ᠶᠢᠰᠦᠨ ᠭᠠᠵᠠᠷ ᠭᠠᠷ ᠬᠣᠯᠪᠣᠨ ᠳᠠᠬᠢᠨ ᠦᠷᠭᠦᠯᠵᠢᠯᠡᠨ ᠠᠶᠠᠯ ᠠᠭ᠋ᠠᠷᠠᠢ! ᠳ᠋ᠧᠩᠺᠸᠤ ᠰᠢᠶᠠᠨ᠎ᠤ ᠡᠮ ᠡᠮᠨᠡᠯᠭᠡ ᠵᠢᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠰᠢᠨ᠎ᠡ ᠬᠠᠭᠤᠳᠠᠰᠤ ᠵᠢ ᠪᠢᠴᠢᠭᠯᠡᠪᠡ
ᠨᠡᠶ᠋ᠢᠲᠡᠯᠡᠭᠰᠡᠨ ᠴᠠᠭ᠄ 2026-01-07
1 ᠰᠠᠷ᠎ᠠ ᠵᠢᠨ 6᠎ᠤ ᠡᠳᠦᠷ᠂ 《ᠶᠢᠰᠦᠨ ᠭᠠᠵᠠᠷ᠎ᠤᠨ ᠬᠠᠮᠲᠤᠷᠠᠯᠴᠠᠭ᠎ᠠ》 ᠵᠢᠨ ᠳ᠋ᠧᠩᠺᠸᠤ ᠰᠢᠶᠠᠨ᠎ᠤ ᠡᠮᠴᠢᠯᠡᠭᠡᠨ᠎ᠤ ᠲᠦᠷᠦᠯ ᠵᠦᠢ᠍ᠯ᠎ᠤᠨ ᠭᠡᠷ᠎ᠡ ᠲᠣᠭᠲᠠᠬᠤ ᠶᠣᠰᠣᠯᠠᠯ ᠬᠤᠷᠠᠯ ᠦᠵᠡᠰᠬᠦᠯᠡᠩ᠎ᠤᠨ ᠲᠥᠪ᠎ᠲᠤ ᠦᠪᠡᠳᠡᠭᠰᠢ ᠶᠡᠭᠡ᠎ᠪᠠᠷ ᠶᠠᠪᠤᠭᠳᠠᠪᠠ᠃
ᠶᠣᠰᠣᠯᠠᠯ ᠳᠡᠭᠡᠷ᠎ᠡ᠂ ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠣᠷᠣᠯᠠᠭᠴᠢ ᠰᠢᠶᠠᠨ᠎ᠤ ᠳᠠᠷᠤᠭ᠎ᠠ ᠵᠠᠩ ᠢᠦᠢ ᠤᠭᠲᠤᠬᠤ ᠦᠭᠡ ᠬᠡᠯᠡᠪᠡ᠃ ᠲᠡᠷᠡ᠂ 2022 ᠣᠨ᠎ᠤ 《ᠶᠢᠰᠦᠨ ᠭᠠᠵᠠᠷ᠎ᠤᠨ ᠬᠠᠮᠲᠤᠷᠠᠯᠴᠠᠭ᠎ᠠ》 ᠵᠢᠨ ᠡᠮᠴᠢᠯᠡᠭᠡᠨ᠎ᠤ ᠲᠦᠷᠦᠯ ᠵᠦᠢ᠍ᠯ ᠠᠩᠬ᠎ᠠ ᠤᠳᠠᠭ᠎ᠠ ᠭᠡᠷ᠎ᠡ ᠲᠣᠭᠲᠠᠭᠰᠠᠨ᠎ᠠᠴᠠ ᠨᠠᠰᠢ᠂ ᠶᠢᠰᠦ ᠭᠤᠷᠪᠠ ᠰᠤᠳᠤᠯᠭ᠋ᠠᠨ᠎ᠤ ᠨᠡᠶ᠋ᠢᠭᠡᠮᠯᠢᠭ᠎ᠤᠨ ᠥᠪᠥᠷ ᠮᠣᠩᠭᠤᠯ᠎ᠤᠨ ᠨᠠᠮ᠎ᠤᠨ ᠬᠤᠷᠢᠶ᠎ᠠ ᠢᠮᠠᠭᠲᠠ ᠳ᠋ᠧᠩᠺᠸᠤ ᠰᠢᠶᠠᠨ᠎ᠤ ᠤᠯᠠᠨ ᠲᠦᠮᠡᠨ᠎ᠤ ᠡᠷᠡᠭᠦᠯ ᠮᠡᠨᠳᠤ᠎ᠲᠠᠢ ᠰᠡᠳᠬᠢᠯ ᠵᠢᠷᠦᠬᠡ᠎ᠪᠠᠨ ᠬᠤᠯᠪᠣᠵᠤ᠂ ᠰᠢᠶᠠᠨ᠎ᠤ ᠬᠡᠪᠴᠢᠶᠡᠨ᠎ᠤ ᠡᠮᠴᠢᠯᠡᠭᠡᠨ᠎ᠤ ᠮᠡᠷᠭᠡᠵᠢᠯ᠎ᠤᠨ ᠤᠯᠠᠨ ᠵᠦᠢ᠍ᠯ᠎ᠤᠨ ᠬᠤᠭᠤᠰᠣᠨ᠎ᠢ ᠨᠥᠬᠦᠪᠥᠷᠢᠯᠡᠵᠦ᠂ ᠨᠡᠩ ᠴᠤ᠌ ᠤᠯᠠᠨ ᠲᠦᠮᠡᠨ᠎ᠳᠤ ᠭᠡᠷ᠎ᠤᠨ ᠡᠭᠦᠳᠡᠨ᠎ᠳᠤ᠎ᠪᠠᠨ ᠭᠤᠷᠪᠠᠨ ᠬᠥᠬᠡ ᠲᠡᠰ᠎ᠤᠨ ᠡᠮᠴᠢᠯᠡᠭᠡᠨ᠎ᠤ ᠦᠢ᠍ᠯᠡᠴᠢᠯᠡᠭᠡ ᠬᠦᠷᠲᠡᠭᠡᠵᠦ᠂ ᠡᠨᠡ ᠬᠦ᠌ ᠮᠢᠩᠭ᠋ᠠᠨ ᠭᠠᠵᠠᠷ᠎ᠢ ᠠᠯᠤᠰᠯᠠᠭᠰᠠᠨ ᠡᠮᠴᠢ ᠵᠢᠨ ᠡᠨᠡᠷᠢᠩᠭᠦᠢ ᠰᠡᠳᠬᠢᠯ᠎ᠢ ᠪᠦᠬᠦ ᠰᠢᠶᠠᠨ᠎ᠤ ᠠᠷᠠᠳ ᠲᠦᠮᠡᠨ ᠰᠡᠳᠬᠢᠯ᠎ᠳᠡᠭᠡᠨ ᠪᠠᠲᠤ ᠴᠡᠭᠡᠵᠢᠯᠡᠵᠦ ᠪᠠᠶ᠋ᠢᠨ᠎ᠠ᠃
ᠶᠢᠰᠦ ᠭᠤᠷᠪᠠ ᠡᠷᠳᠡᠮ ᠰᠢᠨᠵᠢᠯᠡᠭᠡᠨ᠎ᠤ ᠨᠡᠶ᠋ᠢᠭᠡᠮᠯᠢᠭ᠎ᠤᠨ ᠲᠥᠪ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠡᠷᠬᠢᠯᠡᠭᠴᠢ ᠭᠡᠰᠢᠭᠦᠨ ᠢᠦᠶ ᠷᠧᠨ ᠵᠢᠶᠧ ᠶᠠᠷᠢᠶᠠᠨ᠎ᠳᠠᠭᠠᠨ᠂ 《ᠶᠢᠰᠦᠨ ᠭᠠᠵᠠᠷ᠎ᠤᠨ ᠬᠠᠮᠲᠤᠷᠠᠯᠴᠠᠭ᠎ᠠ》 ᠪᠣᠯ ᠶᠢᠰᠦ ᠭᠤᠷᠪᠠ ᠡᠷᠳᠡᠮ ᠰᠢᠨᠵᠢᠯᠡᠭᠡᠨ᠎ᠤ ᠨᠡᠶ᠋ᠢᠭᠡᠮᠯᠢᠭ᠎ᠤᠨ ᠣᠶᠤᠨ᠎ᠤ ᠳᠠᠪᠠᠭᠤᠯᠢᠭ ᠵᠶ᠋ᠠᠨ ᠪᠠᠳᠠᠷᠠᠭᠤᠯᠬᠤ ᠨᠡᠶ᠋ᠢᠭᠡᠮ᠎ᠤᠨ ᠦᠢ᠍ᠯᠡᠴᠢᠯᠡᠭᠡᠨ᠎ᠤ ᠨᠠᠷᠠᠲᠤ ᠲᠡᠮᠳᠡᠭ ᠮᠥᠨ᠂ ᠲᠣᠰ ᠤᠳᠠᠭ᠎ᠠ ᠪᠠᠷᠤᠭ ᠪᠥᠬᠦ ᠲᠠᠯ᠎ᠠ᠎ᠪᠠᠷ ᠠᠶᠠᠯᠠᠯ ᠵᠶ᠋ᠠᠨ ᠡᠬᠢᠯᠡᠭᠦᠯᠵᠦ᠂ ᠢᠷᠡᠭᠡᠳᠦᠶ᠎ᠳᠤ ᠡᠬᠢ ᠪᠠᠶᠠᠯᠢᠭ᠎ᠤᠨ ᠠᠷᠭ᠎ᠠ ᠵᠠᠮ᠎ᠢ ᠥᠷᠭᠡᠳᠬᠡᠵᠦ᠂ ᠰᠢᠨᠵᠢᠯᠡᠭᠡᠨ᠎ᠤ ᠰᠠᠯᠠᠭ᠎ᠠ ᠵᠢᠨ ᠪᠠᠶ᠋ᠢᠭᠤᠯᠤᠯᠲᠠ ᠬᠢᠭᠡᠳ ᠴᠢᠳᠠᠪᠤᠷᠢᠲᠠᠨ᠎ᠢ ᠬᠥᠮᠦᠵᠢᠭᠦᠯᠬᠦ ᠶᠠᠪᠤᠳᠠᠯ᠎ᠢ ᠭᠦᠨᠵᠡᠭᠡᠶ᠋ᠢᠷᠡᠭᠦᠯᠵᠦ᠂ ᠳ᠋ᠧᠩᠺᠸᠤ ᠰᠢᠶᠠᠨ᠎ᠲᠠᠢ ᠬᠠᠮᠵᠢᠯᠴᠠᠭ᠎ᠠ᠎ᠪᠠᠨ ᠭᠦᠨᠵᠡᠭᠡᠶ᠋ᠢᠷᠡᠭᠦᠯᠦᠨ᠂ ᠰᠢᠶᠠᠨ᠎ᠤ ᠬᠡᠪᠴᠢᠶᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠠᠮᠲᠤ᠎ᠪᠠᠷ ᠬᠦᠴᠦᠨ ᠨᠡᠮᠡᠷᠢᠯᠡᠵᠦ᠂ ᠠᠷᠠᠳ ᠣᠯᠠᠨ᠎ᠤ ᠠᠮᠤᠷ ᠲᠦᠪᠰᠢᠨ ᠡᠷᠡᠭᠦᠯ ᠮᠡᠨᠳᠦ ᠵᠢ ᠰᠠᠬᠢᠨ ᠬᠠᠮᠠᠭ᠋ᠠᠯᠠᠨ᠎ᠠ ᠭᠡᠵᠦ ᠢᠯᠡᠳᠬᠡᠪᠡ᠃
ᠳᠠᠷᠠᠭ᠎ᠠ᠎ᠨᠢ᠂ ᠳ᠋ᠧᠩᠺᠸᠤ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠯᠢ ᠸᠧᠨ ᠹᠠᠩ 《9 · 3》᠎ᠤ ᠡᠷᠳᠡᠮ ᠰᠢᠨᠵᠢᠯᠡᠭᠡᠨ᠎ᠤ ᠨᠡᠶ᠋ᠢᠭᠡᠮᠯᠢᠭ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶᠠᠨ᠎ᠤ ᠳᠡᠳ᠋ ᠡᠷᠬᠢᠯᠡᠭᠴᠢ ᠭᠡᠰᠢᠭᠦᠨ ᠵᠦ᠍ ᠬᠤᠸᠠ᠎ᠲᠠᠢ 《ᠶᠢᠰᠦᠨ ᠭᠠᠵᠠᠷ᠎ᠤᠨ ᠬᠠᠮᠲᠤᠷᠠᠯᠴᠠᠭ᠎ᠠ》 ᠵᠢᠨ ᠬᠡᠯᠡᠯᠴᠡᠭᠡᠷ᠎ᠲᠤ ᠭᠠᠷᠤᠨ ᠦᠰᠦᠭ ᠵᠢᠷᠤᠪᠠ᠃ ᠭᠡᠷ᠎ᠡ ᠲᠣᠭᠲᠠᠭᠰᠠᠨ᠎ᠤ ᠳᠠᠷᠠᠭ᠎ᠠ᠂ ᠲᠤᠰᠬᠠᠶ ᠮᠡᠷᠭᠡᠵᠢᠯᠲᠡᠳ ᠰᠢᠶᠠᠨ᠎ᠤ ᠠᠷᠠᠳ᠎ᠤᠨ ᠡᠮᠨᠡᠯᠭᠡ ᠵᠢᠨ ᠬᠤᠷᠢᠶᠠᠨ᠎ᠳᠤ ᠬᠦᠷᠴᠦ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠬᠠᠮᠲᠤᠷᠠᠯᠴᠠᠭ᠋ᠠᠨ᠎ᠤ ᠠᠮᠠᠯᠠᠯᠲᠠ᠎ᠪᠠᠨ ᠦᠢ᠍ᠯᠡᠳᠦᠯᠭᠡᠵᠢᠭᠦᠯᠪᠡ᠃ ᠳ᠋ᠧᠩᠺᠸᠤ ᠰᠢᠶᠠᠨ ᠲᠤᠰ ᠤᠳᠠᠭ᠎ᠠ ᠵᠢᠨ ᠭᠡᠷ᠎ᠡ ᠵᠢ ᠦᠷᠭᠦᠯᠵᠢᠯᠡᠭᠦᠯᠬᠦ᠎ᠪᠠᠷ ᠭᠤᠣᠯ ᠠᠵᠠ ᠲᠣᠬᠢᠶᠠᠯ ᠪᠣᠯᠭ᠋ᠠᠵᠤ᠂ 《ᠳᠤᠲᠠᠭᠤᠳᠠᠯ᠎ᠢ ᠨᠥᠬᠦᠪᠥᠷᠢᠯᠡᠬᠦ᠂ ᠪᠠᠭᠤᠷᠠᠢ ᠲᠠᠯ᠎ᠠ ᠵᠢ ᠬᠦᠴᠦᠷᠬᠡᠭᠵᠢᠭᠦᠯᠬᠦ᠂ ᠴᠢᠳᠠᠪᠤᠷᠢ ᠵᠢ ᠳᠡᠭᠡᠭᠰᠢᠯᠡᠭᠦᠯᠬᠦ》᠎ᠪᠠᠷ ᠬᠠᠷᠠᠯᠲᠠ ᠪᠣᠯᠭ᠋ᠠᠵᠤ᠂ ᠲᠤᠰᠬᠠᠢ ᠮᠡᠷᠭᠡᠵᠢᠯᠲᠡᠨ᠎ᠤ ᠪᠦᠯᠬᠦᠮ᠎ᠯᠦᠭᠡ ᠵᠢᠨ ᠰᠣᠯᠢᠯᠴᠠᠭ᠎ᠠ ᠬᠠᠮᠵᠢᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠲᠤᠰ ᠭᠠᠵᠠᠷ ᠣᠷᠣᠨ᠎ᠤ ᠡᠮᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢ ᠬᠦᠴᠦᠯᠡᠨ ᠪᠤᠶ᠋ᠢᠵᠢᠭᠤᠯᠵᠤ᠂ ᠭᠤᠣᠯᠳᠠᠯᠭ᠎ᠠ᠎ᠲᠠᠢ ᠰᠢᠨᠵᠢᠯᠡᠭᠡᠨ᠎ᠤ ᠰᠠᠯᠠᠭ᠋ᠠᠨ᠎ᠤ ᠣᠨᠣᠰᠢᠯᠠᠨ ᠡᠮᠨᠡᠬᠦ ᠲᠦᠪᠰᠢᠨ᠎ᠢ ᠳᠡᠭᠡᠭᠰᠢᠯᠡᠭᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠬᠠᠮᠲᠤᠷᠠᠯᠴᠠᠭ᠋ᠠᠨ᠎ᠤ ᠠᠰᠢᠭ ᠲᠤᠰᠠ ᠵᠢ ᠦᠨᠡᠨ ᠬᠦ᠌ ᠤᠯᠠᠨ ᠲᠦᠮᠡᠨ᠎ᠤ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠡᠷᠡᠭᠦᠯ ᠮᠡᠨᠳᠤ ᠠᠵᠠ ᠵᠢᠷᠭ᠋ᠠᠯ ᠪᠣᠯᠭ᠋ᠠᠨ ᠬᠤᠪᠢᠷᠠᠭᠤᠯᠵᠤ᠂ ᠳ᠋ᠧᠩᠺᠸᠤ ᠰᠢᠶᠠᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠠᠬᠢᠨ ᠰᠢᠨ᠎ᠡ ᠳᠡᠭᠲᠡᠷ᠎ᠲᠤ ᠭᠠᠷᠭ᠋ᠠᠬᠤ ᠵᠢ ᠬᠦᠴᠦᠯᠡᠨ ᠠᠬᠢᠭᠤᠯᠬᠤ ᠬᠡᠷᠡᠭᠲᠡᠢ!
ᠶᠢᠰᠦ ᠭᠤᠷᠪᠠ ᠡᠷᠳᠡᠮ ᠰᠢᠨᠵᠢᠯᠡᠭᠡᠨ᠎ᠤ ᠨᠡᠶ᠋ᠢᠭᠡᠮᠯᠢᠭ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠢᠦᠢ ᠷᠧᠨ ᠵᠢᠶᠧ᠂ ᠵᠦ᠍ ᠬᠤᠸᠠ᠂ ᠶᠠᠩ ᠶᠤᠸᠠᠢ ᠶᠦᠩ᠂ ᠴᠢᠶᠣᠤ ᠬᠠᠢ ᠼᠦᠨ ᠵᠢᠴᠢ ᠡᠮᠴᠢᠯᠡᠭᠡᠨ᠎ᠤ ᠲᠤᠰᠬᠠᠢ ᠮᠡᠷᠭᠡᠵᠢᠯᠲᠡᠨ᠂ ᠰᠢᠶᠠᠨ᠎ᠤ ᠤᠳᠤᠷᠢᠳᠤᠯᠭ᠎ᠠ ᠵᠠᠩ ᠢᠦᠢ᠂ ᠭᠦᠩ ᠵᠢᠶᠠᠨ ᠭᠠᠩ᠂ ᠬᠤᠸᠠᠩ ᠰᠢᠶᠤᠤ ᠹᠧᠩ᠂ ᠯᠢ ᠸᠧᠨ ᠹᠠᠩ ᠭᠠᠷᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ᠃
ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ