ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠣᠷᠣᠯᠠᠭᠴᠢ ᠰᠢᠶᠠᠨ᠎ᠤ ᠳᠠᠷᠤᠭ᠎ᠠ ᠵᠠᠩ ᠢᠦᠶ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠳᠤᠯᠠᠭ᠋ᠠᠯᠠᠭ᠎ᠠ ᠵᠢᠨ ᠪᠠᠲᠤᠯᠠᠭ᠎ᠠ ᠵᠢᠴᠢ ᠣᠷᠴᠢᠨ ᠲᠣᠭᠤᠷᠢᠨ᠎ᠤ ᠵᠠᠰᠠᠯᠲᠠ ᠵᠢᠨ ᠭᠤᠤᠯᠳᠠᠯᠭ᠎ᠠ᠎ᠲᠠᠢ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠠ

ᠨᠡᠶ᠋ᠢᠲᠡᠯᠡᠭᠰᠡᠨ ᠴᠠᠭ᠄   2025-12-17

ᠣᠶ᠋ᠢᠷ᠎ᠠ᠎ᠳᠤ᠂ ᠳ᠋ᠧᠩᠺᠸᠦ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠣᠷᠣᠯᠠᠭᠴᠢ ᠰᠢᠶᠠᠨ᠎ᠤ ᠳᠠᠷᠤᠭ᠎ᠠ ᠵᠠᠩ ᠢᠦᠶ ᠬᠤᠲᠠ ᠪᠠᠯᠭ᠋ᠠᠰᠤᠨ᠎ᠤ ᠳᠤᠯᠠᠭ᠋ᠠᠯᠠᠭ᠎ᠠ ᠵᠢᠨ ᠪᠠᠲᠤᠯᠠᠭ᠎ᠠ᠂ ᠬᠤᠭᠤᠯᠠᠨ ᠬᠡᠷ᠎ᠤᠨ ᠬᠤᠭ ᠨᠣᠪᠰᠢ ᠵᠢ ᠳᠠᠮᠵᠢᠭᠤᠯᠤᠨ ᠰᠢᠢ᠍ᠳᠪᠦᠷᠢᠯᠡᠬᠦ ᠵᠢᠴᠢ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠰᠡᠭᠦᠯᠴᠢ ᠵᠢᠨ ᠤᠰᠤᠨ᠎ᠤ ᠬᠥᠮᠦᠨ᠎ᠤ ᠬᠦᠴᠦᠨ᠎ᠤ ᠨᠤᠭᠤ ᠭᠠᠵᠠᠷ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠡᠷᠭᠡ ᠠᠵᠢᠯ᠎ᠢ ᠲᠤᠰᠬᠠᠶ ᠰᠡᠳᠦᠪ ᠵᠶ᠋ᠠᠷ ᠪᠠᠶ᠋ᠢᠴᠠᠭ᠋ᠠᠨ ᠰᠤᠳᠤᠯᠪᠠ᠃

ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ᠂ ᠵᠠᠩ ᠢᠦᠶ ᠰᠢᠶᠠᠨ᠎ᠤ ᠳᠠᠷᠤᠭ᠎ᠠ᠎ᠠᠴᠠ ᠢᠯᠴᠢ ᠬᠠᠩᠭ᠋ᠠᠬᠤ ᠪᠣᠯ ᠣᠯᠠᠨ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ 《ᠰᠡᠳᠬᠢᠯ᠎ᠢ ᠳᠤᠯᠠᠭ᠋ᠠᠴᠠᠭᠤᠯᠬᠤ ᠶᠠᠪᠤᠳᠠᠯ》 ᠮᠥᠨ᠂ ᠠᠭ᠋ᠠᠷ᠎ᠤᠨ ᠳᠤᠯᠠᠭ᠋ᠠᠨ᠎ᠤ ᠬᠤᠪᠢᠷᠠᠯᠲᠠ ᠵᠢ ᠨᠢᠭᠲᠠ ᠠᠩᠬᠠᠷᠴᠤ᠂ ᠢᠯᠴᠢ ᠬᠠᠩᠭ᠋ᠠᠬᠤ ᠳᠤᠯᠠᠭ᠋ᠠᠨ᠎ᠤ ᠬᠡᠮᠵᠢᠶ᠎ᠡ ᠵᠢ ᠣᠨᠣᠪᠴᠢᠲᠠᠶ ᠲᠣᠬᠢᠷᠠᠭᠤᠯᠤᠨ ᠡᠵᠡᠮᠳᠡᠵᠦ᠂ ᠬᠤᠭᠤᠯᠠᠶ ᠵᠢᠨ ᠲᠣᠤᠷ᠎ᠤᠨ ᠪᠠᠶ᠋ᠢᠴᠠᠭ᠋ᠠᠯᠲᠠ ᠵᠢ ᠴᠢᠩᠭ᠋ᠠᠳᠬᠠᠨ᠂ ᠣᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠤᠭᠤᠯᠠᠨ ᠬᠡᠷ᠎ᠤᠨ ᠬᠤᠭ ᠨᠣᠪᠰᠢ ᠵᠢ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠪᠠ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠬᠡᠮᠵᠢᠶ᠎ᠡ ᠵᠢ ᠪᠠᠭ᠋ᠠᠰᠬᠠᠬᠤ᠂ ᠬᠤᠤᠷ ᠦᠭᠡᠶ᠋ᠢᠳᠡᠭᠦᠯᠬᠦ᠂ ᠡᠬᠢ ᠪᠠᠶᠠᠯᠢᠭᠵᠢᠭᠤᠯᠤᠨ ᠰᠢᠢ᠍ᠳᠪᠦᠷᠢᠯᠡᠬᠦ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠦᠯᠡᠳᠡᠭᠳᠡᠯ ᠤᠰᠤ ᠬᠥᠮᠦᠨ᠎ᠤ ᠬᠦᠴᠦ᠎ᠪᠠᠷ ᠨᠤᠭᠤ ᠭᠠᠵᠠᠷ᠎ᠤᠨ ᠲᠥᠷᠥᠯ ᠵᠦᠢ᠍ᠯ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠲᠣᠭᠲᠠᠴᠠ ᠵᠢ ᠪᠦᠷᠢᠨᠰᠢᠬᠦᠯᠦᠨ᠂ ᠨᠤᠭᠤ ᠭᠠᠵᠠᠷ᠎ᠤᠨ ᠠᠮᠢ ᠠᠬᠤᠶ ᠵᠢᠨ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠠᠵᠤ ᠠᠬᠤᠶ᠂ ᠨᠡᠶ᠋ᠢᠭᠡᠮ ᠬᠢᠭᠡᠳ ᠠᠮᠢ ᠠᠬᠤᠶ ᠵᠢᠨ ᠦᠷ᠎ᠡ ᠠᠰᠢᠭ᠎ᠤᠨ ᠬᠠᠷᠢᠯᠴᠠᠨ ᠨᠢᠭᠡᠳᠦᠯᠲᠡᠶ ᠪᠠᠶ᠋ᠢᠬᠤ ᠵᠢ ᠪᠡᠶᠡᠯᠡᠭᠦᠯᠬᠦ ᠬᠡᠷᠡᠭᠲᠡᠶ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ