ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠦ ᠰᠢᠶᠠᠨ ᠡᠪᠦᠯ᠎ᠤᠨ ᠤᠯᠠᠷᠢᠯ᠎ᠤᠨ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠠᠵᠢᠯ᠎ᠢ ᠡᠬᠢ ᠡᠭᠦᠰᠦᠯ᠎ᠠᠴᠠ᠎ᠨᠢ ᠰᠠᠶ᠋ᠢᠲᠤᠷ ᠬᠢᠪᠡ

ᠨᠡᠶ᠋ᠢᠲᠡᠯᠡᠭᠰᠡᠨ ᠴᠠᠭ᠄   2025-12-01

ᠳ᠋ᠧᠩᠺᠸᠤ ᠰᠢᠶᠠᠨ ᠪᠣᠯ ᠬᠠᠳᠤᠨ ᠭᠤᠣᠯ᠎ᠤᠨ《ᠬᠡᠳᠦ》 ᠭᠡᠬᠦ ᠥᠰᠥᠭ᠎ᠳᠤ ᠪᠠᠶ᠋ᠢᠷᠢᠯᠠᠵᠤ᠂ ᠭᠤᠷᠪᠠᠨ ᠤᠮᠠᠷᠠᠲᠤ ᠵᠢᠨ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠴᠢᠬᠤᠯᠠ ᠣᠷᠣᠨ ᠪᠦᠰᠡ ᠵᠢᠨ ᠨᠢᠭᠡ ᠪᠣᠯᠤᠨ᠎ᠠ᠃ ᠨᠠᠮᠤᠷ ᠡᠪᠦᠯ᠎ᠤᠨ ᠤᠯᠠᠷᠢᠯ᠎ᠳᠤ ᠤᠷᠤᠭᠰᠠᠨ᠎ᠠᠴᠠ ᠨᠠᠰᠢ᠂ ᠴᠠᠭ ᠠᠭᠤᠷ ᠭᠠᠩ ᠬᠠᠭᠰᠠᠷᠠᠭ᠋ᠠᠨ᠂ ᠰᠢᠭᠤᠶ᠋ᠢᠲᠤ ᠣᠷᠣᠨ᠎ᠤ ᠪᠤᠵᠠᠷ ᠡᠪᠡᠰᠦ᠂ ᠬᠤᠪᠠᠭ᠍ᠠᠶ ᠰᠠᠯᠠᠭ᠎ᠠ ᠵᠡᠷᠭᠡ ᠰᠢᠲᠠᠮᠠᠬᠠᠶ ᠪᠣᠳᠠᠰ᠎ᠤᠨ ᠳᠠᠭ᠋ᠠᠭ᠋ᠠᠴᠠ ᠳᠡᠭᠡᠭᠰᠢᠯᠡᠵᠦ᠂ ᠭᠠᠯ᠎ᠢ ᠰᠡᠷᠭᠡᠶ᠋ᠢᠯᠡᠬᠦ ᠪᠠᠶ᠋ᠢᠳᠠᠯ ᠬᠦᠨᠳᠦᠷᠡᠪᠡ᠃ ᠳ᠋ᠧᠩᠺᠸᠦ ᠰᠢᠶᠠᠨ᠎ᠤ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠣᠶ ᠵᠢᠨ ᠬᠤᠷᠮᠣᠶ ᠵᠢᠨ ᠰᠢᠲᠠᠮᠠᠬᠠᠶ ᠪᠣᠳᠠᠰ᠎ᠢ ᠴᠡᠪᠡᠷᠯᠡᠬᠦ ᠠᠵᠢᠯ᠎ᠢ ᠴᠢᠩᠭ᠎ᠠ ᠠᠳᠬᠤᠵᠤ᠂ ᠨᠠᠮᠤᠷ ᠡᠪᠦᠯ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠵᠦ ᠭᠠᠯ ᠤᠨᠲᠠᠷᠠᠭ᠋ᠠᠬᠤ ᠠᠵᠢᠯ᠎ᠢ ᠪᠥᠬᠦ ᠲᠠᠯ᠎ᠠ᠎ᠪᠠᠷ ᠰᠠᠶ᠋ᠢᠲᠤᠷ ᠬᠢᠪᠡ᠃

ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠣᠪᠴᠢᠶ᠎ᠠ ᠪᠥᠬᠦ ᠰᠢᠶᠠᠨ᠎ᠤ ᠡᠪᠦᠯ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠠᠬᠢᠭᠤᠯᠬᠤ ᠬᠤᠷᠠᠯ᠎ᠢ ᠢᠳᠡᠪᠬᠢᠲᠡᠶ ᠬᠤᠷᠠᠯᠳᠤᠭᠤᠯᠵᠤ᠂ ᠡᠯ᠎ᠡ ᠰᠢᠶᠠᠩ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠣᠶ ᠰᠢᠭᠤᠶ ᠵᠢᠨ ᠲᠠᠯᠠᠪᠠᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠲᠣᠳᠣᠷᠬᠠᠶ ᠪᠣᠯᠭ᠋ᠠᠵᠤ᠂ ᠭᠤᠤᠯᠳᠠᠯᠭ᠎ᠠ᠎ᠲᠠᠢ ᠣᠷᠣᠨ ᠪᠦᠰᠡ᠂ ᠰᠡᠷᠭᠡᠭ ᠴᠠᠭ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ ᠭᠠᠯ᠎ᠤᠨ ᠪᠠᠶ᠋ᠢᠳᠠᠯ᠎ᠢ ᠡᠷᠲᠡ ᠰᠢᠢ᠍ᠳᠪᠦᠷᠢᠯᠡᠬᠦ ᠬᠠᠮᠤᠭ᠎ᠤᠨ ᠰᠠᠶ᠋ᠢᠨ ᠴᠣᠩᠬᠤᠪᠴᠢ ᠵᠢᠨ ᠬᠤᠭᠤᠴᠠᠭ᠎ᠠ ᠵᠢ ᠦᠨᠡᠨ ᠬᠦ᠌ ᠠᠳᠬᠤᠵᠤ᠂ 《ᠭᠤᠷᠪᠠᠨ ᠬᠤᠪᠢ᠎ᠪᠠᠷ ᠴᠣᠬᠢᠯᠲᠠ ᠥᠭᠴᠦ᠂ ᠳᠣᠯᠤᠭ᠎ᠠ ᠵᠢ ᠲᠣᠳᠣᠷᠬᠠᠶ ᠪᠣᠯᠭ᠋ᠠᠬᠤ》 ᠵᠢ ᠪᠠᠷᠢᠮᠲᠠᠯᠠᠨ᠂ ᠭᠠᠯ᠎ᠢ ᠰᠡᠷᠭᠡᠶ᠋ᠢᠯᠡᠬᠦ ᠡᠭᠦᠷᠭᠡ ᠵᠢ ᠠᠵᠢᠯ᠎ᠤᠨ ᠪᠠᠶ᠋ᠢᠷᠢ ᠪᠠ ᠬᠥᠮᠦᠨ᠎ᠳᠤ ᠬᠦᠷᠲᠡᠯ᠎ᠡ ᠨᠠᠶ᠋ᠢᠳᠠᠪᠤᠷᠢᠵᠢᠭᠤᠯᠵᠤ᠂ 《ᠣᠶ ᠰᠢᠭᠤᠶ ᠵᠢ ᠬᠠᠮᠠᠭ᠋ᠠᠯᠠᠬᠤ ᠬᠥᠮᠦᠨ᠎ᠲᠠᠢ᠂ ᠭᠠᠯ᠎ᠢ ᠰᠡᠷᠭᠡᠶ᠋ᠢᠯᠡᠬᠦ ᠬᠥᠮᠦᠨ᠎ᠲᠠᠢ ᠪᠠᠶ᠋ᠢᠬᠤ》 ᠵᠢ ᠦᠨᠡᠨ ᠬᠦ᠌ ᠪᠠᠲᠤᠯᠠᠪᠠ᠃ ᠲᠣᠭᠤᠷᠢᠨ ᠬᠠᠮᠠᠭ᠋ᠠᠯᠠᠬᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠭᠤᠤᠯᠳᠠᠯᠭ᠎ᠠ᠎ᠲᠠᠢ ᠰᠢᠭᠤᠶ᠋ᠢᠲᠤ ᠣᠷᠣᠨ᠂ ᠦᠵᠡᠮᠵᠢ ᠵᠢᠨ ᠣᠷᠣᠨ᠂ ᠰᠢᠭᠤᠶ᠋ᠢᠲᠤ ᠣᠷᠣᠨ᠎ᠤ ᠵᠠᠮ ᠳᠠᠭ᠋ᠠᠤ 24 ᠴᠠᠭ ᠲᠠᠰᠤᠷᠠᠯᠲᠠ ᠥᠬᠡᠶ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠰᠢᠭᠤᠶ᠋ᠢᠲᠤ ᠣᠷᠣᠨ᠎ᠳᠤ ᠣᠷᠣᠬᠤ ᠭᠤᠤᠯᠳᠠᠯᠭ᠎ᠠ᠎ᠲᠠᠢ ᠭᠠᠵᠠᠷ᠎ᠲᠤ ᠲᠦᠷ ᠴᠠᠭ᠎ᠤᠨ ᠪᠠᠶ᠋ᠢᠴᠠᠭ᠋ᠠᠬᠤ ᠴᠡᠭ ᠭᠠᠷᠭ᠋ᠠᠵᠤ᠂ ᠭᠠᠯ᠎ᠤᠨ ᠲᠥᠷᠥᠯ ᠠᠪᠴᠤ ᠰᠢᠭᠤᠶ᠋ᠢᠲᠤ ᠣᠷᠣᠨ᠎ᠳᠤ ᠣᠷᠣᠬᠤ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠪᠠ᠃ ᠣᠢ ᠰᠢᠭᠤᠶ ᠵᠢᠨ ᠭᠠᠯ ᠰᠡᠷᠭᠡᠶ᠋ᠢᠯᠡᠬᠦ ᠡᠳ᠋ ᠪᠣᠳᠠᠰ᠎ᠢ ᠰᠡᠯᠪᠢᠨ ᠵᠠᠰᠠᠵᠤ ᠨᠥᠬᠦᠪᠦᠷᠢᠯᠡᠵᠦ᠂ 20 ᠬᠠᠳᠤᠵᠤ ᠤᠰᠤᠯᠠᠬᠤ ᠮᠠᠰᠢᠨ᠂ 50 ᠢᠵᠢ ᠭᠠᠯ ᠰᠡᠷᠭᠡᠶ᠋ᠢᠯᠡᠬᠦ ᠬᠤᠪᠴᠠᠰᠤ ᠵᠢ ᠰᠢᠨ᠎ᠡ᠎ᠪᠠᠷ ᠬᠤᠳᠠᠯᠳᠤᠨ ᠠᠪᠴᠤ᠂ ᠭᠠᠯ ᠰᠡᠷᠭᠡᠶ᠋ᠢᠯᠡᠬᠦ ᠡᠳ᠋ ᠪᠣᠳᠠᠰ᠎ᠤᠨ ᠨᠥᠭᠡᠴᠡᠯᠡᠯᠲᠡ ᠵᠢ ᠦᠨᠡᠨ ᠬᠦ᠌ ᠪᠠᠲᠤᠯᠠᠨ᠎ᠠ; ᠪᠣᠯᠪᠠᠰᠤᠷᠠᠭᠤᠯᠤᠯ᠎ᠤᠨ ᠬᠤᠷᠠᠯ᠂ ᠤᠷᠢᠶ᠎ᠠ ᠯᠣᠽᠦ᠋ᠩ ᠨᠠᠭ᠋ᠠᠬᠤ᠂ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠪᠦᠯ᠎ᠤᠨ ᠤᠯᠠᠷᠢᠯ᠎ᠤᠨ ᠭᠠᠯ ᠰᠡᠷᠭᠡᠶ᠋ᠢᠯᠡᠬᠦ ᠮᠡᠳᠡᠯᠭᠡ ᠵᠢ ᠲᠦᠭᠡᠮᠡᠯᠵᠢᠭᠦᠯᠵᠦ᠂ 《ᠬᠡᠭᠡᠷ᠎ᠡ ᠭᠠᠳᠠᠨ᠎ᠠ ᠠᠲᠠᠷ ᠰᠢᠲᠠᠭ᠋ᠠᠬᠤ ᠵᠢ ᠴᠠᠭ᠋ᠠᠵᠠᠯᠠᠬᠤ᠂ ᠪᠣᠯᠪᠠᠰᠤᠨ ᠵᠶ᠋ᠠᠷ ᠳᠠᠬᠢᠯᠭ᠎ᠠ ᠬᠢᠬᠦ》 ᠵᠡᠷᠭᠡ ᠱᠠᠭ᠋ᠠᠷᠳᠠᠯᠭ᠎ᠠ ᠵᠢ ᠭᠤᠣᠯᠳᠠᠯᠭ᠎ᠠ᠎ᠲᠠᠢ ᠤᠬᠠᠭᠤᠯᠵᠤ᠂ ᠤᠯᠠᠨ ᠲᠦᠮᠡᠨ᠎ᠤ ᠭᠠᠯ ᠰᠡᠷᠭᠡᠶ᠋ᠢᠯᠡᠬᠦ ᠦᠵᠡᠯ ᠤᠬᠠᠮᠰᠠᠷ᠎ᠢ ᠳᠡᠭᠡᠭᠰᠢᠯᠡᠭᠦᠯᠦᠨ᠂ 《ᠬᠥᠮᠥᠨ ᠪᠦᠬᠦᠨ ᠭᠠᠯ ᠰᠡᠷᠭᠡᠶ᠋ᠢᠯᠡᠬᠦ ᠵᠢ ᠣᠶ᠋ᠢᠯᠠᠭ᠋ᠠᠵᠤ᠂ ᠬᠥᠮᠥᠨ ᠪᠦᠬᠦᠨ ᠭᠠᠯ ᠰᠡᠷᠭᠡᠶ᠋ᠢᠯᠡᠬᠦ᠎ᠳᠤ ᠣᠷᠣᠯᠴᠠᠬᠤ》 ᠠᠭᠤᠷ ᠠᠮᠢᠰᠬᠤᠯ᠎ᠢ ᠪᠤᠢ ᠪᠣᠯᠭ᠋ᠠᠨ᠎ᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ