ᠳ᠋ᠧᠩᠺᠸᠤ ᠰᠢᠶᠠᠨ᠎ᠤ ᠡᠪᠦᠯ᠎ᠤᠨ ᠤᠯᠠᠷᠢᠯ᠎ᠤᠨ ᠵᠤᠭ᠋ᠠᠴᠠᠯ ᠵᠢᠴᠢ ᠶᠢᠰᠦᠳᠦᠭᠡᠷ ᠬᠤᠭᠤᠴᠠᠭ᠋ᠠᠨ᠎ᠤ ᠰᠠᠨ ᠱᠧᠩ ᠬᠦᠩ ᠰᠦᠩ ᠬᠠᠯᠢᠶ᠎ᠠ ᠵᠢ ᠦᠵᠡᠬᠦ ᠰᠢᠷᠢᠰ ᠠᠵᠢᠯᠯᠠᠭ᠎ᠠ ᠡᠬᠢᠯᠡᠪᠡ
ᠨᠡᠶ᠋ᠢᠲᠡᠯᠡᠭᠰᠡᠨ ᠴᠠᠭ᠄ 2025-12-24
12 ᠰᠠᠷ᠎ᠠ ᠵᠢᠨ 24᠎ᠤ ᠡᠳᠦᠷ᠂ ᠳ᠋ᠧᠩᠺᠸᠤ ᠰᠢᠶᠠᠨ᠎ᠤ ᠡᠪᠦᠯ᠎ᠤᠨ ᠤᠯᠠᠷᠢᠯ᠎ᠤᠨ ᠵᠢᠭᠤᠯᠴᠢᠯᠠᠯ ᠵᠢᠴᠢ ᠶᠢᠰᠦᠳᠦᠭᠡᠷ ᠬᠤᠭᠤᠴᠠᠭ᠋ᠠᠨ᠎ᠤ ᠰᠠᠨ ᠱᠧᠩ ᠭᠦᠩ᠎ᠠᠴᠠ ᠰᠦᠩ ᠬᠠᠯᠢᠶ᠎ᠠ ᠵᠢ ᠠᠵᠢᠭᠯᠠᠬᠤ ᠰᠢᠷᠢᠰ ᠠᠵᠢᠯᠯᠠᠭ᠎ᠠ ᠬᠠᠳᠤᠨ ᠭᠤᠣᠯ᠎ᠤᠨ ᠰᠠᠨ ᠱᠧᠩ ᠭᠦᠩ ᠦᠵᠡᠮᠵᠢ ᠵᠢᠨ ᠣᠷᠣᠨ᠎ᠳᠤ ᠶᠠᠪᠤᠭᠳᠠᠪᠠ᠃

ᠡᠬᠢᠯᠡᠯᠲᠡ ᠵᠢᠨ ᠶᠣᠰᠣᠯᠠᠯ ᠳᠡᠭᠡᠷ᠎ᠡ᠂ ᠳ᠋ᠧᠩᠺᠸᠤ ᠰᠢᠶᠠᠨ᠎ᠤ ᠥᠨᠳᠥᠷ ᠬᠤᠷᠳᠤᠴᠠᠲᠤ ᠲᠡᠮᠦᠷ ᠵᠠᠮ᠎ᠤᠨ 《ᠠᠤᠭ᠎ᠠ ᠬᠦᠰᠢᠶ᠎ᠠ》 ᠬᠤᠪᠢᠰᠬᠠᠯ᠎ᠤᠨ ᠤᠯᠠ ᠮᠥᠷ ᠡᠷᠢᠬᠦ ᠵᠤᠭ᠋ᠠᠴᠠᠯ᠎ᠤᠨ ᠱᠤᠭᠤᠮ᠎ᠢ ᠨᠡᠶ᠋ᠢᠲᠡᠯᠡᠵᠦ᠂ ᠵᠤᠭ᠋ᠠᠴᠠᠭᠰᠠᠳ᠎ᠤᠨ ᠬᠤᠪᠢᠰᠬᠠᠯ᠎ᠤᠨ ᠰᠣᠶᠣᠯ ᠵᠤᠭ᠋ᠠᠴᠠᠯ᠎ᠤᠨ ᠰᠢᠨ᠎ᠡ ᠥᠩᠭᠡᠷᠡᠯᠲᠡ ᠵᠢ ᠡᠬᠢᠯᠡᠭᠦᠯᠵᠡᠢ᠃ ᠤᠤᠯ᠎ᠤᠨ ᠥᠪᠥᠷ ᠮᠣᠩᠭᠤᠯ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠠᠬᠠᠮᠠᠳ ᠴᠡᠷᠢᠭ᠎ᠤᠳ ᠳ᠋ᠧᠩᠺᠸᠤ ᠰᠢᠶᠠᠨ᠎ᠤ ᠰᠠᠨ ᠪᠧᠢ ᠵᠢᠨ ᠡᠯᠡᠰᠦ ᠵᠢ ᠵᠠᠰᠠᠬᠤ ᠵᠠᠯᠠᠭᠤᠴᠤᠳ᠎ᠤᠨ ᠭᠠᠪᠰᠢᠭ᠋ᠠᠢ ᠠᠩᠬᠢ ᠵᠢᠨ ᠲᠥᠯᠥᠭᠡᠯᠡᠭᠴᠢᠳ᠎ᠲᠤ ᠲᠤᠭ ᠣᠯᠭᠤᠵᠤ᠂ ᠡᠯᠡᠰᠦ ᠵᠢ ᠵᠠᠰᠠᠬᠤ ᠵᠣᠷᠢᠭ ᠰᠠᠨᠠᠭ᠎ᠠ ᠪᠣᠯᠤᠨ ᠲᠡᠮᠡᠴᠡᠯ᠎ᠤᠨ ᠬᠦᠴᠦᠨ᠎ᠢ ᠳᠠᠮᠵᠢᠭᠤᠯᠵᠠᠢ᠃ ᠡᠪᠦᠯ᠎ᠤᠨ ᠤᠯᠠᠷᠢᠯ᠎ᠤᠨ ᠰᠣᠨᠢᠷᠬᠠᠯᠲᠤ ᠲᠠᠮᠢᠷ᠎ᠤᠨ ᠤᠷᠤᠯᠳᠤᠭ᠋ᠠᠨ᠂ ᠢᠳᠡᠷᠡᠭᠦᠨ ᠠᠯᠬᠤᠭ᠎ᠠ᠎ᠪᠠᠷ ᠬᠠᠯᠢᠶ᠎ᠠ ᠵᠢ ᠰᠣᠨᠢᠷᠬᠠᠬᠤ᠂ ᠰᠣᠶᠣᠯ᠎ᠢ ᠪᠡᠶᠡᠴᠢᠯᠡᠨ ᠣᠶ᠋ᠢᠯᠠᠭ᠋ᠠᠬᠤ᠂ ᠤᠨᠴᠠᠯᠢᠬᠳᠤ ᠠᠮᠲᠠᠲᠤ ᠢᠳᠡᠭᠡᠨ᠎ᠤ ᠦᠵᠡᠰᠬᠦᠯᠡᠩ᠂ 《ᠭᠠᠲᠤᠯᠬᠤ · ᠮᠤᠨᠢ ᠠᠭᠤᠯᠠ》 ᠥᠪᠡᠷ ᠵᠶ᠋ᠠᠨ ᠲᠡᠷᠭᠡ ᠵᠢᠯᠣᠭᠤᠳᠬᠤ ᠵᠡᠷᠭᠡ ᠪᠠᠶᠠᠯᠢᠭ ᠰᠠᠶ᠋ᠢᠬᠠᠨ ᠠᠵᠢᠯᠯᠠᠭ᠎ᠠ ᠵᠢ ᠵᠡᠷᠭᠡ᠎ᠪᠡᠷ ᠥᠷᠨᠢᠭᠦᠯᠵᠦ᠂ ᠲᠤᠬᠠᠢ ᠵᠢᠨ ᠲᠠᠯᠠᠪᠠᠢ ᠵᠢᠨ ᠬᠤᠳᠠ ᠵᠢᠨ ᠠᠷᠠᠳ᠎ᠤᠨ ᠵᠤᠭ᠋ᠠᠴᠠᠭᠰᠠᠳ᠎ᠲᠤ ᠤᠯᠠᠨ ᠡᠰᠢᠲᠦ ᠡᠪᠦᠯ᠎ᠤᠨ ᠤᠯᠠᠷᠢᠯ᠎ᠤᠨ ᠵᠤᠭ᠋ᠠᠴᠠᠯ᠎ᠤᠨ ᠰᠣᠩᠭᠤᠯᠲᠠ ᠵᠢ ᠬᠠᠩᠭ᠋ᠠᠵᠠᠢ᠃

《ᠤᠳᠤ ᠵᠢᠨ ᠳ᠋ᠧᠩᠺᠸᠤ ᠰᠢᠶᠠᠨ᠎ᠤ ᠠᠮᠢ ᠠᠬᠤᠢ ᠵᠢᠨ ᠣᠷᠴᠢᠨ ᠲᠣᠭᠤᠷᠢᠨ ᠤᠯᠠᠮ᠎ᠠᠴᠠ ᠤᠯᠠᠮ ᠰᠠᠶ᠋ᠢᠵᠢᠷᠠᠵᠤ᠂ ᠬᠠᠯᠢᠶ᠎ᠠ ᠦᠵᠡᠮᠵᠢ ᠵᠢᠯ ᠪᠦᠷᠢ ᠡᠶ᠋ᠢᠮᠦ ᠤᠯᠠᠨ ᠬᠥᠮᠦᠰ᠎ᠢ ᠲᠠᠲᠠᠵᠤ᠂ ᠮᠢᠨᠦ ᠰᠡᠳᠬᠢᠯ᠎ᠳᠤ ᠮᠠᠰᠢ ᠣᠮᠣᠭᠰᠢᠵᠤ ᠪᠠᠶ᠋ᠢᠨ᠎ᠠ᠃ ᠲᠤᠬᠠᠢ ᠵᠢᠨ ᠵᠢᠯ᠎ᠳᠤ ᠪᠢᠳᠡ ᠠᠳᠡ ᠴᠢᠷᠮᠠᠶ᠋ᠢᠨ ᠲᠡᠮᠡᠴᠡᠵᠦ ᠪᠠᠶ᠋ᠢᠭ᠎ᠠ᠎ᠨᠢ ᠳᠠᠷᠤᠢ ᠨᠤᠲᠤᠭ ᠣᠷᠣᠨ ᠡᠳᠦᠷ᠎ᠠᠴᠠ ᠡᠳᠦᠷ ᠥᠭᠡᠳᠡᠯᠡᠨ ᠬᠥᠭᠵᠢᠵᠦ ᠴᠡᠴᠡᠭᠯᠡᠨ ᠬᠥᠭᠵᠢᠬᠦ ᠵᠢ ᠬᠦᠰᠡᠵᠦ ᠪᠠᠶ᠋ᠢᠭ᠎ᠠ ᠶᠠᠪᠤᠳᠠᠯ ᠪᠣᠯᠤᠨ᠎ᠠ᠃ ᠥᠨᠥᠳᠦᠷ᠂ ᠵᠠᠯᠠᠭᠤᠴᠤᠳ᠎ᠤᠨ ᠭᠠᠪᠰᠢᠭ᠋ᠠᠢ ᠠᠩᠬᠢ ᠵᠢᠨ ᠮᠠᠨ᠎ᠤ ᠲᠤᠭ᠎ᠢ ᠬᠦᠯᠢᠶᠡᠨ ᠠᠪᠴᠤ᠂ ᠦᠷᠭᠦᠯᠵᠢᠯᠡᠨ ᠡᠨᠡ ᠬᠦ᠌ ᠬᠠᠯᠠᠭᠤᠨ ᠬᠥᠷᠥᠰᠥ ᠵᠢ ᠰᠠᠬᠢᠨ ᠬᠠᠮᠠᠭ᠋ᠠᠯᠠᠵᠤ᠂ ᠮᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ ᠮᠠᠰᠢ ᠪᠠᠶᠠᠷᠯᠠᠵᠤ ᠪᠠᠶ᠋ᠢᠨ᠎ᠠ》 ᠭᠡᠵᠦ ᠬᠡᠯᠡᠪᠡ᠃ ᠤᠤᠯ᠎ᠤᠨ ᠥᠪᠥᠷ ᠮᠣᠩᠭᠣᠯ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠭᠤᠷᠪᠠᠳᠤᠭ᠋ᠠᠷ ᠳ᠋ᠢᠸᠢᠽᠢ ᠵᠢᠨ ᠬᠣᠷᠢᠨ ᠵᠢᠷᠭᠤᠳᠤᠭ᠋ᠠᠷ ᠬᠣᠷᠢᠶᠠᠨ᠎ᠤ ᠪᠠᠶ᠋ᠢᠯᠳᠤᠭᠴᠢ ᠯᠢ ᠸᠡᠢ ᠢ᠃

ᠣᠶ᠋ᠢᠯᠠᠭ᠋ᠠᠭᠰᠠᠨ ᠵᠶ᠋ᠠᠷ᠂ ᠳ᠋ᠧᠩᠺᠸᠤ ᠰᠢᠶᠠᠨ᠎ᠤ ᠡᠪᠦᠯ᠎ᠤᠨ ᠤᠯᠠᠷᠢᠯ᠎ᠤᠨ ᠵᠢᠭᠤᠯᠴᠢᠯᠠᠯ ᠵᠢᠴᠢ ᠶᠢᠰᠦᠳᠦᠭᠡᠷ ᠬᠤᠭᠤᠴᠠᠭ᠋ᠠᠨ᠎ᠤ ᠰᠠᠨ ᠱᠧᠩ ᠭᠦᠩ᠎ᠠᠴᠠ ᠬᠠᠯᠢᠶ᠎ᠠ ᠵᠢ ᠠᠵᠢᠭᠯᠠᠬᠤ ᠰᠢᠷᠢᠰ ᠠᠵᠢᠯᠯᠠᠭ᠎ᠠ᠎ᠨᠢ 2025 ᠣᠨ᠎ᠤ 12 ᠰᠠᠷ᠎ᠠ ᠵᠢᠨ 24᠎ᠤ ᠡᠳᠦᠷ᠎ᠠᠴᠠ 2026 ᠣᠨ᠎ᠤ 3 ᠰᠠᠷ᠎ᠠ ᠵᠢᠨ 15᠎ᠤ ᠡᠳᠦᠷ ᠪᠣᠯᠲᠠᠯ᠎ᠠ ᠭᠤᠷᠪᠠᠨ ᠰᠠᠷ᠎ᠠ ᠭᠠᠷᠤᠶ ᠦᠷᠭᠦᠯᠵᠢᠯᠡᠪᠡ᠃ ᠲᠤᠬᠠᠢ ᠵᠢᠨ ᠦᠶ᠎ᠡ᠎ᠳᠤ 《ᠭᠤᠣᠯ᠎ᠤᠨ ᠬᠥᠪᠡᠭᠡᠨ᠎ᠳᠠᠬᠢ ᠴᠢᠶᠠᠨ ᠶᠢᠦ》 ᠵᠢᠨ ᠰᠦᠩ ᠬᠠᠯᠢᠶ᠎ᠠ ᠵᠢ ᠰᠣᠨᠢᠷᠬᠠᠬᠤ᠂ 《ᠡᠭᠦᠯᠡᠨ ᠪᠣᠳᠣᠯᠲᠠ ᠵᠢ ᠬᠠᠷᠠᠬᠤ ᠰᠦᠩ》 ᠰᠦᠯᠵᠢᠶ᠎ᠡ ᠵᠢᠨ ᠬᠥᠮᠥᠰ᠎ᠤᠨ ᠰᠢᠭᠤᠳ ᠨᠡᠪᠲᠡᠷᠡᠭᠦᠯᠭᠡ᠂ 《ᠵᠢᠩ ᠶᠢᠩ ᠳᠡ ᠭᠤᠣᠯ》᠎ᠤᠨ ᠭᠡᠷᠡᠯ ᠵᠢᠷᠤᠭ᠂ 《ᠳ᠋ᠠ ᠾᠧ ᠭᠤᠣᠯ᠎ᠤᠨ ᠡᠪᠦᠯ᠎ᠤᠨ ᠡᠭᠡᠰᠢᠭ ᠮᠥᠰᠥ ᠲᠡᠰᠢᠯᠲᠡ ᠵᠢᠨ ᠠᠵᠢᠯᠯᠠᠭ᠎ᠠ》 ᠵᠡᠷᠭᠡ ᠡᠯ᠎ᠡ ᠵᠦᠢ᠍ᠯ᠎ᠤᠨ ᠭᠤᠶ᠋ᠢᠳᠠ ᠰᠠᠶ᠋ᠢᠬᠠᠨ ᠠᠵᠢᠯᠯᠠᠭ᠎ᠠ ᠵᠢ ᠥᠷᠨᠢᠭᠦᠯᠦᠨ᠎ᠡ᠃ 《ᠡᠪᠦᠯ ᠭᠡᠷ᠎ᠤᠨ ᠡᠭᠦᠳᠡᠨ᠎ᠳᠤ ᠡᠶ᠋ᠢᠮᠦ ᠭᠤᠶ᠋ᠢᠳᠠ ᠰᠠᠶ᠋ᠢᠬᠠᠨ ᠠᠵᠢᠯᠯᠠᠭ᠎ᠠ ᠵᠢ ᠣᠯᠵᠤ ᠬᠠᠷᠠᠬᠤ᠎ᠨᠢ ᠪᠠᠰᠠ ᠶᠠᠪᠠᠭ᠋ᠠᠨ ᠵᠶ᠋ᠠᠷ ᠶᠠᠪᠤᠵᠤ ᠬᠠᠯᠢᠶ᠎ᠠ ᠵᠢ ᠠᠵᠢᠭᠯᠠᠵᠤ᠂ ᠬᠤᠪᠢᠰᠬᠠᠯ᠎ᠤᠨ ᠰᠣᠶᠣᠯ᠎ᠢ ᠮᠡᠳᠡᠷᠡᠵᠦ᠂ ᠣᠨᠴᠠᠭ᠋ᠠᠢ ᠤᠳᠬ᠎ᠠ ᠠᠭᠤᠯᠭ᠎ᠠ᠎ᠲᠠᠢ ᠪᠠᠶ᠋ᠢᠳᠠᠭ᠃ ᠬᠤᠶ᠋ᠢᠰᠢᠳᠠ ᠵᠢᠨ ᠰᠣᠨᠢᠷᠬᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯᠤᠨ ᠠᠮᠲᠠᠲᠤ ᠢᠳᠡᠭᠡᠨ᠎ᠤ ᠦᠵᠡᠰᠬᠦᠯᠡᠩ᠎ᠢ ᠪᠢᠳᠡ ᠪᠠᠰᠠ ᠮᠠᠰᠢ ᠬᠦᠰᠡᠵᠦ ᠪᠠᠶ᠋ᠢᠨ᠎ᠠ᠂ ᠬᠡᠦᠬᠡᠳ ᠵᠶ᠋ᠠᠨ ᠳᠠᠭ᠋ᠠᠭᠤᠯᠤᠨ ᠬᠠᠮᠲᠤ ᠣᠷᠣᠯᠴᠠᠭᠤᠯᠬᠤ᠎ᠪᠠᠷ ᠪᠠᠶ᠋ᠢᠨ᠎ᠠ》 ᠭᠡᠵᠦ ᠬᠡᠯᠡᠪᠡ᠃ ᠲᠤᠬᠠᠢ ᠵᠢᠨ ᠲᠠᠯᠠᠪᠠᠢ ᠵᠢᠨ ᠦᠵᠡᠭᠴᠢᠳ ᠯᠢ ᠰᠢᠨ ᠶᠢᠩ ᠬᠡᠯᠡᠪᠡ᠃

ᠲᠣᠰ ᠤᠳᠠᠭ᠋ᠠᠨ᠎ᠤ ᠳ᠋ᠧᠩᠺᠸᠤ ᠰᠢᠶᠠᠨ᠎ᠤ ᠡᠪᠦᠯ᠎ᠤᠨ ᠤᠯᠠᠷᠢᠯ᠎ᠤᠨ ᠵᠢᠭᠤᠯᠴᠢᠯᠠᠯ ᠵᠢᠴᠢ ᠶᠢᠰᠦᠳᠦᠭᠡᠷ ᠬᠤᠭᠤᠴᠠᠭ᠋ᠠᠨ᠎ᠤ ᠰᠠᠨ ᠱᠧᠩ ᠭᠦᠩ ᠬᠠᠯᠢᠶ᠎ᠠ ᠰᠢᠷᠢᠰ ᠠᠵᠢᠯᠯᠠᠭ᠎ᠠ ᠵᠢ ᠦᠵᠡᠵᠦ᠂ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠤ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠵᠶ᠋ᠠᠷ ᠪᠠᠷᠠᠬᠤ ᠥᠬᠡᠶ᠂ ᠨᠠᠩ ᠴᠤ᠌ ᠬᠤᠪᠢᠰᠬᠠᠯ᠎ᠤᠨ ᠡᠯᠧᠮᠧᠨ᠋ᠲ ᠪᠣᠯᠤᠨ ᠠᠮᠢ ᠠᠬᠤᠶ ᠵᠢᠨ ᠡᠬᠢ ᠪᠠᠶᠠᠯᠢᠭ᠎ᠤᠨ ᠤᠶᠠᠯᠳᠤᠯ ᠵᠶ᠋ᠠᠷ ᠳᠠᠮᠵᠢᠭᠤᠯᠤᠨ᠂ ᠨᠠᠩ ᠣᠯᠠᠨ ᠬᠥᠮᠦᠰ᠎ᠲᠤ ᠳ᠋ᠧᠩᠺᠸᠦ ᠰᠢᠶᠠᠨ᠎ᠤ ᠲᠡᠤᠬᠡ ᠵᠢᠨ ᠰᠠᠭᠤᠷᠢ ᠪᠣᠯᠤᠨ ᠬᠥᠭᠵᠢᠯᠲᠡ ᠵᠢᠨ ᠦᠷ᠎ᠡ ᠪᠦᠲᠦᠭᠡᠯ᠎ᠢ ᠣᠶ᠋ᠢᠯᠠᠭ᠋ᠠᠭᠤᠯᠪᠠ᠃ ᠰᠢᠷᠢᠰ ᠠᠵᠢᠯᠯᠠᠭ᠎ᠠ ᠵᠢᠨ ᠲᠦᠯᠬᠢᠨ ᠠᠬᠢᠭᠤᠯᠬᠤ ᠵᠢ ᠳᠠᠭ᠋ᠠᠯᠳᠤᠨ᠂ ᠳ᠋ᠧᠩᠺᠸᠤ ᠰᠢᠶᠠᠨ᠎ᠤ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠠᠯᠳᠠᠷᠰᠢᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ ᠪᠣᠯᠤᠨ ᠰᠣᠶᠣᠯ᠎ᠤᠨ ᠳᠠᠮᠵᠢᠭᠤᠯᠭ᠎ᠠ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ