ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠎ᠤᠨ ᠲᠦᠷᠦᠯ ᠵᠦᠢ᠍ᠯ᠎ᠤᠨ ᠲᠥᠯᠥᠪᠵᠢᠭᠦᠯᠭᠡ ᠵᠢᠨ ᠶᠠᠷᠢᠯᠴᠠᠬᠤ ᠬᠤᠷᠠᠯ ᠬᠤᠷᠠᠯᠳᠤᠭᠤᠯᠪᠠ

ᠨᠡᠶ᠋ᠢᠲᠡᠯᠡᠭᠰᠡᠨ ᠴᠠᠭ᠄   2026-01-06

1 ᠰᠠᠷ᠎ᠠ ᠵᠢᠨ 5᠎ᠤ ᠡᠳᠦᠷ᠂ ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠱᠦᠵᠢ ᠯᠢᠦ ᠰᠢᠶᠠᠩ ᠶᠠᠩ ᠪᠣᠯᠤᠨ ᠬᠤᠸᠠ ᠬᠤᠢ ᠢᠨᠵᠧᠨᠧᠷᠢᠩ᠎ᠤᠨ ᠵᠢᠷᠤᠭ ᠲᠥᠯᠥᠪᠯᠡᠭᠡ ᠵᠢᠨ ᠪᠦᠯᠦᠭᠯᠡᠯ᠎ᠤᠨ ᠶᠡᠷᠦᠩᠬᠡᠢ ᠳᠠᠭ᠋ᠠᠭ᠋ᠠᠮᠠᠯ ᠵᠤᠤ ᠫᠧᠩ ᠹᠸᠢ ᠨᠠᠷ ᠳ᠋ᠧᠩᠺᠸᠤ ᠰᠢᠶᠠᠨ᠎ᠤ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ᠎ᠤ ᠲᠦᠷᠦᠯ ᠵᠦᠢ᠍ᠯ᠎ᠤᠨ ᠲᠥᠯᠥᠪᠵᠢᠭᠦᠯᠭᠡ ᠵᠢᠨ ᠲᠤᠬᠠᠢ ᠶᠠᠷᠢᠯᠴᠠᠨ ᠰᠣᠯᠢᠯᠴᠠᠪᠠ᠃

ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠳ᠋ᠧᠩᠺᠸᠦ ᠰᠢᠶᠠᠨ 《ᠨᠢᠭᠡ ᠪᠦᠰᠡ ᠨᠢᠭᠡ ᠵᠠᠮ》᠎ᠤᠨ ᠡᠬᠡ ᠬᠠᠭᠤᠷᠠᠶ ᠵᠢᠨ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠲᠠᠰ ᠳᠡᠪᠰᠢᠭᠰᠡᠨ ᠴᠠᠭ ᠦᠶ᠎ᠡ ᠵᠢᠨ ᠠᠬᠤᠶ ᠪᠠᠶ᠋ᠢᠳᠠᠯ᠎ᠳᠤ ᠰᠠᠭᠤᠷᠢᠯᠠᠨ᠂ ᠤᠯᠤᠰ᠎ᠤᠨ 《ᠲᠡᠭᠡᠭᠡᠪᠦᠷᠢ ᠵᠢᠨ ᠪᠦᠲᠦᠴᠡ᠎ᠳᠤ ᠲᠣᠬᠢᠷᠠᠭᠤᠯᠤᠯᠲᠠ ᠬᠢᠵᠦ᠂ ᠵᠠᠰᠠᠮᠠᠯ ᠵᠠᠮ᠎ᠢ ᠲᠡᠮᠦᠷ ᠵᠠᠮ ᠪᠣᠯᠭ᠋ᠠᠨ ᠬᠤᠪᠢᠷᠠᠭᠤᠯᠬᠤ》 ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠢᠳᠡᠪᠬᠢᠲᠡᠶ ᠳᠠᠭ᠋ᠠᠵᠤ᠂ ᠰᠢᠨᠵᠢᠶᠠᠩ᠎ᠤᠨ ᠨᠡᠭᠦᠷᠡᠰᠦ ᠵᠢ ᠥᠪᠥᠷ ᠮᠣᠩᠭᠤᠯ᠎ᠳᠤ ᠣᠷᠣᠭᠤᠯᠬᠤ᠂ ᠰᠢᠨᠵᠢᠶᠠᠩ᠎ᠤᠨ ᠨᠡᠭᠦᠷᠡᠰᠦ ᠵᠢ ᠡᠮᠦᠨᠡᠰᠢ ᠪᠠᠭᠤᠯᠭ᠋ᠠᠬᠤ ᠭᠤᠤᠯ ᠵᠠᠮ᠎ᠤᠨ ᠳᠠᠪᠠᠭᠤᠯᠢᠭ᠎ᠲᠠᠢ ᠤᠶᠠᠯᠳᠤᠭᠤᠯᠤᠨ᠂ 《ᠪᠠᠷᠠᠭᠤᠨ ᠣᠷᠣᠨ᠎ᠤ ᠡᠬᠡ ᠬᠠᠭᠤᠷᠠᠶ ᠲᠡᠯᠡᠶ ᠵᠢᠨ ᠰᠢᠨ᠎ᠡ ᠵᠠᠮ》᠎ᠤᠨ ᠪᠥᠲᠥᠭᠡᠨ ᠪᠠᠶ᠋ᠢᠭᠤᠯᠤᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠎ᠤᠨ ᠲᠡᠮᠦᠷ ᠵᠠᠮ᠎ᠤᠨ ᠲᠤᠰᠬᠠᠶ ᠱᠤᠭᠤᠮ᠎ᠤᠨ ᠲᠥᠷᠥᠯ ᠵᠦᠢ᠍ᠯ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡ᠎ᠪᠠᠷ ᠬᠥᠳᠡᠯᠭᠡᠭᠦᠷ ᠪᠣᠯᠭ᠋ᠠᠭᠰᠠᠨ᠂ ᠡᠬᠢ ᠪᠠᠶᠠᠯᠢᠭ᠎ᠢ ᠡᠳ᠋ᠰᠢᠭᠦᠯᠬᠦ᠎ᠪᠠᠷ ᠥᠷᠲᠡᠭ᠎ᠤᠨ ᠭᠤᠤᠯ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃

ᠬᠤᠷᠠᠯ᠎ᠠᠴᠠ᠂ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ᠎ᠢ ᠪᠠᠶ᠋ᠢᠭᠤᠯᠬᠤ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠬᠦ ᠪᠣᠯ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠲᠤᠯᠭ᠋ᠠᠭᠤᠷᠢᠯᠠᠯ ᠪᠣᠯᠤᠨ᠎ᠠ᠃ ᠪᠦᠬᠦ ᠲᠠᠯ᠎ᠠ ᠵᠢᠨ ᠲᠥᠯᠥᠪᠵᠢᠭᠦᠯᠭᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠎ᠤᠨ ᠲᠥᠯᠥᠪᠵᠢᠭᠦᠯᠭᠡ ᠵᠢ ᠬᠥᠭᠵᠢᠯᠲᠡ ᠵᠢᠨ ᠲᠥᠯᠥᠪᠵᠢᠭᠦᠯᠭᠡ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠂ ᠣᠷᠣᠨ ᠪᠦᠰᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠂ ᠲᠡᠮᠦᠷ ᠵᠠᠮ᠎ᠤᠨ ᠲᠡᠭᠡᠭᠡᠪᠦᠷᠢ ᠵᠢᠨ ᠰᠦᠯᠵᠢᠶᠡᠨ᠎ᠤ ᠲᠥᠯᠥᠪᠵᠢᠭᠦᠯᠭᠡ᠎ᠲᠠᠢ ᠰᠠᠨᠠᠭ᠋ᠠᠴᠢᠯᠠᠭ᠎ᠠ᠎ᠠᠴᠠ᠎ᠪᠠᠨ ᠭᠦᠨᠵᠡᠭᠡᠶ ᠵᠣᠯᠭ᠋ᠠᠭᠤᠯᠵᠤ᠂ ᠪᠣᠬᠢᠷᠲᠤᠯ ᠦᠭᠡᠢ᠎ᠪᠠᠷ ᠡᠨᠧᠷᠭᠢ ᠵᠢᠨ ᠬᠥᠭᠵᠢᠯᠲᠡ ᠵᠢᠨ ᠬᠤᠷᠳᠤᠴᠠ ᠵᠢ ᠨᠡᠮᠡᠭᠳᠡᠭᠦᠯᠬᠦ ᠬᠡᠷᠡᠭᠲᠡᠢ᠃ ᠪᠦᠬᠦ ᠲᠠᠯᠠᠪᠤᠷ᠎ᠤᠨ ᠬᠡᠷᠡᠭᠯᠡᠯᠲᠡ ᠵᠢ ᠪᠦᠬᠦ ᠲᠠᠯ᠎ᠠ᠎ᠪᠠᠷ ᠬᠡᠷᠡᠭᠯᠡᠵᠦ᠂ ᠰᠣᠯᠣᠩᠭ᠋ᠠᠨ ᠲᠠᠲᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠪᠣᠬᠢᠷᠲᠤᠯ ᠦᠭᠡᠢ ᠴᠠᠬᠢᠯᠭ᠋ᠠᠨ》 ᠤᠯᠠᠨ ᠡᠵᠡᠩᠨᠡᠯᠲᠡ ᠵᠢᠨ ᠬᠡᠯᠪᠡᠷᠢ ᠵᠢᠨ ᠠᠪᠤᠴᠠᠯᠳᠤᠬᠤ ᠠᠵᠤ ᠦᠢ᠍ᠯᠡᠰ᠎ᠢ ᠣᠷᠣᠭᠤᠯᠤᠨ ᠠᠪᠴᠢᠷᠠᠵᠤ᠂《ᠢᠵᠢᠯᠢᠰᠢᠭᠦ》 ᠪᠣᠯᠬᠤ ᠦᠭᠡᠢ᠂ 《ᠳᠣᠲᠣᠷ᠎ᠠ ᠪᠠᠨᠪᠣᠯᠭ᠋ᠠᠬᠤ》᠎ᠠᠴᠠ ᠵᠠᠶ᠋ᠢᠯᠠᠰᠬᠢᠵᠦ᠂ 《ᠵᠦᠷᠢᠶᠡᠴᠢᠯᠡᠬᠦ》᠎ᠠᠴᠠ ᠵᠠᠶ᠋ᠢᠯᠠᠰᠬᠢᠵᠦ᠂ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ 《ᠨᠥᠭᠡᠴᠡᠯᠡᠬᠦ ᠵᠥᠭᠡᠭᠡᠪᠦᠷᠢᠯᠡᠬᠦ ᠡᠳ᠋ᠰᠢᠭᠦᠯᠬᠦ》 ᠭᠦᠨᠵᠡᠭᠡᠢ ᠬᠤᠯᠪᠣᠯᠳᠤᠭᠰᠠᠨ ᠠᠵᠤ ᠦᠢ᠍ᠯᠡᠰ᠎ᠤᠨ ᠠᠮᠢ ᠠᠬᠤᠢ ᠵᠢ ᠪᠠᠶ᠋ᠢᠭᠤᠯᠵᠤ᠂ 《ᠲᠦᠷᠦ ᠵᠢᠨ ᠪᠤᠳᠤᠯᠭ᠎ᠠ ᠵᠢᠨ ᠠᠵᠠ ᠲᠣᠬᠢᠶᠠᠯ》᠎ᠤᠨ ᠳᠤᠮᠳᠠ ᠨᠡᠩ ᠶᠡᠭᠡ᠂ ᠨᠡᠩ ᠪᠣᠳᠠᠲᠠᠢ ᠬᠥᠭᠵᠢᠯᠲᠡ ᠵᠢᠨ ᠣᠷᠣᠨ ᠵᠠᠢ ᠵᠢ ᠪᠠᠶ᠋ᠢᠭᠤᠯᠬᠤ ᠬᠡᠷᠡᠭᠲᠡᠢ᠃ ᠪᠦᠬᠦ ᠬᠦᠴᠦᠨ ᠵᠦᠢ᠍ᠯ᠎ᠢ ᠠᠬᠢᠭᠤᠯᠵᠤ᠂ ᠲᠡᠮᠦᠷ ᠵᠠᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ᠎ᠢ ᠪᠦᠬᠦ ᠬᠦᠴᠦᠨ ᠵᠶ᠋ᠠᠷ ᠵᠶ᠋ᠠᠨ ᠣᠷᠣᠨ ᠪᠦᠰᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠲᠥᠪᠯᠡᠷᠡᠭᠦᠯᠦᠨ ᠲᠠᠷᠬᠠᠭ᠋ᠠᠬᠤ ᠲᠥᠪ᠂ ᠠᠵᠤ ᠦᠢ᠍ᠯᠡᠰ᠎ᠤᠨ ᠲᠡᠰ ᠳᠡᠪᠰᠢᠬᠦ ᠲᠤᠯᠭ᠋ᠠᠭᠤᠷᠢᠯᠠᠬᠤ ᠲᠠᠪᠴᠠᠩ᠂ ᠭᠠᠳᠠᠭ᠋ᠠᠳᠤ ᠨᠡᠭᠡᠭᠡᠯᠲᠡ ᠵᠢᠨ ᠴᠢᠬᠤᠯᠠ ᠴᠤᠩᠬᠤᠪᠴᠢ ᠪᠣᠯᠭ᠋ᠠᠨ ᠪᠠᠶ᠋ᠢᠭᠤᠯᠵᠤ᠂ 《ᠲᠡᠮᠦᠷ ᠵᠠᠮ᠎ᠤᠨ ᠬᠤᠩᠬᠢᠯ》᠎ᠢ ᠵᠠᠪᠰᠠᠷ ᠦᠭᠡᠢ ᠵᠣᠯᠭ᠋ᠠᠭᠤᠯᠬᠤ ᠥᠨᠳᠥᠷ ᠪᠦᠲᠦᠮᠵᠢᠲᠡᠢ 《ᠲᠥᠪᠯᠡᠷᠡᠭᠦᠯᠦᠨ ᠲᠠᠷᠬᠠᠭ᠋ᠠᠬᠤ ᠲᠡᠭᠡᠭᠡᠪᠦᠷᠢᠯᠡᠬᠦ》 ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠵᠤ᠂ 《ᠨᠡᠪᠲᠡᠷᠡᠬᠦ ᠵᠠᠮ᠎ᠤᠨ ᠠᠵᠤ ᠠᠬᠤᠢ》᠎ᠠᠴᠠ 《ᠬᠤᠩᠭᠢᠯ᠎ᠤᠨ ᠠᠵᠤ ᠠᠬᠤᠢ》 ᠲᠡᠰᠢ ᠬᠡᠯᠪᠡᠷᠢ᠎ᠪᠠᠨ ᠬᠤᠪᠢᠷᠠᠭᠤᠯᠬᠤ ᠵᠢ ᠪᠡᠶᠡᠯᠡᠭᠦᠯᠵᠦ᠂ ᠣᠷᠣᠨ ᠪᠦᠰᠡ ᠵᠢᠨ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠪᠠ ᠡᠳ᠋ ᠪᠣᠳᠠᠰ᠎ᠤᠨ ᠭᠦᠢ᠍ᠯᠭᠡᠭᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠵᠤ᠂ ᠳ᠋ᠧᠩᠺᠸᠤ ᠰᠢᠶᠠᠨ᠎ᠤ ᠤᠳᠤ ᠦᠶ᠎ᠡ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠬᠦᠴᠦᠷᠬᠡᠭ ᠶᠡᠭᠡ ᠨᠡᠮᠡᠭᠳᠡᠯ᠎ᠤᠨ ᠴᠥᠮ᠎ᠡ ᠵᠢ ᠪᠤᠢ ᠪᠣᠯᠭ᠋ᠠᠬᠤ ᠬᠡᠷᠡᠭᠲᠡᠢ᠃

ᠵᠠᠩ ᠢᠦᠢ᠂ ᠴᠢᠨ ᠰᠢᠶᠠ᠂ ᠭᠦᠩ ᠵᠢᠶᠠᠨ ᠭᠠᠩ ᠵᠡᠷᠭᠡ ᠬᠤᠯᠪᠣᠭᠳᠠᠯ ᠪᠦᠬᠦᠢ ᠰᠢᠶᠠᠨ᠎ᠤ ᠤᠳᠤᠷᠢᠳᠤᠯᠭ᠎ᠠ ᠵᠢᠴᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠣᠷᠣᠯᠴᠠᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ