ᠬᠤ᠌ ᠰᠢᠤᠸᠠᠢ ᠴᠤᠤ ᠵᠧᠵᠢᠶᠠᠩ᠎ᠤᠨ ᠬᠤᠤ ᠵᠧᠨ ᠤᠰᠤᠲᠥ᠋ᠷᠥᠭᠴᠢ ᠵᠢᠨ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠭᠤᠤ ᠱᠦ᠍ ᠨᠡᠷ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-12-22
12 ᠰᠠᠷ᠎ᠠ ᠵᠢᠨ 22᠎ᠤᠨ ᠡᠳᠦᠷ᠂ ᠳ᠋ᠧᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠵᠧᠵᠢᠶᠠᠩ᠎ᠤᠨ ᠬᠤᠤ ᠵᠧᠨ ᠤᠰᠤᠲᠥ᠋ᠷᠥᠭᠴᠢ ᠵᠢᠨ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠭᠤᠤ ᠱᠦ᠍ ᠨᠡᠷ᠎ᠲᠠᠢ ᠠᠭᠤᠯᠵᠠᠵᠤ᠂ ᠬᠤᠶᠠᠷ ᠲᠠᠯ᠎ᠠ᠎ᠪᠠᠷ ᠵᠶ᠋ᠠᠨ ᠰᠠᠯᠬᠢᠨ ᠬᠦᠴᠦᠨ ᠵᠶ᠋ᠠᠷ ᠤᠰᠤᠲᠥ᠋ᠷᠥᠭᠴᠢ ᠦᠢ᠍ᠯᠡᠳᠬᠦ ᠵᠢ ᠨᠢᠭᠡ ᠴᠤᠬ᠍ᠴᠠᠵᠢᠭᠤᠯᠬᠤ ᠵᠢᠴᠢ ᠬᠤᠵᠢᠷ᠎ᠤᠨ ᠴᠢᠨᠠᠷᠲᠠᠢ ᠴᠠᠬᠢᠯᠭ᠋ᠠᠨ ᠵᠠᠳᠠᠯᠤᠯ᠎ᠤᠨ ᠤᠩᠭᠤᠴᠠ ᠦᠢ᠍ᠯᠡᠳᠬᠦ ᠠᠵᠤ ᠦᠢ᠍ᠯᠡᠰ᠎ᠤᠨ ᠬᠠᠮᠲᠤᠷᠠᠯᠴᠠᠭ᠋ᠠᠨ᠎ᠤ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃

ᠬᠤ᠌ ᠰᠢᠤᠸᠠᠢ ᠴᠤᠤ ᠭᠤᠤ ᠱᠦ᠍ ᠨᠠᠷ᠎ᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠬᠦ ᠵᠢᠨ ᠬᠠᠮᠲᠤ ᠳ᠋ᠧᠩᠺᠸᠤ ᠰᠢᠶᠠᠨ᠎ᠤ ᠡᠬᠢ ᠪᠠᠶᠠᠯᠢᠭ᠎ᠤᠨ ᠳᠠᠪᠠᠭᠤᠯᠢᠭ ᠵᠢᠴᠢ ᠡᠨᠧᠷᠭᠢ ᠬᠠᠳᠠᠭ᠋ᠠᠯᠠᠬᠤ᠂ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠶ᠋ᠢᠳᠠᠯ ᠪᠣᠯᠤᠨ ᠢᠷᠡᠭᠡᠳᠦᠢ ᠵᠢᠨ ᠲᠥᠯᠥᠪᠵᠢᠭᠦᠯᠭᠡ ᠵᠢ ᠲᠠᠨᠢᠯᠴᠠᠭᠤᠯᠪᠠ᠃ ᠲᠡᠷᠡ᠂ ᠳ᠋ᠧᠩᠺᠸᠤ ᠰᠢᠶᠠᠨ᠎ᠤ ᠰᠠᠯᠬᠢ ᠭᠡᠷᠡᠯ᠎ᠤᠨ ᠡᠬᠢ ᠪᠠᠶᠠᠯᠢᠭ ᠡᠯᠪᠡᠭ ᠪᠠᠶᠠᠯᠢᠭ᠂ ᠣᠳᠣᠬᠠᠨ᠎ᠳᠤ ᠶᠠᠭ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢᠨ ᠲᠣᠭᠤᠷᠢᠨ᠎ᠳᠤ᠂ 《ᠬᠤᠣᠰ ᠨᠡᠭᠦᠷᠡᠰᠦᠲᠥ᠋ᠷᠥᠭᠴᠢ》 ᠵᠢᠨ ᠪᠠᠶ᠋ᠢᠯᠳᠤᠬᠤ ᠪᠤᠳᠤᠯᠭ᠎ᠠ ᠵᠢᠨ ᠠᠵᠠ ᠲᠣᠬᠢᠶᠠᠯ᠎ᠢ ᠢᠳᠡᠪᠬᠢᠲᠡᠢ ᠠᠳᠬᠤᠵᠤ᠂ ᠪᠣᠬᠢᠷᠲᠤᠯ ᠦᠭᠡᠢ ᠡᠨᠧᠷᠭᠢ ᠵᠢᠨ ᠠᠵᠤ ᠦᠢ᠍ᠯᠡᠰ᠎ᠢ ᠪᠤᠶ᠋ᠢᠵᠢᠭᠤᠯᠤᠨ ᠬᠥᠭᠵᠢᠭᠦᠯᠬᠦ᠎ᠪᠠᠷ ᠴᠢᠷᠮᠠᠶ᠋ᠢᠵᠤ᠂ ᠤᠰᠤᠲᠥ᠋ᠷᠥᠭᠴᠢ ᠡᠨᠧᠷᠭᠢ᠎ᠨᠢ ᠢᠷᠡᠭᠡᠳᠦᠢ ᠵᠢᠨ ᠤᠯᠤᠰ᠎ᠤᠨ ᠡᠨᠧᠷᠭᠢ ᠵᠢᠨ ᠰᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠬᠥᠭᠵᠢᠯᠲᠡ ᠵᠢᠨ ᠢᠷᠡᠭᠡᠳᠦᠢ ᠥᠷᠭᠡᠨ ᠠᠭᠤᠳᠠᠮ ᠪᠠᠶ᠋ᠢᠨ᠎ᠠ᠃
ᠭᠤᠤ ᠱᠦ᠋ ᠺᠣᠮᠫᠠᠨᠢ ᠵᠢᠨ ᠦᠨᠳᠦᠰᠦᠨ ᠪᠠᠶ᠋ᠢᠳᠠᠯ᠂ ᠭᠤᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ ᠵᠢᠴᠢ ᠤᠰᠤᠲᠥ᠋ᠷᠥᠭᠴᠢ ᠡᠨᠧᠷᠭᠢ ᠵᠢᠨ ᠪᠡᠯᠡᠳᠬᠡᠯ᠂ ᠬᠡᠷᠡᠭᠯᠡᠯᠲᠡ ᠵᠡᠷᠭᠡ ᠬᠦᠷᠢᠶᠡᠨ᠎ᠳᠠᠬᠢ ᠦᠢ᠍ᠯᠡᠳᠦᠯᠭᠡ ᠪᠣᠯᠤᠨ ᠲᠥᠯᠥᠪᠵᠢᠭᠦᠯᠭᠡ ᠵᠢ ᠲᠠᠨᠢᠯᠴᠠᠭᠤᠯᠪᠠ᠃ ᠲᠡᠷᠡ᠂ ᠳ᠋ᠧᠩᠺᠸᠤ ᠰᠢᠶᠠᠨ᠎ᠤ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ᠎ᠲᠠᠢ᠂ ᠺᠣᠮᠫᠠᠨᠢ ᠵᠢᠨ ᠠᠵᠤ ᠦᠢ᠍ᠯᠡᠰ᠎ᠤᠨ ᠲᠥᠯᠥᠪᠵᠢᠭᠦᠯᠭᠡ᠎ᠳᠤ ᠳᠡᠭᠡᠳᠦ ᠬᠡᠮᠵᠢᠶ᠎ᠡ᠎ᠪᠠᠷ ᠵᠣᠬᠢᠴᠠᠵᠤ᠂ ᠰᠠᠯᠬᠢ ᠭᠡᠷᠡᠯ ᠤᠰᠤᠲᠥ᠋ᠷᠥᠭᠴᠢ ᠵᠢ ᠦᠢ᠍ᠯᠡᠳᠬᠦ ᠵᠢ ᠨᠢᠭᠡ ᠴᠤᠭᠴᠠᠵᠢᠭᠤᠯᠬᠤ᠂ ᠤᠰᠤᠲᠥ᠋ᠷᠥᠭᠴᠢ ᠡᠨᠧᠷᠭᠢ ᠵᠢᠨ ᠬᠡᠷᠡᠭᠯᠡᠭᠡᠨ᠎ᠤ ᠲᠠᠯᠠᠪᠠᠢ ᠵᠢ ᠨᠡᠭᠡᠭᠡᠨ ᠬᠥᠭᠵᠢᠭᠦᠯᠬᠦ᠂ ᠲᠣᠨᠣᠭᠯᠠᠯ ᠦᠢ᠍ᠯᠡᠳᠬᠦ ᠵᠡᠷᠭᠡ ᠬᠦᠷᠢᠶᠡᠨ᠎ᠳᠤ ᠬᠠᠮᠲᠤᠷᠠᠯᠴᠠᠭ᠎ᠠ ᠥᠷᠨᠢᠭᠦᠯᠬᠦ ᠵᠢ ᠬᠦᠰᠡᠵᠦ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ᠂ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠨᠢ ᠣᠷᠣᠨ ᠨᠤᠲᠤᠭ᠎ᠤᠨ ᠠᠵᠤ ᠠᠬᠤᠢ ᠵᠢᠨ ᠪᠦᠲᠦᠴᠡ ᠵᠢ ᠰᠢᠯᠢᠳᠡᠭᠵᠢᠭᠦᠯᠬᠦ᠂ ᠡᠨᠧᠷᠭᠢ ᠵᠢᠨ ᠪᠦᠲᠦᠴᠡ ᠵᠢᠨ ᠲᠤᠬᠢᠷᠠᠭᠤᠯᠤᠯᠳᠠ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠲᠤᠰ ᠤᠳᠠᠭ᠎ᠠ ᠵᠢᠨ ᠠᠭᠤᠯᠵᠠᠯᠲᠠ᠎ᠪᠠᠷ ᠠᠵᠠ ᠲᠣᠬᠢᠶᠠᠯ ᠪᠣᠯᠭ᠋ᠠᠵᠤ᠂ ᠤᠯᠤᠯᠴᠠᠭ᠎ᠠ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠣᠶ᠋ᠢᠯᠠᠭ᠋ᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠰᠤᠲᠥ᠋ᠷᠥᠭᠴᠢ ᠡᠨᠧᠷᠭᠢ ᠵᠢᠨ ᠬᠦᠷᠢᠶᠡᠨ᠎ᠳᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠪᠦᠲᠦᠮᠵᠢᠲᠡᠢ ᠠᠷᠭ᠎ᠠ ᠵᠠᠮ᠎ᠢ ᠬᠠᠮᠲᠤ᠎ᠪᠠᠷ ᠰᠦᠪᠡᠭᠴᠢᠯᠡᠵᠦ᠂ ᠡᠷᠲᠡᠬᠡᠨ ᠬᠠᠮᠲᠤᠷᠠᠯᠴᠠᠭ᠋ᠠᠨ᠎ᠤ ᠦᠷ᠎ᠡ ᠪᠦᠲᠦᠭᠡᠯ ᠭᠠᠷᠭ᠋ᠠᠬᠤ᠎ᠪᠠᠷ ᠴᠢᠷᠮᠠᠶ᠋ᠢᠵᠤ᠂ ᠳ᠋ᠧᠩᠺᠸᠤ ᠰᠢᠶᠠᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠪᠣᠬᠢᠷᠲᠤᠯ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠢᠶᠠᠨ᠎ᠤ ᠪᠡᠯᠡ ᠣᠷᠣᠭᠤᠯᠤᠯᠲᠠ ᠵᠢ ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ