ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠰᠢᠶᠠᠨ᠎ᠤ ᠳᠡᠳ᠋ ᠳᠠᠷᠤᠭ᠎ᠠ ᠰᠢᠤᠸᠠᠢ ᠶᠤᠸᠠᠨ ᠪᠠᠶᠠᠨᠭᠤᠤᠯ ᠪᠠᠯᠭ᠋ᠠᠰᠤᠨ᠎ᠳᠤ ᠭᠦᠨᠵᠡᠭᠡᠶ᠋ᠢᠷᠡᠨ ᠬᠤᠲᠠ ᠪᠠᠯᠭ᠋ᠠᠰᠤᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ

ᠨᠡᠶ᠋ᠢᠲᠡᠯᠡᠭᠰᠡᠨ ᠴᠠᠭ᠄   2025-11-05

11 ᠰᠠᠷ᠎ᠠ ᠵᠢᠨ 4᠎ᠤ ᠡᠳᠦᠷ᠂ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠰᠢᠶᠠᠨ᠎ᠤ ᠳᠡᠳ᠋ ᠳᠠᠷᠤᠭ᠎ᠠ ᠰᠢᠤᠸᠠᠢ ᠶᠤᠸᠠᠨ ᠪᠠᠶᠠᠨᠭᠤᠤᠯ ᠪᠠᠯᠭ᠋ᠠᠰᠤᠨ᠎ᠳᠤ ᠭᠦᠨᠵᠡᠭᠡᠶ᠋ᠢᠷᠡᠨ ᠬᠤᠲᠠ ᠪᠠᠯᠭ᠋ᠠᠰᠤᠨ᠎ᠤ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ᠃ ᠪᠠᠶᠠᠨᠭᠤᠣᠯ ᠪᠠᠯᠭ᠋ᠠᠰᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠪᠠᠯᠭ᠋ᠠᠰᠤᠨ ᠳᠠᠷᠤᠭ᠎ᠠ ᠸᠧᠢ ᠵᠧᠨ ᠪᠠᠷ᠎ᠠ ᠪᠣᠯᠵᠤ ᠪᠠᠶ᠋ᠢᠴᠠᠭ᠋ᠠᠨ ᠰᠤᠳᠤᠯᠤᠯᠲᠠ ᠬᠢᠪᠡ᠃

ᠰᠢᠤᠸᠠᠢ ᠶᠤᠸᠠᠨ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ᠂ ᠲᠠᠩᠰᠠ ᠡᠪᠬᠡᠮᠡᠯ᠎ᠢ ᠪᠠᠶ᠋ᠢᠴᠠᠭ᠋ᠠᠨ ᠦᠵᠡᠬᠦ᠂ ᠲᠤᠬᠠᠶ ᠵᠢᠨ ᠭᠠᠵᠠᠷ᠎ᠲᠤᠨᠢ ᠰᠣᠯᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠠᠶᠠᠨᠭᠤᠤᠯ ᠪᠠᠯᠭ᠋ᠠᠰᠤᠨ᠎ᠤ ᠬᠤᠲᠠ ᠪᠠᠯᠭ᠋ᠠᠰᠤᠨ᠎ᠤ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠨᠡᠶ᠋ᠢᠭᠡᠮ ᠲᠣᠭᠤᠷᠢᠭ᠎ᠤᠨ ᠰᠦᠯᠵᠢᠶᠡᠨ᠎ᠤ ᠠᠵᠢᠯᠲᠠᠳ᠎ᠲᠠᠢ ᠶᠠᠷᠢᠯᠴᠠᠨ ᠰᠣᠯᠢᠯᠴᠠᠵᠤ᠂ ᠣᠳᠣᠬᠠᠨ᠎ᠤ ᠠᠵᠢᠯ᠎ᠳᠤ ᠣᠷᠣᠰᠢᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠤᠨ ᠲᠤᠬᠠᠶ ᠰᠠᠨᠠᠯ ᠰᠠᠨᠠᠭᠤᠯᠭ᠎ᠠ ᠭᠠᠷᠭ᠋ᠠᠪᠠ᠃

ᠰᠢᠤᠸᠠᠢ ᠶᠤᠸᠠᠨ ᠴᠢᠬᠤᠯᠠᠴᠢᠯᠠᠭᠰᠠᠨ᠎ᠨᠢ᠂ ᠬᠤᠲᠠ ᠪᠠᠯᠭ᠋ᠠᠰᠤᠨ᠎ᠤ ᠪᠥᠲᠥᠭᠡᠨ ᠪᠠᠶ᠋ᠢᠭᠤᠯᠤᠯᠲᠠ ᠬᠢᠭᠡᠳ ᠣᠷᠣᠨ ᠵᠠᠶ ᠵᠢᠨ ᠲᠥᠯᠥᠪᠵᠢᠭᠦᠯᠭᠡ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠴᠢᠳᠠᠮᠵᠢ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠢᠵᠢ ᠪᠥᠷᠢᠳᠦᠭᠦᠯᠬᠦ᠂ ᠣᠷᠴᠢᠨ ᠲᠣᠭᠤᠷᠢᠨ᠎ᠤ ᠡᠷᠡᠭᠦᠯ ᠬᠠᠮᠠᠭ᠋ᠠᠯᠠᠯ᠎ᠢ ᠭᠤᠶᠤᠵᠢᠭᠤᠯᠬᠤ ᠵᠡᠷᠭᠡ ᠠᠵᠢᠯ᠎ᠢ ᠠᠬᠢᠭᠤᠯᠵᠤ᠂ ᠬᠤᠲᠠ ᠪᠠᠯᠭ᠋ᠠᠰᠤᠨ᠎ᠤ ᠴᠢᠳᠠᠮᠵᠢ ᠵᠢᠨ ᠴᠢᠨᠠᠷ ᠴᠢᠨᠰᠠᠭ᠎ᠠ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠪᠠᠶ᠋ᠢᠰᠢᠩ ᠭᠡᠷ᠎ᠤᠨ ᠲᠣᠭᠤᠷᠢᠭ᠎ᠤᠨ ᠦᠨᠳᠦᠰᠦᠨ ᠪᠠᠶ᠋ᠢᠳᠠᠯ᠎ᠢ ᠭᠦᠢ᠍ᠴᠡᠳ ᠪᠠᠶ᠋ᠢᠴᠠᠭ᠋ᠠᠨ ᠰᠤᠳᠤᠯᠵᠤ᠂ ᠲᠣᠳᠣᠷᠬᠠᠢ ᠣᠶ᠋ᠢᠯᠠᠭ᠋ᠠᠵᠤ᠂ ᠤᠰᠤ ᠴᠠᠬᠢᠯᠭ᠋ᠠᠨ ᠵᠠᠮ ᠵᠡᠷᠭᠡ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠠᠷᠠᠳ ᠤᠯᠠᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ᠂ ᠬᠠᠮᠤᠭ᠎ᠤᠨ ᠰᠢᠭᠤᠳ ᠲᠤᠰ ᠪᠡᠶ᠎ᠡ ᠵᠢᠨ ᠠᠰᠢᠭ ᠲᠤᠰᠠ ᠵᠢᠨ ᠠᠰᠠᠭᠤᠳᠠᠯ᠎ᠢ ᠦᠨᠡᠨ ᠬᠦ᠌ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠨᠤᠷᠠᠬᠤ ᠠᠶᠤᠯᠲᠠᠶ ᠬᠡᠷ ᠪᠠᠶ᠋ᠢᠰᠢᠩ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠥᠨᠳᠥᠷ ᠪᠦᠲᠦᠮᠵᠢᠲᠡᠶ᠎ᠪᠠᠷ ᠠᠬᠢᠭᠤᠯᠵᠤ᠂ ᠲᠣᠤᠷ ᠲᠠᠲᠠᠬᠤ ᠮᠠᠶᠢᠭ᠎ᠤᠨ᠂ ᠬᠡᠪᠢᠰ ᠮᠠᠶᠢᠭ᠎ᠤᠨ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠬᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ ᠵᠢ ᠭᠦᠨᠵᠡᠭᠡᠶ ᠨᠠᠷᠢᠨ ᠨᠢᠮᠪᠠᠶ ᠥᠷᠨᠢᠭᠦᠯᠵᠦ᠂ ᠬᠡᠷ ᠪᠠᠶ᠋ᠢᠰᠢᠩ᠎ᠤᠨ ᠠᠮᠤᠷ ᠲᠦᠪᠰᠢᠨ᠎ᠤ ᠪᠠᠶ᠋ᠢᠳᠠᠯ᠎ᠢ ᠬᠥᠳᠡᠯᠦᠩᠭᠦᠶ᠎ᠪᠠᠷ ᠬᠢᠨᠠᠨ ᠬᠡᠮᠵᠢᠵᠦ᠂ ᠰᠠᠭᠤᠷᠢ ᠲᠤᠭ᠎ᠠ᠎ᠨᠢ ᠲᠣᠳᠣᠷᠬᠠᠶ᠂ ᠪᠠᠶ᠋ᠢᠳᠠᠯ᠎ᠨᠢ ᠲᠣᠳᠣᠷᠬᠠᠶ᠂ ᠠᠷᠭ᠎ᠠ ᠬᠡᠮᠵᠢᠶ᠎ᠡ᠎ᠨᠢ ᠪᠣᠳᠠᠲᠠᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠥᠬᠦ ᠲᠠᠯ᠎ᠠ᠎ᠪᠠᠷ ᠪᠠᠬᠢᠵᠢᠭᠦᠯᠬᠦ ᠬᠡᠷᠡᠭᠲᠡᠶ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ