ᠳᠠᠷᠬᠠᠠᠬᠦᠦ ᠳ᠋ᠧᠩᠺᠧᠦ ᠰᠢᠶᠠᠨ᠎ᠳᠤ ᠬᠦᠷᠴᠦ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-12-05
12 ᠰᠠᠷ᠎ᠠ ᠵᠢᠨ 2᠎ᠤᠨ ᠡᠳᠦᠷ᠂ ᠵᠠᠰᠠᠭ᠎ᠤᠨ ᠣᠷᠳᠣᠨ᠎ᠤ ᠳᠡᠳ᠋ ᠬᠤᠲᠠ ᠵᠢᠨ ᠳᠠᠷᠤᠭ᠎ᠠ᠂ ᠬᠤᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠳᠠᠷᠤᠭ᠎ᠠ ᠳᠠᠷᠬᠠᠠᠬᠦᠦ ᠳ᠋ᠧᠩᠺᠸᠦ ᠰᠢᠶᠠᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠠᠵᠢᠯᠯᠠᠭ᠋ᠠᠨ᠎ᠤ ᠲᠣᠭᠲᠠᠴᠠ᠂ ᠵᠠᠮ ᠬᠠᠷᠢᠯᠴᠠᠭ᠋ᠠᠨ᠎ᠤ ᠠᠳᠡᠯ᠎ᠤᠨ ᠳᠠᠯᠳᠠ ᠬᠡᠮ᠎ᠢ ᠵᠠᠰᠠᠬᠤ᠂ ᠣᠶᠤᠨᠴᠢ ᠴᠠᠭᠳᠠᠭ᠋ᠠᠨ᠎ᠤ ᠶᠠᠪᠤᠳᠠᠯ᠂ ᠠᠮᠢ ᠠᠬᠤᠶ ᠵᠢᠨ ᠴᠠᠭᠳᠠᠭ᠋ᠠᠨ᠎ᠤ ᠶᠠᠪᠤᠳᠠᠯ᠂ ᠳᠣᠤᠷ᠎ᠠ ᠠᠭ᠋ᠠᠷ᠎ᠤᠨ ᠴᠠᠭᠳᠠᠭ᠋ᠠᠨ᠎ᠤ ᠶᠠᠪᠤᠳᠠᠯ᠂ ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠡᠷᠭᠡ ᠠᠵᠢᠯ᠎ᠢ ᠪᠠᠶ᠋ᠢᠴᠠᠭ᠋ᠠᠨ ᠰᠤᠳᠤᠯᠵᠤ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯ᠎ᠡ ᠵᠦᠢ᠍ᠯ᠎ᠤᠨ ᠠᠵᠢᠯ᠎ᠢ ᠠᠬᠢᠭᠤᠯᠤᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠨᠢᠭᠡᠳᠦᠭᠡᠷ ᠹᠷᠣᠨᠲ᠎ᠤᠨ ᠠᠷᠠᠳ᠎ᠤᠨ ᠲᠤᠰᠠᠯᠠᠬᠤ ᠴᠠᠭᠳᠠᠭ᠎ᠠ ᠵᠢ ᠪᠣᠯᠭᠤᠭ᠋ᠠᠨ ᠲᠣᠬᠤᠨᠢᠭᠤᠯᠪᠠ᠃ ᠲᠡᠷᠡ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠣᠷᠢᠭ ᠰᠠᠨᠠᠭ᠋ᠠᠨ᠎ᠤ ᠮᠥᠨ ᠴᠢᠨᠠᠷ᠎ᠢ ᠨᠡᠪᠲᠡᠷᠡᠲᠡᠯ᠎ᠡ ᠣᠶ᠋ᠢᠯᠠᠭ᠋ᠠᠵᠤ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠡᠵᠡᠮᠳᠡᠵᠦ᠂ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠤᠯᠠᠨ ᠨᠡᠶ᠋ᠢᠲᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠡᠷᠡᠰ ᠪᠠᠲᠤ ᠡᠭᠦᠷᠭᠡᠯᠡᠵᠦ᠂ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠲᠡᠢ ᠦᠢ᠍ᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠠᠷᠪᠠᠨ ᠳᠥᠷᠪᠡᠳᠦᠭᠡᠷ 《ᠪᠥᠬᠦ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠡᠳᠦᠷ》 ᠬᠦᠷᠴᠦ ᠢᠷᠡᠬᠦ ᠲᠠᠰᠢᠷᠠᠮ ᠵᠶ᠋ᠠᠷ᠂ ᠳᠠᠷᠬᠠᠠᠬᠦᠦ ᠳ᠋ᠧᠩᠺᠸᠦ ᠰᠢᠶᠠᠨ᠎ᠤ 508 ᠮᠤᠵᠢ ᠵᠢᠨ ᠵᠠᠮ᠂ 315 ᠮᠤᠵᠢ ᠵᠢᠨ ᠵᠠᠮ ᠵᠡᠷᠭᠡ ᠵᠠᠮ ᠬᠠᠷᠢᠯᠴᠠᠭ᠋ᠠᠨ᠎ᠤ ᠠᠳᠡᠯ ᠠᠮᠠᠷᠬᠠᠨ ᠭᠠᠷᠬᠤ ᠵᠠᠮ᠎ᠤᠨ ᠬᠡᠰᠡᠭ᠎ᠲᠤ᠂ ᠵᠠᠮ᠎ᠤᠨ ᠪᠠᠶ᠋ᠢᠳᠠᠯ᠂ ᠵᠠᠮ ᠬᠠᠷᠢᠯᠴᠠᠭ᠋ᠠᠨ᠎ᠤ ᠲᠡᠮᠳᠡᠭ ᠱᠤᠭᠤᠮ᠎ᠤᠨ ᠪᠠᠶ᠋ᠢᠷᠢᠯᠠᠭᠤᠯᠤᠯᠲᠠ᠂ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠲᠣᠬᠢᠷᠠᠭᠤᠯᠬᠤ ᠵᠡᠷᠭᠡ ᠵᠢ ᠨᠠᠷᠢᠨ ᠪᠠᠶ᠋ᠢᠴᠠᠭ᠋ᠠᠨ ᠦᠵᠡᠵᠦ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ᠂ ᠡᠳᠦᠷ ᠲᠤᠲᠤᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠡᠵᠡᠮᠳᠡᠯ᠂ ᠠᠳᠡᠯ᠎ᠤᠨ ᠰᠢᠯᠲᠠᠭ᠋ᠠᠨ᠎ᠤ ᠵᠠᠳᠠᠯᠤᠯᠲᠠ ᠵᠡᠷᠭᠡ ᠪᠠᠶ᠋ᠢᠳᠠᠯ᠎ᠢ ᠨᠠᠷᠢᠨ ᠠᠰᠠᠭᠤᠵᠤ᠂ ᠬᠡᠰᠡᠭ ᠵᠠᠮ᠎ᠤᠨ ᠬᠡᠰᠡᠭ᠎ᠲᠤ ᠣᠷᠣᠰᠢᠵᠤ ᠪᠠᠶ᠋ᠢᠭ᠎ᠠ ᠬᠠᠷᠠᠭ᠋ᠠᠨ᠎ᠤ ᠱᠤᠭᠤᠮ᠎ᠨᠢ ᠮᠠᠭᠤ᠂ ᠲᠡᠮᠳᠡᠭ ᠪᠦᠷᠢᠨ ᠪᠤᠰᠤ᠂ ᠠᠮᠤᠷ ᠲᠦᠪᠰᠢᠨ᠎ᠤ ᠲᠥᠬᠦᠭᠡᠷᠦᠮᠵᠢ ᠪᠠᠭᠤᠷᠠᠶ ᠵᠡᠷᠭᠡ ᠠᠰᠠᠭᠤᠳᠠᠯ᠎ᠳᠤ ᠴᠢᠭᠯᠡᠭᠦᠯᠦᠨ᠂ ᠲᠤᠬᠠᠶ ᠵᠢᠨ ᠲᠠᠯᠠᠪᠠᠶ᠎ᠳᠤ ᠳᠠᠭ᠋ᠠᠵᠤ ᠪᠠᠶ᠋ᠢᠭ᠎ᠠ ᠬᠥᠮᠦᠰ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠠᠷ᠎ᠲᠠᠢ ᠬᠠᠮᠲᠤ᠎ᠪᠠᠷ ᠵᠠᠳᠠᠯᠤᠨ ᠰᠤᠳᠤᠯᠵᠤ ᠮᠠᠭ᠋ᠠᠳᠯᠠᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠪᠠ᠃ ᠲᠡᠷᠡ ᠴᠢᠬᠤᠯᠠᠴᠢᠯᠠᠭᠰᠠᠨ᠎ᠨᠢ᠂ ᠡᠪᠦᠯ ᠤᠷᠤᠭᠰᠠᠨ᠎ᠠᠴᠠ ᠨᠠᠰᠢ᠂ 《ᠭᠠᠭ᠍ᠠᠶ ᠠᠯᠠᠬᠤ ᠳᠠᠶ᠋ᠢᠯᠠᠯᠭ᠎ᠠ》 ᠵᠡᠷᠭᠡ ᠬᠥᠳᠡᠭᠡ ᠲᠣᠰᠬᠤᠨ᠎ᠤ ᠣᠨᠴᠠᠯᠢᠭᠲᠤ ᠠᠵᠢᠯᠯᠠᠭ᠎ᠠ ᠨᠡᠮᠡᠭᠳᠡᠵᠦ᠂ ᠮᠠᠯᠵᠢᠬᠤ ᠲᠠᠷᠢᠶᠠᠯᠠᠬᠤ ᠣᠷᠣᠨ ᠲᠥᠷᠥᠯ ᠰᠠᠳᠤᠨ ᠨᠠᠶ᠋ᠢᠵᠠ ᠨᠥᠬᠦᠳ ᠵᠶ᠋ᠠᠨ ᠡᠷᠭᠢᠵᠦ ᠦᠵᠡᠬᠦ ᠶᠠᠪᠤᠳᠠᠯ ᠣᠯᠠᠰᠢᠷᠠᠵᠤ᠂ ᠰᠢᠶᠠᠨ ᠰᠢᠶᠠᠩ᠎ᠤᠨ ᠵᠠᠮ᠎ᠤᠨ ᠠᠭᠤᠯᠵᠠᠷ᠂ ᠲᠠᠷᠢᠶᠠᠴᠢᠨ ᠡᠷᠦᠬᠡ ᠵᠢᠨ ᠬᠥᠳᠡᠭᠡ ᠲᠣᠰᠬᠤᠨ᠎ᠤ ᠭᠤᠤᠯ ᠵᠠᠮ᠎ᠤᠨ ᠠᠭᠤᠯᠵᠠᠷ ᠵᠡᠷᠭᠡ ᠭᠤᠤᠯᠳᠠᠯᠭ᠎ᠠ᠎ᠲᠠᠢ ᠵᠠᠮ᠎ᠤᠨ ᠬᠡᠰᠡᠭ᠎ᠲᠤ ᠴᠠᠭᠳᠠᠭ᠋ᠠᠨ᠎ᠤ ᠬᠦᠴᠦᠨ᠎ᠢ ᠨᠠᠷᠢᠨ ᠨᠢᠮᠪᠠᠶ ᠪᠠᠶ᠋ᠢᠷᠢᠯᠠᠭᠤᠯᠵᠤ᠂ ᠴᠡᠭ ᠲᠣᠭᠲᠠᠭ᠋ᠠᠨ ᠪᠠᠶ᠋ᠢᠴᠠᠭ᠋ᠠᠬᠤ ᠪᠠ ᠨᠡᠭᠦᠳᠡᠯ ᠲᠣᠭᠤᠷᠢᠨ ᠴᠠᠭᠳᠠᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠠᠷᠢᠬᠢ ᠤᠤᠭᠤᠵᠤ ᠲᠡᠷᠭᠡ ᠵᠢᠯᠣᠭᠤᠳᠬᠤ ᠪᠠ ᠰᠣᠭᠲᠣᠭᠤ᠎ᠪᠠᠷ ᠲᠡᠷᠭᠡ ᠵᠢᠯᠣᠭᠤᠳᠬᠤ ᠵᠡᠷᠭᠡ ᠭᠤᠤᠯᠳᠠᠯᠭ᠎ᠠ᠎ᠲᠠᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠴᠢᠩᠭ᠋ᠠᠷᠠᠭᠤᠯᠵᠤ᠂ 《ᠬᠠᠮᠢᠶᠠᠷᠬᠤ》᠎ᠪᠠᠷ 《ᠠᠮᠤᠷ ᠲᠦᠪᠰᠢᠨ》᠎ᠢ ᠠᠬᠢᠭᠤᠯᠬᠤ᠂ 《ᠪᠠᠶ᠋ᠢᠴᠠᠭ᠋ᠠᠬᠤ》᠎ᠪᠠᠷ 《ᠰᠤᠷᠭ᠋ᠠᠨ ᠬᠥᠮᠦᠵᠢᠯ》᠎ᠢ ᠠᠬᠢᠭᠤᠯᠬᠤ᠂ 《ᠴᠢᠭ》 ᠵᠶ᠋ᠠᠷ 《ᠨᠡᠶ᠋ᠢᠳᠡᠮ》᠎ᠢ ᠳᠠᠶ᠋ᠢᠴᠢᠯᠠᠬᠤ ᠵᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠳᠠᠯᠳᠠ ᠬᠡᠮ᠎ᠢ ᠦᠨᠡᠨ ᠬᠦ᠌ ᠠᠷᠢᠯᠭ᠋ᠠᠬᠤ ᠬᠡᠷᠡᠭᠲᠡᠶ ᠭᠡᠵᠡᠶ᠃ ᠤᠬᠠᠭᠤᠯᠵᠤ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂ ᠠᠷᠠᠳ᠎ᠤᠨ ᠴᠠᠭᠳᠠᠭ᠎ᠠ ᠵᠢ ᠢᠳᠡᠪᠬᠢᠲᠡᠶ᠎ᠪᠠᠷ ᠵᠣᠬᠢᠶᠠᠨ ᠪᠠᠶ᠋ᠢᠭᠤᠯᠤᠨ ᠬᠠᠷᠢᠶ᠎ᠠ ᠣᠷᠣᠨ᠎ᠤ ᠮᠠᠯᠵᠢᠬᠤ ᠲᠠᠷᠢᠶᠠᠯᠠᠬᠤ ᠣᠷᠣᠨ᠂ ᠴᠤᠭᠯᠠᠭ᠎ᠠ ᠮᠠᠶ᠋ᠢᠮᠠᠶ᠂ 《ᠭᠠᠭ᠍ᠠᠶ ᠠᠯᠠᠬᠤ ᠳᠠᠶ᠋ᠢᠯᠠᠯᠭ᠎ᠠ》 ᠵᠢᠨ ᠲᠤᠬᠠᠶ ᠵᠢᠨ ᠲᠠᠯᠠᠪᠤᠷ ᠵᠡᠷᠭᠡ ᠲᠠᠯᠠᠪᠤᠷ᠎ᠲᠤ ᠨᠢᠭᠤᠷᠲᠠᠨ ᠬᠠᠨᠳᠤᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠢᠳᠬᠠᠯ ᠬᠢᠵᠦ᠂ ᠣᠯᠠᠨ ᠲᠦᠮᠡᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠦᠵᠡᠯ ᠤᠬᠠᠮᠰᠠᠷ ᠪᠠ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠦᠨ᠂ ᠵᠠᠮ ᠬᠠᠷᠢᠯᠴᠠᠭ᠋ᠠᠨ᠎ᠤ ᠠᠳᠡᠯ ᠭᠠᠷᠬᠤ ᠵᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠪᠠᠭ᠋ᠠᠰᠬᠠᠬᠤ ᠬᠡᠷᠡᠭᠲᠡᠶ᠃
ᠳ᠋ᠧᠩᠺᠸᠤ ᠰᠢᠶᠠᠨ᠎ᠤ ᠠᠭ᠋ᠠᠷ᠎ᠤᠨ ᠶᠠᠪᠤᠳᠠᠯ᠎ᠤᠨ 《ᠵᠦᠭᠡᠢ ᠵᠢᠨ ᠡᠭᠦᠷ ᠵᠢᠯᠣᠭᠤᠴᠢ ᠦᠭᠡᠢ ᠨᠢᠰᠬᠡᠯ᠎ᠤᠨ ᠪᠠᠭᠤᠳᠠᠯ》᠎ᠤᠨ ᠪᠦᠳᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠢ᠎ᠳᠤ᠂ ᠲᠠᠷᠬᠠᠨᠬᠦᠦ ᠵᠢᠯᠣᠭᠤᠴᠢ ᠦᠭᠡᠢ ᠨᠢᠰᠬᠡᠯ᠎ᠤᠨ ᠪᠠᠭᠤᠳᠠᠯ᠎ᠤᠨ ᠭᠠᠵᠠᠷ ᠰᠣᠩᠭᠤᠬᠤ᠂ ᠲᠤᠨᠤᠭ ᠲᠥᠬᠦᠭᠡᠷᠦᠮᠵᠢ ᠵᠢᠨ ᠲᠤᠬᠢᠷᠠᠭᠤᠯᠤᠯᠳᠠ᠂ ᠠᠵᠢᠯᠯᠠᠭ᠋ᠠᠨ᠎ᠤ ᠲᠣᠭᠲᠠᠴᠠ ᠵᠢᠴᠢ ᠪᠣᠳᠠᠲᠤ ᠪᠠᠶ᠋ᠢᠯᠳᠤᠭ᠋ᠠᠨ᠎ᠤ ᠬᠡᠷᠡᠭᠯᠡᠯᠲᠡ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠲᠤᠬᠠᠢ ᠵᠢᠨ ᠲᠠᠯᠠᠪᠠᠢ᠎ᠳᠤ ᠵᠢᠯᠣᠭᠤᠴᠢ ᠦᠭᠡᠢ ᠨᠢᠰᠬᠡᠯ᠎ᠤᠨ ᠨᠢᠰᠴᠦ ᠪᠠᠭᠤᠬᠤ᠂ ᠠᠭ᠋ᠠᠷ ᠵᠶ᠋ᠠᠷ ᠲᠣᠭᠤᠷᠢᠨ ᠴᠠᠭᠳᠠᠬᠤ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠲᠣᠭᠤᠷᠢᠨ ᠦᠵᠡᠵᠦ᠂ ᠳ᠋ᠧᠩᠺᠸᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠳᠣᠣᠷ᠎ᠠ ᠠᠭ᠋ᠠᠷ᠎ᠤᠨ ᠴᠠᠭᠳᠠᠭ᠋ᠠᠨ᠎ᠤ ᠶᠠᠪᠤᠳᠠᠯ᠎ᠤᠨ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠬᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠭᠦᠢ᠍ᠴᠡᠳ ᠨᠤᠲᠠᠯᠠᠪᠠ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠠᠭ᠋ᠠᠷ᠎ᠤᠨ ᠴᠠᠭᠳᠠᠭ᠋ᠠᠨ᠎ᠤ ᠶᠠᠪᠤᠳᠠᠯ ᠪᠣᠯ ᠰᠢᠨ᠎ᠡ ᠴᠠᠭ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠠᠭᠳᠠᠭ᠎ᠠ ᠵᠢ ᠬᠦᠴᠦᠷᠬᠡᠭᠵᠢᠭᠦᠯᠬᠦ ᠴᠢᠬᠤᠯᠠ ᠭᠠᠷᠳᠠᠴᠠ ᠮᠥᠨ᠂ ᠴᠠᠭᠳᠠᠭ᠋ᠠᠨ᠎ᠤ ᠶᠠᠪᠤᠳᠠᠯ᠎ᠤᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠵᠠᠩᠭᠢᠯᠠᠭ᠎ᠠ ᠵᠢᠨ ᠰᠢᠪᠲᠤᠯᠤᠯᠲᠠ ᠵᠢᠨ ᠴᠡᠭ ᠮᠥᠨ᠂ ᠬᠠᠷᠢᠶᠠᠲᠤ ᠣᠷᠣᠨ᠎ᠤ ᠭᠠᠵᠠᠷ ᠣᠷᠣᠨ᠎ᠤ ᠣᠨᠴᠠᠯᠢᠭ ᠪᠠ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠪᠣᠳᠠᠲᠤ ᠪᠠᠶ᠋ᠢᠳᠠᠯ᠎ᠳᠤ ᠨᠠᠷᠢᠨ ᠬᠢᠨᠠᠮᠠᠭ᠋ᠠᠶ ᠰᠠᠭᠤᠷᠢᠯᠠᠨ᠂ ᠵᠢᠯᠣᠭᠤᠴᠢ ᠥᠬᠡᠶ ᠨᠢᠰᠬᠡᠯ᠎ᠤᠨ ᠲᠣᠭᠤᠷᠢᠨ ᠴᠠᠭᠳᠠᠵᠤ ᠰᠡᠷᠭᠡᠶ᠋ᠢᠯᠡᠨ ᠡᠵᠡᠮᠳᠡᠬᠦ᠂ ᠵᠠᠮ ᠬᠠᠷᠢᠯᠴᠠᠭ᠎ᠠ ᠵᠢ ᠨᠡᠪᠲᠡᠷᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ᠂ ᠠᠮᠢ ᠠᠬᠤᠶ ᠵᠢ ᠬᠠᠮᠠᠭ᠋ᠠᠯᠠᠬᠤ᠂ ᠲᠣᠮᠣ ᠬᠡᠯᠪᠡᠷᠢ ᠵᠢᠨ ᠠᠵᠢᠯᠯᠠᠭ᠎ᠠ ᠵᠢᠨ ᠠᠮᠤᠷ᠎ᠢ ᠬᠠᠮᠠᠭ᠋ᠠᠯᠠᠬᠤ ᠵᠡᠷᠭᠡ ᠬᠦᠷᠢᠶᠡᠨ᠎ᠳᠠᠬᠢ ᠬᠡᠷᠡᠭᠯᠡᠭᠡᠨ᠎ᠤ ᠪᠠᠶ᠋ᠢᠳᠠᠯ᠎ᠢ ᠢᠳᠡᠪᠬᠢᠲᠡᠶ ᠥᠷᠭᠡᠳᠬᠡᠵᠦ᠂ 《ᠠᠭ᠋ᠠᠷ᠎ᠲᠠᠬᠢ ᠭᠠᠵᠠᠷ ᠳᠡᠭᠡᠷᠡᠬᠢ》 ᠪᠣᠰᠤᠭ᠎ᠠ ᠴᠣᠭᠴᠠᠲᠤ ᠰᠡᠷᠭᠡᠶ᠋ᠢᠯᠡᠨ ᠡᠵᠡᠮᠳᠡᠬᠦ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠡᠨᠧᠷᠭᠢ ᠣᠯᠭᠤᠬᠤ ᠵᠢ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠦᠨᠳᠦᠰᠦᠨ ᠱᠠᠲᠤᠨ᠎ᠤ ᠴᠠᠭᠳᠠᠭ᠋ᠠᠨ᠎ᠤ ᠬᠦᠴᠦᠨ᠎ᠤ ᠬᠦᠷᠦᠯᠴᠡᠬᠦ ᠥᠬᠡᠶ ᠪᠠᠶ᠋ᠢᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠪᠦᠲᠦᠮᠵᠢᠲᠡᠶ ᠠᠷᠭ᠎ᠠ ᠵᠠᠮ ᠪᠣᠯᠭ᠋ᠠᠵᠤ᠂ ᠬᠠᠷᠢᠶ᠎ᠠ ᠣᠷᠣᠨ᠎ᠤ ᠠᠮᠤᠷ ᠲᠦᠪᠰᠢᠨ ᠲᠣᠭᠲᠠᠭᠤᠨ᠎ᠳᠤ ᠪᠠᠲᠤ ᠪᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠡᠶ᠃
ᠳ᠋ᠧᠩᠺᠸᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠱᠠ ᠯᠢᠨ ᠲᠥᠪ᠎ᠤᠨ ᠤᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ᠎ᠳᠤ ᠬᠦᠷᠴᠦ᠂ ᠬᠠᠷᠢᠶ᠎ᠠ ᠣᠷᠣᠨ᠎ᠤ ᠤᠢ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠤᠨ ᠲᠠᠷᠬᠠᠯᠲᠠ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ᠂ ᠤᠢ ᠰᠢᠭᠤᠢ ᠡᠪᠡᠰᠦ ᠪᠡᠯᠴᠢᠭᠡᠷ᠎ᠲᠤ ᠬᠤᠯᠪᠣᠭᠳᠠᠭᠰᠠᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠤᠢ ᠰᠢᠭᠤᠢ ᠵᠢᠨ ᠭᠠᠯ᠎ᠢ ᠰᠡᠷᠭᠡᠶ᠋ᠢᠯᠡᠬᠦ ᠵᠡᠷᠭᠡ ᠠᠵᠢᠯ᠎ᠤᠨ ᠪᠠᠶ᠋ᠢᠳᠠᠯ᠎ᠢ ᠨᠠᠷᠢᠨ ᠯᠠᠪᠯᠠᠨ ᠠᠰᠠᠭᠤᠪᠠ᠃ ᠲᠡᠷᠡ᠂ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠪᠣᠬᠢᠷᠲᠤᠯ ᠦᠭᠡᠢ ᠠᠮᠢ ᠠᠬᠤᠢ ᠵᠢ ᠬᠠᠮᠠᠭ᠋ᠠᠯᠠᠬᠤ ᠴᠢᠬᠤᠯᠠ ᠡᠭᠦᠷᠭᠡ ᠵᠢ ᠡᠷᠡᠰ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠬᠠᠮᠲᠤᠷᠠᠨ ᠬᠠᠤᠯᠢ ᠬᠡᠷᠡᠭᠵᠢᠭᠦᠯᠬᠦ᠂ ᠰᠦᠪᠡᠭᠴᠢ ᠵᠢ ᠰᠢᠯᠵᠢᠭᠦᠯᠦᠨ ᠲᠤᠰᠢᠶᠠᠬᠤ ᠵᠡᠷᠭᠡ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ ᠪᠦᠷᠢᠨᠰᠢᠬᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠂ ᠤᠢ ᠰᠢᠭᠤᠢ ᠵᠢᠨ ᠡᠬᠢ ᠪᠠᠶᠠᠯᠢᠭ᠎ᠢ ᠡᠪᠳᠡᠬᠦ᠂ ᠬᠠᠤᠯᠢ ᠪᠤᠰᠤ᠎ᠪᠠᠷ ᠬᠡᠭᠡᠷ᠎ᠡ ᠵᠢᠨ ᠠᠮᠢᠲᠠᠨ᠎ᠢ ᠠᠩᠨᠠᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠰᠦᠷ ᠬᠦᠴᠦᠲᠦ ᠪᠠᠶ᠋ᠢᠳᠠᠯ᠎ᠢ ᠢᠮᠠᠭᠲᠠ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ᠎ᠤ ᠬᠠᠮᠲᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠯᠠᠨ ᠲᠦᠮᠡᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠬᠠᠮᠰᠠᠷ᠎ᠢ ᠳᠡᠭᠡᠭᠰᠢᠯᠡᠭᠦᠯᠵᠦ᠂ ᠤᠯᠠᠨ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠳᠤ ᠤᠬᠠᠮᠰᠠᠷ᠎ᠠᠴᠠ᠎ᠪᠠᠨ ᠣᠷᠣᠯᠴᠠᠭᠤᠯᠵᠤ᠂ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠬᠠᠮᠲᠤ᠎ᠪᠠᠷ ᠪᠠᠬᠢᠵᠢᠭᠦᠯᠬᠦ ᠬᠡᠷᠡᠭᠲᠡᠢ᠃
ᠳ᠋ᠦᠩ ᠱᠧᠩ ᠲᠣᠮᠢᠯᠠᠭᠰᠠᠨ ᠰᠠᠯᠪᠤᠷᠢ᠎ᠳᠤ᠂ ᠳᠠᠷᠬᠠᠠᠬᠦᠦ ᠦᠨᠳᠦᠰᠦᠨ ᠱᠠᠲᠤᠨ᠎ᠤ ᠠᠷᠠᠳ᠎ᠤᠨ ᠲᠤᠰᠠᠯᠠᠬᠤ ᠴᠠᠭᠳᠠᠭ᠎ᠠ᠎ᠲᠠᠢ ᠳᠣᠲᠣᠨᠣ᠎ᠪᠠᠷ ᠶᠠᠷᠢᠯᠴᠠᠵᠤ᠂ ᠲᠣᠮᠢᠯᠠᠭᠰᠠᠨ ᠰᠠᠯᠪᠤᠷᠢ ᠵᠢᠨ ᠡᠳᠦᠷ ᠲᠤᠳᠤᠮ᠎ᠤᠨ ᠴᠠᠭᠳᠠᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ᠂ ᠵᠥᠷᠢᠴᠡᠯ ᠵᠠᠭᠤᠷᠠᠯᠳᠤᠭ᠋ᠠᠨ᠎ᠢ ᠨᠠᠮᠳᠠᠭᠤᠯᠬᠤ᠂ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠰᠡᠷᠭᠡᠶ᠋ᠢᠯᠡᠨ ᠡᠵᠡᠮᠳᠡᠬᠦ᠂ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠡᠷᠭᠡ ᠠᠵᠢᠯ᠎ᠤᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠲᠣᠮᠢᠯᠠᠭᠰᠠᠨ ᠰᠠᠯᠪᠤᠷᠢ ᠵᠢᠨ ᠡᠯ᠎ᠡ ᠴᠢᠳᠠᠮᠵᠢᠳᠤ ᠣᠷᠣᠨ ᠪᠦᠰᠡ ᠵᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠲᠣᠮᠢᠯᠠᠭᠰᠠᠨ ᠰᠠᠯᠪᠤᠷᠢ ᠵᠢᠨ ᠠᠷᠠᠳ᠎ᠤᠨ ᠲᠤᠰᠠᠯᠠᠬᠤ ᠴᠠᠭᠳᠠᠭ᠎ᠠ ᠵᠢᠨ ᠦᠨᠳᠦᠰᠦᠨ ᠱᠠᠲᠤᠨ᠎ᠤ ᠴᠠᠭᠳᠠᠭ᠋ᠠᠨ᠎ᠤ ᠶᠠᠪᠤᠳᠠᠯ᠎ᠤᠨ ᠠᠵᠢᠯ᠎ᠤᠨ ᠲᠤᠬᠠᠢ ᠬᠦᠴᠢᠷ ᠠᠰᠠᠭᠤᠳᠠᠯ ᠪᠣᠯᠤᠨ ᠰᠠᠨᠠᠯ ᠰᠠᠨᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠴᠠᠢ᠃ ᠲᠡᠷᠡ᠂ ᠲᠣᠮᠢᠯᠠᠭᠰᠠᠨ ᠰᠠᠯᠪᠤᠷᠢ ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠣᠯᠠᠨ ᠲᠦᠮᠡᠨ᠎ᠲᠠᠢ ᠬᠠᠷᠢᠯᠴᠠᠬᠤ ᠬᠥᠭᠦᠷᠭᠡ ᠪᠠ ᠬᠤᠯᠪᠣᠭ᠋ᠠᠰᠤ ᠮᠥᠨ᠂ ᠨᠡᠶ᠋ᠢᠭᠡᠮ᠎ᠤᠨ ᠲᠣᠭᠲᠠᠭᠤᠨ᠎ᠢ ᠬᠠᠮᠠᠭ᠋ᠠᠯᠠᠬᠤ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ ᠮᠥᠨ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭ᠋ᠠᠨ᠎ᠢ ᠵᠢᠭᠰᠠᠭ᠋ᠠᠨ ᠪᠠᠶ᠋ᠢᠴᠠᠭ᠋ᠠᠵᠤ ᠠᠷᠢᠯᠭ᠋ᠠᠬᠤ ᠵᠠᠭᠪᠤᠷ᠎ᠤᠨ ᠰᠢᠨ᠎ᠡ ᠵᠢ ᠡᠭᠦᠳᠴᠦ᠂ ᠲᠣᠮᠢᠯᠠᠭᠰᠠᠨ ᠰᠠᠯᠪᠤᠷᠢ ᠵᠢᠨ ᠭᠤᠤᠯᠯᠠᠨ ᠰᠡᠷᠭᠡᠶ᠋ᠢᠯᠡᠬᠦ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠶᠠᠯᠠᠲᠤ ᠬᠡᠷᠡᠭ ᠡᠭᠦᠰᠬᠦ ᠵᠢ ᠪᠦᠲᠦᠮᠵᠢᠲᠡᠶ ᠰᠡᠷᠭᠡᠶ᠋ᠢᠯᠡᠬᠦ ᠬᠡᠷᠡᠭᠲᠡᠶ᠃ ᠡᠩᠨᠡᠭᠡᠨ᠎ᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠦᠨᠳᠦᠰᠦᠨ ᠱᠠᠲᠤᠨ᠎ᠤ ᠠᠷᠠᠳ᠎ᠤᠨ ᠲᠤᠰᠠᠯᠠᠬᠤ ᠴᠠᠭᠳᠠᠭ᠎ᠠ ᠵᠢ ᠨᠠᠷᠢᠨ ᠬᠢᠨᠠᠮᠠᠭ᠋ᠠᠢ ᠬᠠᠯᠠᠮᠵᠢᠯᠠᠨ ᠬᠠᠶ᠋ᠢᠷᠠᠯᠠᠵᠤ᠂ ᠰᠢᠯᠭ᠋ᠠᠷᠠᠭᠰᠠᠨ ᠳᠣᠲᠣᠭ᠋ᠠᠳᠤ ᠵᠢ ᠬᠠᠮᠠᠭ᠋ᠠᠯᠠᠬᠤ ᠲᠡᠮᠦᠷ ᠴᠡᠷᠢᠭ᠎ᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠬᠠᠷᠢᠶ᠎ᠠ ᠣᠷᠣᠨ᠎ᠤ ᠤᠯᠠᠨ ᠲᠦᠮᠡᠨ᠎ᠤ ᠠᠮᠤᠷ ᠲᠠᠶ᠋ᠢᠪᠤᠩ ᠠᠵᠤ ᠲᠦᠷᠦᠭᠦ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠡᠢ᠃
ᠬᠠᠶ᠋ᠢᠷ᠎ᠠ ᠰᠡᠳᠬᠢᠯᠭᠡ ᠵᠢᠨ ᠵᠢᠯᠣᠭᠤᠳᠬᠤ ᠲᠥᠪ᠂ ᠲᠤᠷᠰᠢᠨ ᠪᠠᠶ᠋ᠢᠴᠠᠭ᠋ᠠᠬᠤ ᠲᠥᠪ᠎ᠲᠤ᠂ ᠳᠠᠷᠬᠠᠨᠬᠦᠦ ᠬᠤᠶᠠᠷ ᠭᠠᠵᠠᠷ᠎ᠤᠨ ᠤᠶᠤᠨᠲᠤ ᠴᠠᠭᠳᠠᠭ᠋ᠠᠨ᠎ᠤ ᠶᠠᠪᠤᠳᠠᠯ᠂ 《ᠴᠠᠭ᠎ᠤᠨ ᠪᠠᠶ᠋ᠢᠳᠠᠯ᠎ᠤᠨ ᠵᠢᠭ᠋ᠠᠯᠲᠠ》 ᠵᠢ ᠨᠢᠭᠡ ᠴᠤᠬ᠍ᠴᠠᠵᠢᠭᠤᠯᠤᠬᠰᠠᠨ ᠠᠵᠢᠯᠯᠠᠭ᠋ᠠᠨ᠎ᠤ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠵᠤ᠂ ᠲᠤᠭ᠎ᠠ ᠪᠠᠷᠢᠮᠲᠠ ᠵᠢᠨ ᠡᠬᠢ ᠪᠠᠶᠠᠯᠢᠭ᠎ᠢ ᠨᠡᠶ᠋ᠢᠳᠬᠡᠬᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭ᠋ᠠᠳᠯᠠᠬᠤ᠂ ᠵᠢᠯᠣᠭᠤᠳᠤᠨ ᠲᠣᠬᠢᠷᠠᠭᠤᠯᠬᠤ᠂ ᠪᠣᠳᠠᠲᠤ ᠳᠠᠶ᠋ᠢᠨ᠎ᠤ ᠬᠡᠷᠡᠭᠯᠡᠯᠲᠡ ᠵᠡᠷᠭᠡ ᠬᠠᠮᠢᠶ᠎ᠠ ᠪᠦᠬᠦᠢ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠲᠡᠷᠡ ᠴᠢᠬᠤᠯᠠᠴᠢᠯᠠᠭᠰᠠᠨ᠎ᠨᠢ᠂ ᠤᠶᠤᠨᠲᠤ ᠴᠠᠭᠳᠠᠭ᠋ᠠᠨ᠎ᠤ ᠶᠠᠪᠤᠳᠠᠯ ᠪᠣᠯ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠭᠤᠣᠯᠯᠠᠭᠴᠢ ᠬᠥᠳᠡᠯᠭᠡᠭᠦᠷ ᠮᠥᠨ᠂ 《ᠬᠠᠶ᠋ᠢᠷ᠎ᠠ ᠰᠡᠳᠬᠢᠯᠭᠡ᠎ᠨᠢ ᠠᠵᠢᠯᠯᠠᠭ᠎ᠠ》 ᠵᠢ ᠨᠢᠭᠡ ᠴᠣᠭᠴᠠᠵᠢᠭᠤᠯᠤᠨ ᠠᠵᠢᠯᠯᠠᠭᠤᠯᠬᠤ ᠪᠣᠯ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠂ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠤᠰᠢᠭᠤᠷᠠᠯ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠂ ᠠᠮᠤᠷ᠎ᠢ ᠬᠠᠮᠠᠭ᠋ᠠᠯᠠᠬᠤ ᠰᠡᠷᠭᠡᠶ᠋ᠢᠯᠡᠨ ᠡᠵᠡᠮᠳᠡᠬᠦ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠡᠷᠭᠡ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠤᠨ ᠭᠦᠨᠵᠡᠭᠡᠶ ᠠᠭᠤᠰᠤᠯᠴᠠᠯ᠎ᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭ᠋ᠠᠳᠯᠠᠬᠤ ᠵᠢᠨ ᠨᠠᠷᠢᠯᠢᠭ ᠣᠨᠣᠪᠴᠢᠲᠤ ᠴᠢᠨᠠᠷ᠂ ᠵᠢᠯᠣᠭᠤᠳᠤᠨ ᠲᠣᠬᠢᠷᠠᠭᠤᠯᠬᠤ ᠥᠨᠳᠥᠷ ᠪᠦᠲᠦᠮᠵᠢᠲᠦ ᠴᠢᠨᠠᠷ᠂ ᠲᠤᠬᠠᠶ ᠵᠢᠨ ᠲᠠᠯᠠᠪᠤᠷ᠎ᠲᠤ ᠰᠢᠢ᠍ᠳᠪᠦᠷᠢᠯᠡᠬᠦ ᠴᠠᠭ ᠲᠤᠬᠠᠶ᠋ᠢᠴᠢ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠡᠰᠢᠲᠦ ᠲᠤᠭ᠎ᠠ ᠪᠠᠷᠢᠮᠲᠠ ᠵᠢ ᠡᠮᠬᠢᠯᠡᠨ ᠨᠡᠶ᠋ᠢᠯᠡᠭᠦᠯᠵᠦ᠂ ᠰᠢᠨ᠎ᠡ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠳᠠᠶ᠋ᠢᠴᠢᠨ ᠬᠦᠴᠦᠨ᠎ᠢ ᠬᠥᠭᠵᠢᠭᠡᠵᠦ᠂ ᠬᠠᠷᠢᠶᠠᠲᠤ ᠣᠷᠣᠨ᠎ᠤ ᠨᠡᠶ᠋ᠢᠭᠡᠮ᠎ᠤᠨ ᠶᠡᠭᠡ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠬᠠᠮᠠᠭ᠋ᠠᠯᠠᠬᠤ᠎ᠳᠤ ᠴᠢᠩᠭ᠎ᠠ ᠬᠦᠴᠦᠲᠡᠶ ᠵᠢᠯᠣᠭᠤᠳᠬᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠡᠶ᠃
ᠳ᠋ᠧᠩᠺᠸᠤ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠳᠠᠷᠤᠭ᠎ᠠ ᠾᠧ ᠷᠦᠩ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠥᠷᠥ ᠵᠢᠨ ᠭᠡᠰᠢᠭᠦᠨ ᠭᠤᠤ ᠬᠤᠢ ᠴᠢᠩ᠂ ᠤᠳᠤᠷᠢᠳᠬᠤ ᠪᠠᠭ᠎ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠠᠷ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ