ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠬᠤ᠌ ᠰᠢᠤᠸᠠᠢ ᠴᠤᠤ ᠪᠦᠯᠬᠦᠮ ᠳᠠᠭ᠋ᠠᠭᠤᠯᠤᠨ ᠱᠧᠨᠵᠧᠨ᠎ᠳᠤ ᠬᠦᠷᠴᠦ ᠳ᠋ᠧᠩᠺᠸᠤ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠰᠦᠪᠡᠭᠴᠢᠯᠡᠪᠡ

ᠨᠡᠶ᠋ᠢᠲᠡᠯᠡᠭᠰᠡᠨ ᠴᠠᠭ᠄   2025-12-03

12 ᠰᠠᠷ᠎ᠠ ᠵᠢᠨ 1᠎ᠤ ᠡᠳᠦᠷ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠪᠦᠯᠬᠦᠮ ᠳᠠᠭ᠋ᠠᠭᠤᠯᠤᠨ ᠱᠧᠨᠵᠧᠨ᠎ᠳᠤ ᠭᠤᠸᠠᠩᠳᠦ᠋ᠩ ᠮᠤᠵᠢ ᠵᠢᠨ ᠥᠪᠥᠷ ᠮᠣᠩᠭᠤᠯ᠎ᠤᠨ ᠪᠠᠶᠠᠨᠨᠠᠭᠤᠷ᠎ᠤᠨ ᠬᠤᠳᠠᠯᠳᠤᠭ᠋ᠠᠴᠢᠳ᠎ᠤᠨ ᠡᠪᠯᠡᠯ᠎ᠳᠤ ᠬᠦᠷᠴᠦ ᠬᠤᠳᠠᠯᠳᠤᠭ᠋ᠠᠴᠢᠨ ᠤᠷᠢᠵᠤ ᠵᠣᠯᠭ᠋ᠠᠭᠤᠯᠪᠠ᠃

ᠬᠤ᠌ ᠰᠢᠤᠸᠠᠢ ᠴᠤᠤ ᠳ᠋ᠧᠩᠺᠸᠤ ᠰᠢᠶᠠᠨ᠎ᠤ ᠡᠬᠢ ᠪᠠᠶᠠᠯᠢᠭ᠎ᠤᠨ ᠳᠠᠪᠠᠭᠤᠯᠢᠭ᠂ ᠣᠷᠣᠨ ᠪᠠᠶ᠋ᠢᠷᠢ ᠵᠢᠨ ᠨᠥᠬᠦᠴᠡᠯ᠂ ᠠᠵᠤ ᠦᠢ᠍ᠯᠡᠰ᠎ᠤᠨ ᠳᠠᠪᠠᠭᠤᠯᠢᠭ ᠪᠣᠯᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠷᠢᠨ ᠲᠠᠨᠢᠯᠴᠠᠭᠤᠯᠪᠠ᠃ ᠲᠡᠷᠡ᠂ ᠳ᠋ᠧᠩᠺᠸᠤ ᠰᠢᠶᠠᠨ ᠶᠠᠭ ᠰᠢᠨ᠎ᠡ ᠡᠨᠧᠷᠭᠢ ᠵᠢᠴᠢ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ ᠵᠢᠴᠢ ᠲᠣᠨᠣᠭᠯᠠᠯ ᠦᠢ᠍ᠯᠡᠳᠬᠦ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠡᠳ᠋ᠰᠢᠭᠦᠯᠬᠦ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠰᠢᠪᠲᠤᠯᠤᠯᠲᠠ ᠭᠠᠷᠭ᠋ᠠᠵᠤ ᠪᠠᠶ᠋ᠢᠨ᠎ᠠ; ᠰᠠᠯᠬᠢ ᠭᠡᠷᠡᠯ ᠤᠰᠤᠲᠥ᠋ᠷᠥᠭᠴᠢ ᠵᠢᠨ ᠰᠢᠪᠲᠦᠷᠲᠦ ᠠᠯᠺᠤᠤᠯ᠂ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ᠂ ᠳᠤᠮᠳᠠᠳᠤ ᠮᠣᠩᠭᠤᠯ᠎ᠤᠨ ᠤᠨᠴᠠᠯᠢᠬᠳᠤ ᠡᠮ᠎ᠤᠨ ᠮᠠᠲ᠋ᠧᠷᠢᠶᠠᠯ ᠵᠡᠷᠭᠡ ᠠᠵᠤ ᠦᠢ᠍ᠯᠡᠰ᠎ᠤᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠬᠤᠳᠠᠯᠳᠤᠭ᠋ᠠᠴᠢᠳ᠎ᠤᠨ ᠡᠪᠯᠡᠯ᠎ᠲᠠᠢ ᠬᠠᠷᠢᠯᠴᠠᠭ᠎ᠠ᠎ᠪᠠᠨ ᠴᠢᠩᠭ᠋ᠠᠳᠬᠠᠵᠤ᠂ ᠵᠣᠯᠭ᠋ᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠠᠮᠢᠶ᠎ᠠ ᠪᠦᠬᠦᠢ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠵᠢ ᠪᠡᠶᠡᠯᠡᠭᠦᠯᠬᠦ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃

ᠭᠤᠸᠠᠩᠳᠦ᠋ᠩ ᠮᠤᠵᠢ ᠵᠢᠨ ᠥᠪᠥᠷ ᠮᠣᠩᠭᠤᠯ᠎ᠤᠨ ᠪᠠᠶᠠᠨᠨᠠᠭᠤᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠬᠡᠷᠡᠭ ᠬᠢᠨᠠᠭᠴᠢ ᠵᠢᠨ ᠳᠠᠷᠤᠭ᠎ᠠ ᠸᠠᠩ ᠵᠢᠢ ᠷᠧᠨ ᠬᠤᠳᠠᠯᠳᠤᠭ᠋ᠠᠴᠢᠳ᠎ᠤᠨ ᠡᠪᠯᠡᠯ᠎ᠤᠨ ᠬᠥᠭᠵᠢᠯᠲᠡ ᠵᠢᠨ ᠶᠠᠪᠤᠴᠠ᠂ ᠦᠢ᠍ᠯᠡᠴᠢᠯᠡᠭᠡᠨ᠎ᠤ ᠴᠢᠳᠠᠮᠵᠢ ᠪᠣᠯᠤᠨ ᠡᠬᠢ ᠪᠠᠶᠠᠯᠢᠭ᠎ᠤᠨ ᠪᠠᠶ᠋ᠢᠳᠠᠯ᠎ᠢ ᠨᠠᠷᠢᠨ ᠲᠠᠨᠢᠯᠴᠠᠭᠤᠯᠵᠤ᠂ ᠳ᠋ᠧᠩᠺᠸᠤ ᠰᠢᠶᠠᠨ᠎ᠤ ᠡᠬᠢ ᠪᠠᠶᠠᠯᠢᠭ᠎ᠤᠨ ᠨᠥᠬᠦᠴᠡᠯ ᠪᠣᠯᠤᠨ ᠬᠥᠭᠵᠢᠯᠲᠡ ᠵᠢᠨ ᠢᠷᠡᠭᠡᠳᠦᠢ ᠵᠢ ᠳᠡᠭᠡᠳᠦ ᠬᠡᠮᠵᠢᠶ᠎ᠡ᠎ᠪᠠᠷ ᠦᠨᠡᠯᠡᠪᠡ᠃ ᠲᠡᠷᠡ᠂ ᠬᠤᠳᠠᠯᠳᠤᠭ᠋ᠠᠴᠢᠳ᠎ᠤᠨ ᠡᠪᠯᠡᠯ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ ᠵᠶ᠋ᠠᠨ ᠢᠳᠡᠪᠬᠢᠲᠡᠢ ᠪᠠᠳᠠᠷᠠᠭᠤᠯᠵᠤ᠂ ᠨᠡᠩ ᠤᠯᠠᠨ ᠰᠢᠯᠢᠳᠡᠭ ᠠᠵᠤ ᠠᠬᠤᠶ᠋ᠢᠯᠠᠯ᠎ᠲᠠᠢ ᠬᠠᠷᠢᠯᠴᠠᠵᠤ ᠵᠣᠯᠭ᠋ᠠᠭᠤᠯᠤᠨ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ᠂ ᠪᠡᠯᠡ ᠣᠷᠣᠭᠤᠯᠤᠨ ᠦᠢ᠍ᠯᠡᠰ ᠪᠤᠰᠬᠠᠨ᠎ᠠ ᠭᠡᠵᠦ ᠢᠯᠡᠳᠬᠡᠪᠡ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ