ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ》 ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠬᠤᠷᠠᠯᠳᠤᠭᠤᠯᠪᠠ

ᠨᠡᠶ᠋ᠢᠲᠡᠯᠡᠭᠰᠡᠨ ᠴᠠᠭ᠄   2026-01-14

1 ᠰᠠᠷ᠎ᠠ ᠵᠢᠨ 14᠎ᠤ ᠡᠳᠦᠷ᠂ ᠳ᠋ᠧᠩᠺᠸᠤ ᠰᠢᠶᠠᠨ 《ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ · ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠬᠤ》 ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ᠎ᠢ ᠦᠪᠡᠳᠡᠭᠰᠢ ᠶᠡᠭᠡ᠎ᠪᠠᠷ ᠬᠤᠷᠠᠯᠳᠤᠭᠤᠯᠵᠤ᠂ 2025 ᠣᠨ᠎ᠤ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳ᠋ᠦᠩᠨᠡᠵᠦ᠂ ᠰᠢᠶᠠᠨ᠎ᠤ ᠬᠡᠪᠴᠢᠶᠡᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠠᠬᠢᠴᠠ᠎ᠳᠤ ᠴᠣᠯᠭᠤᠷᠠᠨ ᠭᠠᠷᠤᠭᠰᠠᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠬᠥᠬᠢᠭᠦᠯᠦᠨ ᠰᠠᠶ᠋ᠢᠰᠢᠶᠠᠵᠤ᠂ ᠪᠦᠬᠦ ᠰᠢᠶᠠᠨ ᠵᠶ᠋ᠠᠷ ᠵᠶ᠋ᠠᠨ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠪᠣᠳᠠᠲᠠᠢ ᠠᠵᠢᠯᠯᠠᠵᠤ ᠪᠣᠭᠤᠮᠲᠠ ᠰᠢᠪᠲᠤᠯᠬᠤ ᠬᠦᠴᠦᠷᠬᠡᠭ ᠶᠡᠭᠡ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠡᠢ᠃ ᠰᠢᠶᠠᠨ᠎ᠤ ᠨᠠᠮ᠎ᠤᠨ ᠬᠤᠷᠢᠶᠠᠨ᠎ᠤ ᠱᠦᠵᠢ ᠯᠢᠦ ᠰᠢᠶᠠᠩ ᠶᠠᠩ᠂ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠣᠷᠣᠯᠠᠭᠴᠢ ᠰᠢᠶᠠᠨ᠎ᠤ ᠳᠠᠷᠤᠭ᠎ᠠ ᠵᠠᠩ ᠢᠦᠢ ᠵᠡᠷᠭᠡ ᠰᠢᠶᠠᠨ᠎ᠤ ᠲᠦᠷᠪᠡᠨ ᠶᠡᠭᠡ ᠤᠳᠤᠷᠢᠳᠬᠤ ᠪᠠᠭ᠎ᠤᠨ ᠤᠳᠤᠷᠢᠳᠤᠯᠭ᠎ᠠ ᠬᠤᠷᠠᠯ᠎ᠳᠤ ᠣᠷᠣᠯᠴᠠᠭᠰᠠᠨ ᠪᠥᠭᠡᠳ ᠱᠠᠩᠨᠠᠯ ᠣᠯᠤᠭᠰᠠᠨ ᠬᠠᠮᠲᠤ ᠨᠡᠶ᠋ᠢᠳᠡ ᠪᠣᠯᠤᠨ ᠬᠤᠪᠢ ᠬᠥᠮᠦᠨ᠎ᠳᠤ ᠱᠠᠩᠨᠠᠯ ᠭᠠᠷᠳᠠᠭᠤᠯᠪᠠ᠃

ᠶᠡᠭᠡ ᠬᠤᠷᠠᠯ᠎ᠠᠴᠠ ᠠᠵᠤ ᠦᠢ᠍ᠯᠡᠰ᠎ᠤᠨ ᠲᠡᠰ ᠳᠡᠪᠰᠢᠬᠦ᠂ ᠠᠮᠢ ᠠᠬᠤᠢ ᠵᠢᠨ ᠵᠠᠰᠠᠯᠲᠠ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠬᠦᠷᠢᠶᠡᠨ᠎ᠳᠤ ᠲᠤᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ 30 ᠲᠡᠷᠢᠭᠦᠨ᠎ᠤ ᠬᠠᠮᠲᠤ ᠪᠣᠯᠤᠨ 82 ᠲᠡᠷᠢᠭᠦᠨ᠎ᠤ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠪᠠ᠃

ᠯᠢᠦ ᠰᠢᠶᠠᠩ ᠶᠠᠩ ᠵᠢᠭ᠋ᠠᠵᠤ ᠭᠠᠷᠭ᠋ᠠᠭᠰᠠᠨ᠎ᠨᠢ᠂ 2025 ᠣᠨ᠎ᠳᠤ᠂ ᠳ᠋ᠧᠩᠺᠸᠤ ᠰᠢᠶᠠᠨ ᠢᠮᠠᠭᠲᠠ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠲᠠᠪᠤᠨ ᠶᠡᠭᠡ ᠡᠭᠦᠷᠭᠡ》 ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠲᠠᠢ ᠨᠢᠭᠲᠠ ᠤᠶᠠᠯᠳᠤᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠠᠵᠢᠯ ᠦᠢ᠍ᠯᠡᠰ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠤᠯᠵᠤ᠂ 《ᠳ᠋ᠧᠩᠺᠸᠤ ᠵᠢᠨ ᠬᠤᠷᠳᠤᠴᠠ》 ᠵᠢ ᠭᠦᠶᠦᠵᠦ ᠭᠠᠷᠭ᠋ᠠᠪᠠ᠃ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ 《ᠳ᠋ᠧᠩᠺᠸᠦ ᠵᠢᠨ ᠵᠠᠭᠪᠤᠷ》᠎ᠢ ᠰᠢᠨ᠎ᠡ᠎ᠪᠠᠷ ᠡᠭᠦᠳᠦᠨ ᠥᠷᠭᠡᠳᠬᠡᠵᠦ᠂ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠨᠥᠭᠡᠴᠡ ᠬᠦᠴᠦᠨ᠎ᠤ ᠲᠠᠯ᠎ᠠ᠎ᠪᠠᠷ ᠰᠢᠪᠲᠤᠯᠤᠯᠲᠠ ᠭᠠᠷᠭ᠋ᠠᠵᠤ᠂ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠦᠢ᠍ᠯᠡᠳᠪᠦᠷᠢ ᠵᠢᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠬᠤᠵᠢᠷᠯᠢᠭ ᠭᠠᠵᠠᠷ᠎ᠢ ᠥᠭᠡᠷᠡᠴᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠤᠲᠠ ᠪᠠᠯᠭ᠋ᠠᠰᠤ ᠵᠢ ᠰᠢᠨᠡᠳᠬᠡᠨ ᠦᠷᠭᠦᠯᠵᠢᠯᠡᠨ ᠬᠦᠴᠦᠯᠡᠵᠦ᠂ ᠬᠠᠭᠤᠴᠢᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠨ ᠪᠠᠶ᠋ᠢᠭᠤᠯᠬᠤ᠂ 《ᠬᠠᠷᠮᠠᠨ ᠴᠡᠴᠡᠷᠯᠢᠭ》᠎ᠤᠨ ᠪᠥᠲᠥᠭᠡᠨ ᠪᠠᠶ᠋ᠢᠭᠤᠯᠤᠯᠲᠠ ᠵᠡᠷᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠣᠯᠠᠨ ᠲᠦᠮᠡᠨ᠎ᠤ ᠵᠣᠯ ᠵᠢᠷᠭ᠋ᠠᠯᠲᠤ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠦᠨ᠂ ᠰᠢᠯᠢᠳᠡᠭ ᠰᠠᠶ᠋ᠢᠨ ᠬᠥᠭᠵᠢᠯᠲᠡ ᠵᠢᠨ ᠬᠠᠷᠢᠭᠤᠯᠲᠠ ᠵᠢᠨ ᠬᠠᠭᠤᠳᠠᠰᠤ ᠲᠤᠰᠢᠶᠠᠭᠰᠠᠨ ᠪᠠᠶ᠋ᠢᠨ᠎ᠠ᠃

ᠯᠢᠦ ᠰᠢᠶᠠᠩ ᠶᠠᠩ ᠴᠢᠬᠤᠯᠠᠴᠢᠯᠠᠭᠰᠠᠨ᠎ᠨᠢ᠂ ᠪᠦᠬᠦ ᠰᠢᠶᠠᠨ ᠵᠶ᠋ᠠᠷ ᠵᠶ᠋ᠠᠨ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ᠎ᠪᠠᠷ ᠳᠠᠭᠤᠷᠢᠶᠠᠯ ᠪᠣᠯᠭ᠋ᠠᠵᠤ᠂ ᠠᠮᠢ ᠠᠬᠤᠢ ᠵᠢᠨ ᠠᠵᠤ ᠦᠢ᠍ᠯᠡᠰᠵᠢᠯᠲᠡ᠂ ᠠᠵᠤ ᠦᠢ᠍ᠯᠡᠰ᠎ᠤᠨ ᠠᠮᠢ ᠠᠬᠤᠶ᠋ᠢᠵᠢᠯᠲᠠ ᠵᠢᠨ ᠬᠥᠭᠵᠢᠯᠲᠡ ᠵᠢᠨ ᠠᠷᠭ᠎ᠠ ᠵᠠᠮ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠢᠨ᠎ᠡ ᠡᠨᠧᠷᠭᠢ ᠵᠢᠨ ᠠᠵᠤ ᠦᠢ᠍ᠯᠡᠰ᠂ ᠡᠯᠡᠰᠦᠨ᠎ᠤ ᠠᠵᠤ ᠦᠢ᠍ᠯᠡᠰ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠡᠳ᠋ᠰᠢᠭᠦᠯᠬᠦ ᠵᠡᠷᠭᠡ ᠬᠦᠷᠢᠶᠡᠨ᠎ᠳᠤ ᠦᠷᠭᠦᠯᠵᠢᠯᠡᠨ ᠬᠦᠴᠦᠯᠡᠬᠦ ᠬᠡᠷᠡᠭᠲᠡᠢ᠃ ᠨᠢᠭᠡ ᠨᠢᠭᠡ ᠠᠯᠤᠬ᠎ᠠ᠎ᠪᠠᠷ ᠦᠷᠭᠦᠯᠵᠢᠯᠡᠨ ᠠᠵᠢᠯᠯᠠᠵᠤ᠂ 《ᠲᠥᠯᠥᠪᠵᠢᠭᠦᠯᠭᠡ ᠵᠢᠨ ᠵᠢᠷᠤᠭ》᠎ᠢ ᠠᠯᠬᠤᠮ ᠠᠯᠬᠤᠮ ᠵᠶ᠋ᠠᠷ ᠳ᠋ᠧᠩᠺᠸᠤ ᠵᠢᠨ 《ᠪᠣᠳᠠᠲᠤ ᠦᠵᠡᠮᠵᠢ ᠵᠢᠨ ᠵᠢᠷᠤᠭ》 ᠪᠣᠯᠭ᠋ᠠᠨ ᠬᠤᠪᠢᠷᠠᠭᠤᠯᠵᠤ᠂ ᠳ᠋ᠧᠩᠺᠸᠦ ᠵᠢ ᠰᠢᠨ᠎ᠡ ᠡᠨᠧᠷᠭᠢ ᠵᠢᠨ ᠲᠣᠮᠣ ᠰᠢᠶᠠᠨ᠂ ᠡᠳ᠋᠎ᠤᠨ ᠵᠠᠰᠠᠭ᠎ᠤᠨ ᠬᠦᠴᠦᠷᠬᠡᠭ ᠰᠢᠶᠠᠨ᠂ ᠬᠡᠷᠡᠯ ᠴᠡᠨᠡᠭ᠎ᠤᠨ ᠠᠮᠢ ᠠᠬᠤᠶ ᠵᠢᠨ ᠵᠠᠰᠠᠯᠲᠠ ᠵᠢᠨ ᠵᠢᠱ᠌ᠢᠶ᠎ᠡ ᠦᠵᠡᠭᠦᠯᠬᠦ ᠰᠢᠶᠠᠨ ᠪᠣᠯᠭ᠋ᠠᠨ ᠪᠥᠲᠥᠭᠡᠨ ᠪᠠᠶ᠋ᠢᠭᠤᠯᠬᠤ᠎ᠪᠠᠷ ᠬᠦᠴᠦᠯᠡᠨ ᠴᠢᠷᠮᠠᠶ᠋ᠢᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠳ᠋ᠧᠩᠺᠸᠤ ᠵᠢᠨ ᠬᠦᠴᠦᠨ ᠴᠢᠳᠠᠯ ᠵᠶ᠋ᠠᠨ ᠡᠷᠭᠦᠪᠡ᠃ ᠲᠡᠷᠢᠭᠦᠨ ᠵᠶ᠋ᠠᠷ ᠬᠡᠪ ᠳᠠᠭᠤᠷᠢᠶᠠᠯ ᠪᠣᠯᠭ᠋ᠠᠵᠤ᠂ ᠦᠯᠢᠭᠡᠷ ᠳᠠᠭᠤᠷᠢᠶᠠᠯ ᠵᠶ᠋ᠠᠷ ᠬᠦᠴᠦᠨ ᠪᠣᠯᠭ᠋ᠠᠵᠤ᠂ ᠠᠴᠢ ᠬᠠᠷᠢᠭᠤᠯᠠᠬᠤ ᠰᠡᠳᠬᠢᠯᠭᠡ᠎ᠪᠠᠨ ᠡᠷᠡᠯᠬᠡᠭᠯᠡᠨ ᠤᠷᠤᠭᠰᠢᠯᠠᠬᠤ ᠵᠣᠷᠢᠭ ᠪᠣᠯᠭ᠋ᠠᠨ ᠬᠤᠪᠢᠷᠠᠭᠤᠯᠵᠤ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠳ᠋ᠧᠩᠺᠸᠤ ᠰᠢᠶᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ