᠶᠡᠵᠢᠭᠦᠯᠦᠨ ᠡᠬᠢ ᠪᠠᠶᠠᠯᠢᠭᠵᠢᠭᠤᠯᠤᠨ ᠰᠢᠢ᠍ᠳᠪᠦᠷᠢᠯᠡᠬᠦ ᠲᠦᠷᠦᠯ ᠵᠦᠢ᠍ᠯ᠎ᠤᠨ ᠬᠠᠮᠲᠤᠷᠠᠯᠴᠠᠭ᠋ᠠᠨ᠎ᠤ ᠶᠠᠪᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃

ᠦ᠋ ᠴᠢᠶᠠᠩ ᠥᠪᠥᠷ ᠮᠣᠩᠭᠤᠯ᠎ᠤᠨ ᠣᠷᠴᠢᠨ ᠲᠣᠭᠤᠷᠢᠨ᠎ᠤ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠮᠠᠯᠵᠢᠯ᠎ᠤᠨ ᠲᠠᠯᠠᠪᠠᠢ ᠵᠢᠨ ᠢᠯᠭ᠋ᠠᠳᠠᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ᠎ᠪᠠᠷ ᠪᠣᠯᠪᠠᠰᠤᠷᠠᠩᠭᠤᠶ ᠪᠣᠯᠤᠭᠰᠠᠨ ᠲᠥᠷᠥᠯ ᠵᠦᠢ᠍ᠯ᠎ᠤᠨ ᠵᠠᠭᠪᠤᠷ᠎ᠢ ᠨᠠᠷᠢᠨ ᠲᠠᠨᠢᠯᠴᠠᠭᠤᠯᠪᠠ᠃ ᠲᠣᠰ ᠵᠠᠭᠪᠤᠷ᠎ᠨᠢ ᠦᠬᠡᠷ᠎ᠤᠨ ᠪᠠᠭ᠋ᠠᠰᠤ ᠵᠢ ᠰᠢᠰᠲ᠋ᠧᠮᠵᠢᠭᠦᠯᠦᠨ ᠴᠤᠭᠯᠠᠭᠤᠯᠤᠨ ᠰᠢᠢ᠍ᠳᠪᠦᠷᠢᠯᠡᠬᠦ᠎ᠪᠠᠷ ᠳᠠᠮᠵᠢᠭᠤᠯᠤᠨ᠂ ᠲᠡᠷᠢᠭᠦᠨ᠎ᠤ ᠭᠠᠷ ᠤᠷᠠᠯᠠᠯ ᠵᠶ᠋ᠠᠷ ᠬᠦᠴᠢᠯᠲᠥ᠋ᠷᠥᠭᠴᠢ ᠵᠢᠭᠰᠢᠬᠦ ᠢᠰᠬᠡᠯᠳᠡ ᠬᠢᠵᠦ᠂ ᠨᠠᠮᠤᠭ᠎ᠤᠨ ᠬᠡᠢ᠎ᠪᠠᠷ ᠴᠠᠬᠢᠯᠭ᠋ᠠᠨ ᠭᠠᠷᠭ᠋ᠠᠬᠤ᠂ ᠨᠠᠮᠤᠭ᠎ᠤᠨ ᠰᠢᠭ᠋ᠠᠷᠤ ᠵᠢᠨ ᠬᠠᠲᠠᠭᠤ ᠲᠦᠯᠦᠪᠲᠦ ᠣᠷᠭ᠋ᠠᠨᠢᠭ ᠪᠣᠷᠳᠣᠭᠤᠷ ᠵᠢᠴᠢ ᠦᠬᠡᠷ᠎ᠤᠨ ᠬᠡᠪᠲᠡᠭᠡ ᠳᠡᠪᠢᠰᠬᠡᠷ ᠡᠳ᠋᠂ ᠨᠠᠮᠤᠭ᠎ᠤᠨ ᠰᠢᠩᠭᠡᠨ᠎ᠤ ᠨᠠᠶ᠋ᠢᠷᠠᠯᠭ᠎ᠠ᠎ᠲᠠᠢ ᠲᠠᠷᠢᠶᠠᠨ ᠭᠠᠵᠠᠷ ᠪᠤᠶᠤ ᠳᠡᠭᠡᠳᠦ ᠲᠠᠰ᠎ᠤᠨ ᠰᠢᠩᠭᠡᠨ ᠪᠣᠷᠳᠣᠭᠤᠷ ᠦᠢ᠍ᠯᠡᠳᠬᠦ ᠵᠢ ᠪᠡᠶᠡᠯᠡᠭᠦᠯᠵᠦ᠂ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ᠎ᠢ ᠪᠦᠲᠦᠮᠵᠢᠲᠡᠶ ᠴᠡᠪᠡᠷ ᠡᠨᠧᠷᠭᠢ ᠪᠠ ᠡᠷᠬᠢᠮ ᠨᠠᠨᠳᠢᠨ ᠡᠬᠢ ᠪᠠᠶᠠᠯᠢᠭ ᠪᠣᠯᠭ᠋ᠠᠨ ᠬᠤᠪᠢᠷᠠᠭᠤᠯᠤᠨ᠎ᠠ᠃
ᠯᠢ ᡁᠢ ᠰᠢᠶᠦ᠋ᠩ ᠥᠪᠥᠷ ᠮᠣᠩᠭᠤᠯ᠎ᠤᠨ ᠣᠷᠴᠢᠨ ᠲᠣᠭᠤᠷᠢᠨ᠎ᠤ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠳ᠋ᠧᠩᠺᠸᠦ᠎ᠳᠤ ᠢᠷᠡᠵᠦ ᠪᠠᠭ᠋ᠠᠰᠤᠨ ᠪᠣᠬᠢᠷᠲᠤᠯ᠎ᠢ ᠡᠬᠢ ᠪᠠᠶᠠᠯᠢᠭᠵᠢᠭᠤᠯᠤᠨ ᠰᠢᠢ᠍ᠳᠪᠦᠷᠢᠯᠡᠬᠦ ᠲᠦᠷᠦᠯ ᠵᠦᠢ᠍ᠯ᠎ᠢ ᠠᠬᠢᠭᠤᠯᠬᠤ ᠵᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠪᠡ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠪᠠᠭ᠋ᠠᠰᠤᠨ ᠪᠣᠬᠢᠷᠲᠤᠯ᠎ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢ᠍ᠯ᠎ᠨᠢ ᠳ᠋ᠧᠩᠺᠧᠦ ᠰᠢᠶᠠᠨ᠎ᠤ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠦᠢ᠍ᠯᠡᠰ᠎ᠤᠨ ᠪᠣᠬᠢᠷᠲᠤᠯ᠎ᠤᠨ ᠠᠰᠠᠭᠤᠳᠠᠯ᠎ᠢ ᠰᠢᠢ᠍ᠳᠪᠦᠷᠢᠯᠡᠬᠦ ᠲᠤᠯᠭ᠋ᠠᠮ᠎ᠠ ᠱᠠᠭ᠋ᠠᠷᠳᠠᠯᠭ᠎ᠠ᠎ᠲᠠᠢ ᠣᠨᠣᠪᠴᠢᠲᠠᠶ ᠨᠡᠶ᠋ᠢᠴᠡᠵᠦ ᠪᠠᠶ᠋ᠢᠨ᠎ᠠ᠃ ᠲᠥᠷᠥᠯ ᠵᠦᠢ᠍ᠯ᠎ᠢ ᠬᠡᠷᠡᠭᠵᠢᠭᠦᠯᠬᠦ᠎ᠨᠢ ᠮᠠᠯᠵᠢᠯ᠎ᠤᠨ ᠲᠠᠯᠠᠪᠠᠶ ᠵᠢᠨ ᠪᠠᠭ᠋ᠠᠰᠤᠨ ᠪᠣᠬᠢᠷᠲᠤᠯ᠎ᠢ ᠪᠦᠲᠦᠮᠵᠢᠲᠡᠶ ᠠᠷᠢᠯᠭ᠋ᠠᠬᠤ᠎ᠠᠴᠠ ᠪᠣᠯᠤᠭᠰᠠᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠳᠠᠷᠤᠯᠲᠠ ᠵᠢ ᠪᠦᠲᠦᠮᠵᠢᠲᠡᠶ ᠠᠷᠢᠯᠭ᠋ᠠᠬᠤ᠎ᠪᠠᠷ ᠪᠠᠷᠠᠬᠤ ᠥᠬᠡᠶ᠂ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠬᠤ᠂ ᠥᠨᠳᠥᠷ ᠥᠷᠲᠡᠭᠵᠢᠭᠦᠯᠦᠨ ᠠᠰᠢᠭᠯᠠᠬᠤ ᠵᠢ ᠨᠠᠩ ᠪᠡᠶᠡᠯᠡᠭᠦᠯᠵᠦ᠂ ᠬᠠᠶᠠᠭᠳᠠᠮᠠᠯ ᠪᠣᠳᠠᠰ᠎ᠢ ᠡᠷᠳᠡᠨᠢ ᠪᠣᠯᠭ᠋ᠠᠵᠤ᠂ ᠮᠠᠨ᠎ᠤ ᠰᠢᠶᠠᠨ᠎ᠤ ᠮᠠᠯ ᠠᠵᠤ ᠠᠬᠤᠶ ᠵᠢᠨ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠂ ᠬᠥᠳᠡᠭᠡ ᠲᠣᠰᠬᠤᠨ᠎ᠤ ᠣᠷᠣᠰᠢᠨ ᠰᠠᠭᠤᠬᠤ ᠣᠷᠴᠢᠨ ᠨᠥᠬᠦᠴᠡᠯ᠎ᠢ ᠰᠠᠶ᠋ᠢᠵᠢᠷᠠᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠰᠢᠶᠠᠨ᠎ᠤ ᠵᠠᠰᠠᠭ᠎ᠤᠨ ᠣᠷᠳᠣᠨ ᠲᠦᠷᠦᠯ ᠵᠦᠢ᠍ᠯ᠎ᠲᠠᠢ ᠢᠳᠡᠪᠬᠢᠲᠡᠢ ᠵᠣᠯᠭ᠋ᠠᠭᠤᠯᠵᠤ᠂ ᠲᠦᠷᠦᠯ ᠵᠦᠢ᠍ᠯ᠎ᠤᠨ ᠨᠠᠶ᠋ᠢᠳᠠᠪᠤᠷᠢᠵᠢᠭᠤᠯᠤᠯᠲᠠ ᠵᠢᠨ ᠦᠷ᠎ᠡ ᠪᠦᠲᠦᠮᠵᠢ ᠵᠢ ᠬᠠᠮᠲᠤ᠎ᠪᠠᠷ ᠠᠬᠢᠭᠤᠯᠤᠨ᠎ᠠ᠃
ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠰᠢᠶᠠᠨ᠎ᠤ ᠳᠡᠳ᠋ ᠳᠠᠷᠤᠭ᠎ᠠ ᠰᠢᠤᠸᠠᠢ ᠶᠤᠸᠠᠨ᠂ ᠰᠢᠶᠠᠨ᠎ᠤ ᠳᠡᠳ᠋ ᠳᠠᠷᠤᠭ᠎ᠠ ᠬᠤ᠌ ᠰᠢᠤᠸᠠᠢ ᠴᠤᠤ᠂ ᠵᠠᠰᠠᠭ᠎ᠤᠨ ᠣᠷᠳᠣᠨ᠎ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠯᠠ ᠣᠷᠣᠭᠤᠯᠵᠤ ᠠᠬᠢᠭᠤᠯᠬᠤ ᠲᠥᠪ ᠵᠢᠴᠢ ᠠᠮᠢ ᠠᠬᠤᠶ ᠣᠷᠴᠢᠨ ᠲᠣᠭᠤᠷᠢᠨ᠎ᠤ ᠲᠣᠪᠴᠢᠶ᠎ᠠ ᠵᠢᠨ ᠬᠠᠷᠢᠭᠤᠴᠠᠯᠭ᠋ᠠᠲᠠᠨ ᠲᠣᠰ ᠤᠳᠠᠭ᠋ᠠᠨ᠎ᠤ ᠶᠠᠷᠢᠯᠴᠠᠬᠤ ᠬᠤᠷᠠᠯ᠎ᠳᠤ ᠣᠷᠣᠯᠴᠠᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ