ᠵᠠᠩ ᠢᠦᠢ ᠳ᠋ᠧᠩᠺᠸᠤ ᠰᠢᠶᠠᠨ᠎ᠤ ᠭᠤᠣᠯᠳᠠᠯᠭ᠎ᠠ᠎ᠲᠠᠢ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-07-30
ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠰᠢᠶᠠᠨ᠎ᠤ ᠳᠠᠷᠤᠭ᠎ᠠ ᠵᠢᠨ ᠨᠡᠷ᠎ᠡ ᠳᠤᠷᠠᠳᠤᠭᠳᠠᠭᠴᠢ ᠵᠠᠩ ᠢᠦᠢ᠂ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠳ᠋ᠧᠩᠺᠸᠤ ᠦᠷᠳᠡᠭᠡ ᠵᠢᠨ ᠡᠮᠦᠨᠡᠬᠢ ᠠᠭᠤᠳᠠᠮ ᠲᠠᠯᠠᠪᠠᠢ᠂ ᠡᡁᠧ ᠷᠦᠢ ᠪᠣᠭᠤᠳᠠᠯ ᠪᠠᠭᠯᠠᠭ᠎ᠠ ᠵᠢᠨ ᠬᠤᠶᠠᠳᠤᠭ᠋ᠠᠷ ᠬᠤᠭᠤᠴᠠᠭ᠎ᠠ᠂ ᠵᠦᠩ ᠯᠢ ᠰᠦ ᠵᠢᠨ ᠦᠢ᠍ᠯᠡᠰ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠢ ᠬᠤᠩ ᠤᠶᠤᠨᠳᠤ ᠪᠣᠭᠤᠳᠠᠯ ᠪᠠᠭᠯᠠᠭ᠎ᠠ ᠵᠡᠷᠭᠡ ᠭᠤᠣᠯᠳᠠᠯᠭ᠎ᠠ᠎ᠲᠠᠢ ᠲᠦᠷᠦᠯ ᠵᠦᠢ᠍ᠯ᠎ᠳᠤ ᠭᠦᠨᠵᠡᠭᠡᠶ᠋ᠢᠷᠡᠨ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠵᠡᠢ᠃
ᠵᠠᠩ ᠢᠦᠢ ᠴᠢᠬᠤᠯᠠᠴᠢᠯᠠᠭᠰᠠᠨ᠎ᠨᠢ᠂ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠳ᠋ᠧᠩᠺᠸᠦ ᠦᠷᠳᠡᠭᠡ ᠵᠢᠨ ᠡᠮᠦᠨᠡᠬᠢ ᠠᠭᠤᠳᠠᠮ ᠲᠠᠯᠠᠪᠠᠢ ᠵᠢᠴᠢ ᠬᠤᠯᠪᠣᠭᠳᠠᠯ ᠪᠦᠬᠦᠢ ᠢᠵᠢ ᠪᠦᠷᠢᠳᠦᠭᠰᠡᠨ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ᠎ᠨᠢ ᠳ᠋ᠧᠩᠺᠸᠤ ᠰᠢᠶᠠᠨ᠎ᠤ ᠵᠠᠮ ᠬᠠᠷᠢᠯᠴᠠᠭ᠋ᠠᠨ᠎ᠤ ᠵᠠᠩᠭᠢᠯᠠᠭ᠎ᠠ ᠵᠢᠨ ᠪᠠᠶ᠋ᠢᠷᠢ ᠰᠠᠭᠤᠷᠢ ᠵᠢ ᠳᠡᠭᠡᠭᠰᠢᠯᠡᠭᠦᠯᠵᠦ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ᠎ᠤᠨ᠎ᠬᠢᠨ ᠰᠢᠶᠠᠨ᠎ᠤ ᠨᠠᠮ᠎ᠤᠨ ᠬᠤᠷᠢᠶ᠎ᠠ ᠵᠢᠨ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠶᠣᠰᠣᠭ᠋ᠠᠷ᠂ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠠᠵᠢᠯ᠎ᠤᠨ ᠬᠤᠭᠤᠴᠠᠭ᠎ᠠ ᠵᠢ ᠲᠣᠩᠭᠤᠷᠠᠭᠤᠯᠤᠨ ᠪᠠᠶ᠋ᠢᠷᠢᠯᠠᠭᠤᠯᠵᠤ᠂ ᠦᠷᠳᠡᠭᠡ ᠵᠢᠨ ᠡᠮᠦᠨᠡᠬᠢ ᠠᠭᠤᠳᠠᠮ ᠲᠠᠯᠠᠪᠠᠢ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠨ ᠠᠬᠢᠭᠤᠯᠵᠤ᠂ ᠲᠦᠷᠭᠡᠨ᠎ᠤ ᠲᠡᠮᠦᠷ ᠵᠠᠮ᠎ᠤᠨ ᠲᠡᠷᠭᠡ ᠨᠡᠪᠲᠡᠷᠡᠬᠦ ᠦᠶ᠎ᠡ᠎ᠳᠤ᠂ ᠦᠷᠳᠡᠭᠡ ᠵᠢᠨ ᠡᠮᠦᠨᠡᠬᠢ ᠠᠭᠤᠳᠠᠮ ᠲᠠᠯᠠᠪᠠᠢ ᠵᠢ ᠵᠡᠷᠭᠡ᠎ᠪᠡᠷ ᠠᠰᠢᠭᠯᠠᠯᠲᠠ᠎ᠳᠤ ᠣᠷᠣᠭᠤᠯᠬᠤ ᠵᠢ ᠪᠠᠲᠤᠯᠠᠵᠤ᠂ ᠠᠶᠠᠨᠴᠢᠳ᠎ᠲᠤ ᠳᠥᠭᠦᠮ ᠳᠥᠲᠡ᠂ ᠲᠠᠭ᠋ᠠᠯᠠᠮᠵᠢᠲᠠᠢ ᠶᠠᠪᠤᠵᠤ ᠰᠠᠭᠤᠬᠤ ᠣᠷᠴᠢᠨ ᠲᠣᠭᠤᠷᠢᠨ᠎ᠢ ᠬᠠᠩᠭ᠋ᠠᠬᠤ ᠬᠡᠷᠡᠭᠲᠡᠢ᠃ ᠵᠠᠩ ᠢᠦᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠦᠢ᠍ᠯᠡᠴᠢᠯᠡᠭᠡ᠎ᠪᠠᠨ ᠴᠢᠩᠭ᠋ᠠᠳᠬᠠᠵᠤ᠂ ᠪᠠᠶ᠋ᠢᠩᠭᠤᠵᠢᠭᠰᠠᠨ ᠨᠡᠪᠲᠡᠷᠡᠯᠴᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠠᠵᠤ ᠠᠬᠤᠶ᠋ᠢᠯᠠᠯ᠎ᠤᠨ ᠬᠡᠷᠡᠭᠴᠡᠭᠡ ᠵᠢ ᠴᠠᠭ ᠲᠤᠬᠠᠢᠳᠤᠨᠢ ᠣᠶ᠋ᠢᠯᠠᠭ᠋ᠠᠵᠤ᠂ ᠠᠵᠤ ᠠᠬᠤᠶ᠋ᠢᠯᠠᠯ᠎ᠢ ᠬᠠᠪᠰᠤᠷᠤᠨ ᠪᠡᠯᠡ ᠬᠤᠷᠠᠮᠳᠤᠭᠤᠯᠬᠤ᠂ ᠠᠵᠢᠯᠴᠢᠨ ᠬᠡᠷᠡᠭᠯᠡᠬᠦ᠂ ᠲᠦᠭᠦᠬᠡᠢ ᠮᠠᠲ᠋ᠧᠷᠢᠶᠠᠯ᠎ᠤᠨ ᠬᠠᠩᠭ᠋ᠠᠯᠭ᠎ᠠ ᠵᠡᠷᠭᠡ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠵᠦ᠂ ᠠᠵᠤ ᠠᠬᠤᠶ᠋ᠢᠯᠠᠯ᠎ᠤᠨ ᠬᠥᠭᠵᠢᠯᠲᠡ᠎ᠳᠤ ᠰᠠᠶ᠋ᠢᠨ ᠰᠠᠶ᠋ᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠎ᠢ ᠡᠭᠦᠳᠴᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠪᠠᠷᠢᠯᠭ᠎ᠠ ᠵᠢᠨ ᠠᠬᠢᠴᠠ ᠵᠢ ᠲᠦᠷᠭᠡᠳᠬᠡᠵᠦ᠂ ᠶᠠᠰᠤ ᠴᠢᠨᠠᠷ ᠪᠠ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠶ᠋ᠢᠭᠤᠯᠵᠤ᠂ ᠲᠥᠷᠥᠯ ᠵᠦᠢ᠍ᠯ᠎ᠢ ᠴᠠᠭ ᠲᠤᠬᠠᠶ᠎ᠳᠤᠨᠢ ᠠᠰᠢᠭᠯᠠᠯᠲᠠ᠎ᠳᠤ ᠣᠷᠣᠭᠤᠯᠤᠨ ᠡᠵᠡᠩᠨᠡᠬᠦ ᠵᠢ ᠦᠨᠡᠨᠬᠦ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠠᠵᠤ ᠠᠬᠤᠶ᠋ᠢᠯᠠᠯ᠎ᠤᠨ ᠮᠡᠷᠭᠡᠵᠢᠯ ᠪᠠ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠦᠢ᠍ᠯᠡᠳᠬᠦᠨ᠎ᠤ ᠨᠡᠮᠡᠯᠲᠡ ᠦᠷᠳᠡᠭ᠎ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠲᠠᠢ ᠲᠦᠷᠦᠯ ᠲᠡᠮᠳᠡᠭ᠎ᠢ ᠡᠭᠦᠳᠴᠦ᠂ ᠠᠵᠤ ᠠᠬᠤᠶ᠋ᠢᠯᠠᠯ᠎ᠤᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠣᠳᠣᠬᠢᠴᠢᠯᠠᠯᠲᠠ ᠵᠢᠨ ᠴᠢᠭᠯᠡᠯ ᠲᠡᠰᠢ ᠬᠥᠭᠵᠢᠬᠦ ᠵᠢ ᠲᠦᠯᠬᠢᠨ ᠠᠬᠢᠭᠤᠯᠬᠤ ᠬᠡᠷᠡᠭᠲᠡᠶ᠃
ᠰᠢᠶᠠᠨ᠎ᠤ ᠤᠳᠤᠷᠢᠳᠤᠯᠭ᠎ᠠ ᠰᠢᠤᠸᠠᠢ ᠶᠤᠸᠠᠨ᠂ ᠮᠧᠩ ᠯᠧ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ