ᠳ᠋ᠧᠩᠺᠸᠤ ᠰᠢᠶᠠᠨ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤᠨ᠎ᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-12-24
12 ᠰᠠᠷ᠎ᠠ ᠵᠢᠨ 23᠎ᠤ ᠡᠳᠦᠷ᠂ ᠳ᠋ᠧᠩᠺᠸᠤ ᠰᠢᠶᠠᠨ 12345 ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢᠨ ᠠᠵᠢᠯ᠎ᠢ ᠠᠬᠢᠭᠤᠯᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠬᠤᠷᠠᠯ᠎ᠳᠤ ᠣᠷᠣᠯᠴᠠᠵᠤ᠂ ᠤᠯᠤᠰ ᠲᠦᠷᠦ ᠵᠢᠨ ᠲᠣᠭ᠋ᠠᠨ᠎ᠤ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠲᠤᠪᠴᠢᠶ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠲᠤᠪᠴᠢᠶ᠎ᠠ ᠵᠢᠴᠢ ᠰᠤᠮᠤ ᠪᠠᠯᠭ᠋ᠠᠰᠤᠨ᠎ᠤ ᠲᠠᠷᠢᠶᠠᠯᠠᠩ᠎ᠤᠨ ᠲᠠᠯᠠᠪᠠᠢ᠂ ᠬᠤᠳᠠ ᠵᠢᠨ ᠪᠡᠯᠡ ᠣᠷᠣᠭᠤᠯᠤᠯᠲᠠ ᠵᠢᠨ ᠺᠣᠮᠫᠠᠨᠢ ᠵᠡᠷᠭᠡ ᠬᠠᠮᠢᠶ᠎ᠠ ᠪᠦᠬᠦᠢ ᠳᠠᠭ᠋ᠠᠭ᠋ᠠᠨ ᠡᠷᠬᠢᠯᠡᠬᠦ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ᠂ ᠤᠯᠤᠰ ᠲᠥᠷᠥ ᠵᠢᠨ ᠲᠣᠭ᠋ᠠᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠶᠠᠩ ᠶᠦᠩ ᠪᠥᠬᠦ ᠰᠢᠶᠠᠨ᠎ᠤ 12345 ᠬᠠᠯᠠᠮᠰᠢᠯ ᠤᠲᠠᠰᠤ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠢ ᠮᠡᠳᠡᠭᠳᠡᠵᠦ᠂ ᠬᠤᠭᠤᠴᠠᠭ᠎ᠠ᠎ᠠᠴᠠ ᠬᠡᠲᠦᠷᠡᠭᠰᠡᠨ ᠪᠠ ᠰᠢᠢ᠍ᠳᠪᠦᠷᠢᠯᠡᠵᠦ ᠳᠠᠭᠤᠰᠬᠠᠭ᠋ᠠᠳᠤᠢ᠂ ᠰᠢᠢ᠍ᠳᠪᠦᠷᠢᠯᠡᠬᠦ ᠶᠠᠪᠤᠴᠠ᠎ᠨᠢ ᠶᠠᠷᠰᠢᠭᠲᠠᠢ᠂ ᠬᠠᠷᠢᠯᠴᠠᠨ ᠲᠦᠯᠬᠢᠯᠴᠡᠬᠦ ᠵᠡᠷᠭᠡ ᠲᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠬᠤᠷᠠᠯ᠎ᠳᠤ ᠣᠷᠣᠯᠴᠠᠭᠰᠠᠨ ᠡᠯ᠎ᠡ ᠨᠢᠭᠡᠴᠡ ᠲᠥᠪᠯᠡᠷᠡᠭᠦᠯᠦᠨ ᠰᠤᠳᠤᠯᠤᠨ ᠮᠠᠭ᠋ᠠᠳᠯᠠᠵᠤ᠂ ᠳᠠᠭ᠋ᠠᠭ᠋ᠠᠨ ᠭᠦᠢ᠍ᠴᠡᠳᠬᠡᠬᠦ ᠭᠤᠣᠯ ᠴᠣᠭᠴᠠ ᠬᠢᠭᠡᠳ ᠭᠦᠢ᠍ᠴᠡᠳᠬᠡᠵᠦ ᠳᠠᠭᠤᠰᠬᠠᠬᠤ ᠴᠠᠭ᠎ᠤᠨ ᠬᠢᠵᠠᠭ᠋ᠠᠷ᠎ᠢ ᠬᠠᠭᠤᠳᠠᠰᠤ ᠳᠠᠷᠠᠭ᠋ᠠᠯᠠᠨ ᠲᠣᠳᠣᠷᠬᠠᠶ᠋ᠢᠯᠠᠵᠤ᠂ ᠠᠵᠢᠯ᠎ᠤᠨ ᠬᠠᠭᠤᠳᠠᠰᠤ ᠵᠢ ᠲᠣᠭᠲᠠᠭᠰᠠᠨ ᠬᠤᠭᠤᠴᠠᠭ᠋ᠠᠨ᠎ᠳᠤ ᠦᠭᠡᠢ ᠪᠣᠯᠭ᠋ᠠᠬᠤ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠪᠠ᠃ ᠬᠤᠷᠠᠯ᠎ᠠᠴᠠ᠂ ᠡᠯ᠎ᠡ ᠬᠤᠯᠪᠣᠭᠳᠠᠯ ᠪᠦᠬᠦᠢ ᠨᠢᠭᠡᠴᠡ ᠵᠢᠨ᠎ᠬᠢᠨ ᠬᠠᠯᠠᠮᠰᠢᠯ ᠤᠲᠠᠰᠤ ᠵᠢ ᠰᠢᠢ᠍ᠳᠪᠦᠷᠢᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠤᠣᠯᠳᠠᠯᠭ᠎ᠠ᠎ᠲᠠᠢ ᠬᠦᠴᠢᠷ ᠲᠦᠪᠡᠭᠲᠡᠢ ᠠᠵᠢᠯ᠎ᠤᠨ ᠬᠠᠭᠤᠳᠠᠰᠤ ᠵᠢ ᠰᠢᠢ᠍ᠳᠪᠦᠷᠢᠯᠡᠬᠦ ᠵᠢ ᠲᠦᠷᠭᠡᠳᠬᠡᠨ ᠠᠬᠢᠭᠤᠯᠵᠤ᠂ ᠪᠦᠬᠦ ᠶᠠᠪᠤᠴᠠ ᠵᠢ ᠮᠥᠷᠳᠡᠨ ᠱᠠᠯᠠᠪᠳᠠᠭᠤᠯᠤᠨ ᠭᠦᠢ᠍ᠴᠡᠳᠬᠡᠬᠦ ᠵᠢ ᠪᠣᠳᠠᠲᠠᠢ ᠨᠠᠷᠢᠯᠢᠭ ᠬᠢᠵᠦ᠂ ᠰᠢᠢ᠍ᠳᠪᠦᠷᠢᠯᠡᠬᠦ ᠶᠠᠪᠤᠴᠠ ᠵᠢ ᠦᠷᠭᠦᠯᠵᠢᠯᠡᠨ ᠰᠢᠯᠢᠳᠡᠭᠵᠢᠭᠦᠯᠵᠦ᠂ ᠳᠠᠭ᠋ᠠᠬᠤ ᠬᠤᠷᠳᠤᠴᠠ ᠵᠢ ᠳᠡᠭᠡᠭᠰᠢᠯᠡᠭᠦᠯᠵᠦ᠂ ᠬᠠᠯᠠᠮᠰᠢᠯ ᠤᠲᠠᠰᠤ ᠵᠢ ᠦᠨᠡᠨᠬᠦ ᠠᠷᠠᠳ᠎ᠤᠨ ᠵᠣᠪᠠᠨᠢᠯ᠎ᠢ ᠰᠢᠢ᠍ᠳᠪᠦᠷᠢᠯᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠲᠦᠷᠭᠡᠨ ᠵᠠᠮ ᠪᠣᠯᠭ᠋ᠠᠬᠤ ᠬᠡᠷᠡᠭᠲᠡᠢ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ