ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

《ᠭᠦᠶ ᠦᠭᠡᠴᠢ · ᠪᠠᠭ᠋ᠠᠴᠤᠳ》 2025 ᠣᠨ ᠪᠣᠯᠬᠤ᠎ᠳᠤ ᠪᠠᠶᠠᠨᠨᠠᠭᠤᠷ ᠬᠤᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠵᠡᠪᠰᠡᠭ᠎ᠤᠨ ᠡᠷᠳᠡᠮ᠎ᠤᠨ ᠢᠵᠢ ᠤᠷᠤᠯᠳᠤᠭ᠋ᠠᠨ ᠳ᠋ᠧᠩᠺᠸᠦ ᠰᠢᠶᠠᠨ᠎ᠳᠤ ᠡᠬᠢᠯᠡᠪᠡ

ᠨᠡᠶ᠋ᠢᠲᠡᠯᠡᠭᠰᠡᠨ ᠴᠠᠭ᠄   2025-11-03

11 ᠰᠠᠷ᠎ᠠ ᠵᠢᠨ 1᠎ᠤ ᠡᠳᠦᠷ᠂ 《ᠭᠦᠶ ᠦᠭᠡᠴᠢ · ᠪᠠᠭ᠋ᠠᠴᠤᠳ》᠎ᠤᠨ 2025 ᠣᠨ᠎ᠤ ᠪᠠᠶᠠᠨᠨᠠᠭᠤᠷ ᠬᠤᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠵᠠᠯᠠᠭᠤᠴᠤᠳ ᠪᠠᠭ᠋ᠠᠴᠤᠳ᠎ᠤᠨ ᠵᠡᠪᠰᠡᠭ᠎ᠤᠨ ᠡᠷᠳᠡᠮ᠎ᠤᠨ ᠢᠵᠢ ᠤᠷᠤᠯᠳᠤᠭ᠋ᠠᠨ ᠳ᠋ᠧᠩᠺᠸᠦ ᠰᠢᠶᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠲᠤ ᠡᠬᠢᠯᠡᠪᠡ᠃ ᠪᠥᠬᠦ ᠬᠤᠲᠠ ᠵᠢᠨ ᠡᠯ᠎ᠡ ᠬᠤᠰᠢᠭᠤ ᠰᠢᠶᠠᠨ ᠲᠣᠭᠤᠷᠢᠭ᠎ᠤᠨ ᠵᠠᠯᠠᠭᠤᠴᠤᠳ ᠪᠠᠭ᠋ᠠᠴᠤᠳ᠎ᠤᠨ ᠵᠡᠪᠰᠡᠭ᠎ᠤᠨ ᠡᠷᠳᠡᠮ᠎ᠤᠨ ᠳᠤᠷ᠎ᠠ ᠪᠠᠭ᠍ᠠᠲᠠᠶ 6 ᠲᠥᠯᠥᠭᠡᠯᠡᠭᠴᠢᠳ᠎ᠤᠨ ᠠᠩᠭᠢ ᠵᠢᠨ 200 ᠰᠢᠬᠠᠮ ᠬᠥᠮᠦᠨ ᠲᠣᠰ ᠤᠳᠠᠭ᠋ᠠᠨ᠎ᠤ ᠤᠷᠤᠯᠳᠤᠭ᠋ᠠᠨ᠎ᠳᠤ ᠣᠷᠣᠯᠴᠠᠪᠠ᠃ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠤᠳᠤᠷᠢᠳᠤᠯᠭ᠎ᠠ᠎ᠳᠤ᠄ ᠪᠠᠶᠠᠨᠨᠠᠭᠤᠷ ᠬᠤᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠲᠠᠩ ᡁᠢ ᠷᠦᠩ᠂ ᠳ᠋ᠧᠩᠺᠸᠦ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠲᠠᠩ ᠳ᠋ᠦᠩ ᠨᠢᠶᠠᠨ᠂ ᠬᠤᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠵᠢᠩ ᠪᠡᠶ᠎ᠡ ᠲᠠᠮᠢᠷ᠎ᠤᠨ ᠰᠠᠯᠠᠭ᠋ᠠᠨ᠎ᠤ ᠳᠠᠷᠤᠭ᠎ᠠ ᠪᠦᠦ ᠯᠢ᠂ ᠳ᠋ᠧᠩᠺᠸᠦ ᠰᠢᠶᠠᠨ᠎ᠤ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠢᠶᠠ ᠰᠢᠨ ᠰᠢᠶᠠ᠂ ᠰᠢᠶᠠᠨ᠎ᠤ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠡᠳ᠋ ᠳᠠᠷᠤᠭ᠎ᠠ ᠸᠠᠩ ᠬᠠᠶ ᠰᠢᠶᠠ᠂ ᠰᠢᠶᠠᠨ᠎ᠤ ᠰᠤᠷᠭ᠋ᠠᠨ ᠬᠥᠮᠦᠵᠢᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠮᠠ ᠢᠦᠶ ᠵᠢᠶᠦ᠋ᠨ ᠪᠣᠯᠤᠨ᠎ᠠ᠃

ᠲᠣᠰ ᠤᠳᠠᠭ᠋ᠠᠨ᠎ᠤ ᠤᠷᠤᠯᠳᠤᠭ᠋ᠠᠨ᠎ᠢ ᠪᠠᠶᠠᠨᠨᠠᠭᠤᠷ ᠬᠤᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠂ ᠪᠠᠶᠠᠨᠨᠠᠭᠤᠷ ᠬᠤᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠂ ᠳ᠋ᠧᠩᠺᠸᠦ ᠰᠢᠶᠠᠨ᠎ᠤ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠳ᠋ᠧᠩᠺᠸᠦ ᠰᠢᠶᠠᠨ᠎ᠤ ᠰᠤᠷᠭ᠋ᠠᠨ ᠬᠥᠮᠦᠵᠢᠯ᠎ᠤᠨ ᠲᠣᠪᠴᠢᠶ᠎ᠠ ᠳᠠᠭ᠋ᠠᠭ᠋ᠠᠴᠢᠯᠠᠨ ᠡᠷᠭᠢᠯᠡᠵᠦ᠂ ᠳ᠋ᠧᠩᠺᠸᠦ ᠰᠢᠶᠠᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠲᠥᠪ᠂ ᠳ᠋ᠧᠩᠺᠸᠦ ᠰᠢᠶᠠᠨ᠎ᠤ ᠦᠱ᠌ᠦ ᠵᠢᠨ ᠨᠡᠶ᠋ᠢᠭᠡᠮᠯᠢᠭ᠂ ᠳ᠋ᠧᠩᠺᠸᠦ ᠰᠢᠶᠠᠨ᠎ᠤ ᠱᠣᠤ ᠯᠢᠨ ᠵᠡᠪᠰᠡᠭ᠎ᠤᠨ ᠡᠷᠳᠡᠮ᠎ᠤᠨ ᠰᠤᠷᠭ᠋ᠠᠭᠤᠯᠢ ᠬᠠᠮᠵᠢᠯᠴᠠᠨ ᠡᠷᠭᠢᠯᠡᠪᠡ᠃

ᠤᠷᠤᠯᠳᠤᠭ᠋ᠠᠨ᠎ᠨᠢ ᠬᠤᠶᠠᠷ ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠤ᠂ ᠤᠯᠠᠮᠵᠢᠯᠠᠯᠲᠤ ᠨᠢᠳᠤᠷᠭ᠎ᠠ᠂ ᠤᠯᠠᠮᠵᠢᠯᠠᠯᠲᠤ ᠪᠠᠭ᠋ᠠᠵᠢ ᠬᠡᠷᠡᠭᠰᠡᠯ᠂ ᠥᠪᠡᠷ ᠵᠶ᠋ᠠᠨ ᠰᠣᠩᠭᠤᠬᠤ ᠲᠦᠷᠦᠯ ᠵᠦᠢ᠍ᠯ᠂ ᠲᠣᠭᠲᠠᠭ᠋ᠠᠭᠰᠠᠨ ᠲᠦᠷᠦᠯ ᠵᠦᠢ᠍ᠯ᠂ ᠪᠣᠯᠪᠠᠰᠤᠷᠠᠯ᠂ ᠬᠠᠮᠲᠤ ᠵᠢᠨ ᠲᠦᠷᠦᠯ ᠵᠦᠢ᠍ᠯ ᠵᠡᠷᠭᠡ ᠤᠯᠠᠨ ᠤᠷᠤᠯᠳᠤᠭ᠋ᠠᠨ᠎ᠤ ᠲᠦᠷᠦᠯ ᠵᠦᠢ᠍ᠯ᠎ᠢ ᠲᠤᠬᠢᠷᠠᠭᠤᠯᠪᠠ᠃ ᠤᠷᠤᠯᠳᠤᠭ᠋ᠠᠨ᠎ᠤ ᠲᠠᠯᠠᠪᠤᠷ᠎ᠲᠤ᠂ ᠲᠠᠮᠢᠷᠴᠢᠳ ᠲᠡᠷᠢ ᠲᠡᠭᠰᠢ ᠪᠣᠯᠪᠠᠰᠤᠷᠠᠵᠤ᠂ ᠴᠤᠭ ᠵᠢᠪᠬᠤᠭ᠎ᠠ ᠪᠠᠳᠠᠷᠠᠩᠭᠤᠶ᠂ ᠬᠥᠳᠡᠯᠵᠦ ᠪᠠᠷᠢᠬᠤ᠎ᠨᠢ ᠡᠭᠦᠯᠡ᠂ ᠤᠷᠲᠤ ᠨᠢᠳᠤᠷᠭ᠎ᠠ᠎ᠨᠢ ᠥᠭᠭᠢᠶᠡᠮᠦᠷ᠂ ᠡᠮᠦᠨᠡᠲᠦ ᠵᠢᠨ ᠨᠢᠳᠤᠷᠭ᠎ᠠ ᠵᠢᠨ ᠠᠯᠬᠤᠭ᠎ᠠ ᠪᠠᠲᠤ ᠴᠢᠩᠭ᠎ᠠ᠂ ᠰᠡᠯᠡᠮ᠎ᠡ ᠵᠢᠨ ᠮᠡᠷᠭᠡᠵᠢᠯ᠎ᠤᠨ ᠬᠥᠩᠭᠡᠨ ᠱᠠᠯᠠᠮᠠᠭ᠋ᠠᠢ᠂ ᠠᠷᠭ᠎ᠠ ᠮᠠᠶᠢᠭ᠎ᠨᠢ ᠪᠠᠭ᠋ᠠᠴᠤᠳ᠎ᠤᠨ ᠴᠤᠭ ᠵᠢᠪᠬᠤᠭ᠎ᠠ ᠵᠢ ᠭᠦᠢ᠍ᠴᠡᠳ ᠢᠯᠡᠷᠡᠭᠦᠯᠪᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ