ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳ᠋ᠧᠩᠺᠸᠤ ᠰᠢᠶᠠᠨ᠎ᠤ ᠬᠤᠷᠢᠶᠠᠨ᠎ᠤ ᠵᠢᠷᠭᠤᠳᠤᠭ᠋ᠠᠷ ᠬᠤᠷᠠᠯ ᠡᠬᠢᠯᠡᠪᠡ ᠯᠢᠦ ᠰᠢᠶᠠᠩ ᠶᠠᠩ ᠵᠠᠩ ᠢᠦᠢ ᠬᠤᠷᠠᠯ᠎ᠳᠤ ᠣᠷᠣᠯᠴᠠᠵᠤ ᠪᠠᠶᠠᠷ ᠬᠦᠷᠭᠡᠪᠡ ᠭᠦᠩ ᠵᠢᠶᠠᠨ ᠭᠠᠩ ᠪᠠᠶ᠋ᠢᠩᠭᠤ ᠵᠢᠨ ᠬᠤᠷᠢᠶᠠᠨ᠎ᠤ ᠠᠵᠢᠯ᠎ᠤᠨ ᠮᠡᠳᠡᠭᠦᠯᠦᠯᠲᠡ ᠬᠢᠪᠡ

ᠨᠡᠶ᠋ᠢᠲᠡᠯᠡᠭᠰᠡᠨ ᠴᠠᠭ᠄   2026-01-28

1 ᠰᠠᠷ᠎ᠠ ᠵᠢᠨ 27᠎ᠤ ᠡᠳᠦᠷ᠎ᠤᠨ ᠦᠳᠡ ᠵᠢᠨ ᠬᠤᠶ᠋ᠢᠨᠠᠬᠢ 3 ᠴᠠᠭ᠎ᠲᠤ᠂ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠵᠢᠨ ᠠᠶᠠᠰ ᠡᠬᠢᠯᠡᠬᠦ ᠵᠢ ᠳᠠᠭ᠋ᠠᠯᠳᠤᠨ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠵᠢᠷᠭᠤᠳᠤᠭ᠋ᠠᠷ ᠬᠤᠷᠠᠯ ᠬᠤᠷᠠᠯ᠎ᠤᠨ ᠲᠥᠪ᠎ᠲᠤ ᠡᠬᠢᠯᠡᠪᠡ᠃ ᠪᠦᠬᠦ ᠰᠢᠶᠠᠨ᠎ᠤ ᠡᠯ᠎ᠡ ᠡᠲᠡᠭᠡᠳ᠎ᠤᠨ ᠢᠯᠭ᠋ᠠᠯ᠂ ᠡᠯ᠎ᠡ ᠹᠷᠣᠨᠲ᠎ᠠᠴᠠ ᠢᠷᠡᠭᠰᠡᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠨᠢᠭᠡ ᠲᠠᠩᠬᠢᠮ᠎ᠳᠤ ᠴᠤᠭᠯᠠᠷᠠᠵᠤ᠂ ᠭᠦᠨᠵᠡᠭᠡᠢ ᠵᠥᠪᠯᠡᠯᠭᠡ ᠬᠢᠵᠦ ᠵᠠᠰᠠᠭ᠎ᠤᠨ ᠶᠠᠪᠤᠳᠠᠯ᠎ᠢ ᠵᠥᠪᠯᠡᠵᠦ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠬᠦ᠂ ᠳ᠋ᠧᠩᠺᠸᠤ ᠰᠢᠶᠠᠨ᠎ᠤ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠪᠡ᠃

1 ᠰᠠᠷ᠎ᠠ ᠵᠢᠨ 27᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠵᠢᠷᠭᠤᠳᠤᠭ᠋ᠠᠷ ᠬᠤᠷᠠᠯ ᠬᠤᠷᠠᠯ᠎ᠤᠨ ᠲᠥᠪ᠎ᠲᠤ ᠡᠬᠢᠯᠡᠪᠡ᠃

ᠰᠢᠶᠠᠨ᠎ᠤ ᠨᠠᠮ᠎ᠤᠨ ᠬᠤᠷᠢᠶᠠᠨ᠎ᠤ ᠱᠦᠵᠢ ᠯᠢᠦ ᠰᠢᠶᠠᠩ ᠶᠠᠩ᠂ ᠰᠢᠶᠠᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠣᠷᠣᠯᠠᠭᠴᠢ ᠰᠢᠶᠠᠨ᠎ᠤ ᠳᠠᠷᠤᠭ᠎ᠠ ᠵᠠᠩ ᠢᠦᠢ ᠬᠤᠷᠠᠯ᠎ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠵᠢᠨ ᠲᠠᠶ᠋ᠢᠰᠠᠨ᠎ᠳᠤ ᠰᠠᠭ᠋ᠠᠲᠠᠪᠠ᠃

ᠶᠡᠭᠡ ᠬᠤᠷᠠᠯ᠎ᠤᠨ ᠭᠦᠢ᠍ᠴᠡᠳᠬᠡᠭᠴᠢ ᠲᠡᠷᠢᠭᠦᠯᠡᠭᠴᠢ ᠭᠦᠩ ᠵᠢᠶᠠᠨ ᠭᠠᠩ᠂ ᠬᠤᠸᠠᠩ ᠰᠢᠶᠤᠤ ᠹᠧᠩ᠂ ᠯᠢ ᠵᠢᠶᠦ᠋ᠨ ᠰᠢᠶᠠ᠂ ᠵᠠᠩ ᠭᠤᠸᠠᠩ ᠴᠢᠩ᠂ ᠯᠢᠦᠢ ᠬᠤᠩ ᠪᠢᠩ᠂ ᠯᠢᠶᠠᠩ ᡁᠢ ᠴᠢᠶᠠᠩ ᠲᠡᠷᠢᠭᠦᠯᠡᠭᠴᠢ ᠵᠢᠨ ᠲᠠᠶ᠋ᠢᠰᠠᠨ᠎ᠤ ᠡᠮᠦᠨ᠎ᠡ ᠮᠥᠷ᠎ᠲᠤ ᠰᠠᠭ᠋ᠠᠲᠠᠪᠠ᠃

1 ᠰᠠᠷ᠎ᠠ ᠵᠢᠨ 27᠎ᠤ ᠡᠳᠦᠷ᠂ ᠭᠦᠩ ᠵᠢᠶᠠᠨ ᠭᠠᠩ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠵᠢ ᠲᠥᠯᠥᠭᠡᠯᠡᠨ ᠶᠡᠭᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃

ᠲᠡᠷᠢᠭᠦᠯᠡᠭᠴᠢ ᠵᠢᠨ ᠲᠠᠶ᠋ᠢᠰᠠᠨ᠎ᠳᠤ ᠰᠠᠭᠤᠭ᠎ᠠ ᠤᠳᠤᠷᠢᠳᠬᠤ ᠨᠥᠬᠦᠳ᠎ᠲᠤ᠄ ᠴᠢᠨ ᠰᠢᠶᠠ᠂ ᠮᠠ ᠬᠠᠶ ᠪᠥᠸᠧ᠂ ᠰᠢᠤᠸᠠᠢ ᠶᠤᠸᠠᠨ᠂ ᠯᠢᠦ ᠲᠡᠯᠡᠶ᠂ ᠲᠤᠶᠠᠭ᠎ᠠ᠂ ᠬᠠᠨ ᠷᠦᠢ᠂ ᠸᠠᠩ ᠰᠢᠩ ᠴᠢᠶᠠᠩ᠂ ᠵᠣᠣ ᠰᠢᠶᠤᠤ ᠢ ᠪᠣᠶ᠃ ᠬᠤᠷᠠᠯ᠎ᠳᠤ ᠣᠷᠣᠯᠴᠠᠬᠤ ᠶᠣᠰᠣᠲᠠᠶ ᠭᠡᠰᠢᠭᠦᠨ 138 ᠬᠥᠮᠦᠨ᠂ ᠪᠣᠳᠠᠲᠠᠶ ᠣᠷᠣᠯᠴᠠᠭᠰᠠᠨ᠎ᠨᠢ 127 ᠬᠥᠮᠦᠨ ᠪᠠᠶ᠋ᠢᠵᠤ᠂ ᠤᠯᠤᠰ ᠲᠥᠷᠥ ᠵᠢᠨ ᠵᠥᠪᠯᠡᠯᠭᠡᠨ᠎ᠤ ᠲᠦᠷᠢᠮ᠎ᠳᠤ ᠲᠣᠭᠲᠠᠭ᠋ᠠᠭᠰᠠᠨ ᠬᠥᠮᠦᠨ᠎ᠤ ᠲᠤᠭ᠎ᠠ᠎ᠳᠤ ᠨᠡᠶ᠋ᠢᠴᠡᠨ᠎ᠡ᠃

ᠵᠠᠩ ᠭᠤᠸᠠᠩ ᠴᠢᠩ ᠡᠬᠢᠯᠡᠯᠲᠡ ᠵᠢᠨ ᠶᠡᠭᠡ ᠬᠤᠷᠠᠯ᠎ᠢ ᠡᠷᠬᠢᠯᠡᠪᠡ᠃ ᠭᠦᠩ ᠵᠢᠶᠠᠨ ᠭᠠᠩ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳ᠋ᠧᠩᠺᠸᠤ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶ᠎ᠠ ᠵᠢ ᠲᠥᠯᠥᠭᠡᠯᠡᠨ ᠶᠡᠭᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃

ᠢᠯᠡᠳᠬᠡᠯ᠎ᠳᠤ ᠵᠢᠭ᠋ᠠᠵᠤ ᠭᠠᠷᠭ᠋ᠠᠭᠰᠠᠨ᠎ᠨᠢ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠎ᠠ ᠵᠢ ᠲᠡᠭᠦᠰ ᠠᠮᠵᠢᠯᠲᠠ᠎ᠲᠠᠢ ᠲᠡᠭᠦᠰᠬᠡᠬᠦ ᠵᠢᠯ ᠮᠥᠨ᠂ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠪᠠᠶ᠋ᠢᠷᠢᠯᠠᠭᠤᠯᠬᠤ ᠵᠢᠯ ᠮᠥᠨ᠃ ᠨᠢᠭᠡ ᠵᠢᠯ᠎ᠤᠨ ᠲᠤᠷᠰᠢ᠂ ᠰᠢᠶᠠᠨ᠎ᠤ ᠤᠯᠤᠰ ᠲᠦᠷᠦ ᠵᠢᠨ ᠵᠥᠪᠯᠡᠯᠭᠡᠨ ᠵᠢᠴᠢ ᠲᠡᠭᠦᠨ᠎ᠤ ᠪᠠᠶ᠋ᠢᠩᠭᠤ ᠵᠢᠨ ᠬᠤᠷᠢᠶ᠎ᠠ ᠰᠢᠶᠠᠨ᠎ᠤ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠠ ᠰᠢᠶᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠰᠢᠶᠠᠨ᠎ᠤ ᠵᠠᠰᠠᠭ᠎ᠤᠨ ᠣᠷᠳᠣᠨ᠎ᠤ ᠬᠦᠴᠦᠲᠡᠢ ᠳᠡᠮᠵᠢᠯᠭᠡ ᠳᠣᠣᠷ᠎ᠠ᠂ ᠢᠮᠠᠭᠲᠠ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠤᠣᠯ ᠰᠢᠵᠢᠮ᠎ᠢ ᠪᠠᠲᠤ ᠪᠠᠬᠢ ᠪᠤᠢ ᠪᠣᠯᠭ᠋ᠠᠵᠤ᠂ ᠪᠦᠬᠦ ᠰᠢᠶᠠᠨ᠎ᠤ ᠭᠤᠣᠯ ᠠᠵᠢᠯ᠎ᠤᠨ ᠲᠣᠭᠤᠷᠢᠨ᠎ᠳᠤ᠂ ᠣᠷᠣᠯᠴᠠᠭᠰᠠᠨ ᠡᠯ᠎ᠡ ᠨᠢᠭᠡᠴᠡ ᠪᠠ ᠥᠷᠭᠡᠨ ᠤᠯᠠᠨ ᠭᠡᠰᠢᠭᠦᠳ᠎ᠢ ᠪᠦᠯᠬᠦᠮᠳᠡᠭᠦᠯᠦᠨ ᠳᠠᠭ᠋ᠠᠭᠤᠯᠵᠤ᠂ ᠶᠡᠭᠡ ᠲᠠᠯ᠎ᠠ᠎ᠳᠤ ᠦᠢ᠍ᠯᠡᠴᠢᠯᠡᠬᠦ᠂ ᠬᠥᠭᠵᠢᠯᠲᠡ ᠵᠢ ᠠᠬᠢᠭᠤᠯᠬᠤ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠳᠤᠮᠳᠠ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠪᠠ᠃

ᠢᠯᠡᠳᠬᠡᠯ᠎ᠳᠤ᠂ 2026 ᠣᠨ ᠪᠣᠯ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠡᠬᠢᠯᠡᠯᠲᠡ ᠵᠢᠨ ᠵᠢᠯ ᠪᠣᠯᠤᠨ᠎ᠠ᠃ ᠰᠢᠶᠠᠨ᠎ᠤ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠪᠣᠯ᠄ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠬᠤᠳᠠ ᠵᠢᠨ ᠨᠠᠮ᠎ᠤᠨ ᠬᠤᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠪᠦᠬᠦ ᠰᠢᠶᠠᠨ᠎ᠤ ᠬᠥᠭᠵᠢᠯᠲᠡ ᠵᠢᠨ ᠶᠡᠭᠡ ᠲᠠᠯ᠎ᠠ ᠵᠢ ᠲᠣᠭᠲᠠᠭ᠋ᠠᠵᠤ᠂《ᠨᠢᠭᠡ ᠭᠤᠣᠯ ᠱᠤᠭᠤᠮ》᠎ᠳᠤ ᠠᠩᠬᠠᠷᠤᠯ ᠵᠶ᠋ᠠᠨ ᠲᠥᠪᠯᠡᠷᠡᠭᠦᠯᠬᠦ᠂ 《ᠬᠤᠶᠠᠷ ᠪᠠᠶ᠋ᠢᠷᠢ ᠲᠣᠭᠲᠠᠭ᠋ᠠᠯᠲᠠ》᠎ᠲᠠᠢ ᠨᠢᠭᠲᠠ ᠤᠶᠠᠯᠳᠤᠭᠤᠯᠵᠤ᠂ 《ᠬᠤᠶᠠᠷ ᠲᠠᠯ᠎ᠠ ᠵᠢᠨ ᠬᠠᠮᠲᠤᠷᠠᠯ᠎ᠤᠨ ᠬᠦᠴᠦᠨ》᠎ᠢ ᠨᠢᠭᠲᠠᠷᠠᠭᠤᠯᠵᠤ᠂ 《ᠨᠢᠭᠡ ᠪᠠᠲᠤᠯᠠᠭ᠎ᠠ》 ᠵᠢ ᠴᠢᠩᠭ᠋ᠠᠳᠬᠠᠬᠤ ᠲᠠᠯ᠎ᠠ᠎ᠪᠠᠷ ᠪᠦᠬᠦ ᠬᠦᠴᠦᠨ ᠵᠶ᠋ᠠᠷ ᠵᠶ᠋ᠠᠨ ᠬᠦᠴᠦᠯᠡᠵᠦ᠂ ᠤᠯᠤᠰ ᠲᠦᠷᠦ ᠵᠢᠨ ᠵᠥᠪᠯᠡᠯᠭᠡᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠪᠣᠯᠤᠨ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠰᠢᠶᠠᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠵᠠᠮ ᠳᠡᠭᠡᠷ᠎ᠡ ᠯᠠᠪᠳᠠᠭᠤᠨ ᠵᠶ᠋ᠠᠷ ᠬᠤᠯᠠ ᠠᠶᠠᠯᠠᠬᠤ᠎ᠳᠤ ᠬᠦᠴᠦᠨ ᠨᠡᠮᠡᠷᠢᠯᠡᠨ᠎ᠡ᠃

ᠯᠢᠦᠶ ᠬᠤᠩ ᠪᠢᠩ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳ᠋ᠧᠩᠺᠸᠦ ᠰᠢᠶᠠᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠳ᠎ᠤᠨ ᠨᠠᠶ᠋ᠢᠳᠠᠯᠭ᠎ᠠ᠎ᠪᠠᠷ ᠠᠷᠪᠠᠨ ᠨᠢᠭᠡᠳᠦᠭᠡᠷ ᠬᠤᠭᠤᠴᠠᠭ᠋ᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠨᠠᠭ᠋ᠠᠰᠢᠬᠢ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ᠎ᠢ ᠶᠡᠭᠡ ᠬᠤᠷᠠᠯ᠎ᠳᠤ ᠮᠡᠳᠡᠭᠦᠯᠪᠡ᠃ ᠰᠢᠶᠠᠨ᠎ᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠲᠠᠪᠤᠳᠤᠭ᠋ᠠᠷ ᠬᠤᠷᠠᠯᠳᠤᠭ᠋ᠠᠨ᠎ᠠᠴᠠ ᠨᠠᠰᠢ᠂ ᠪᠦᠬᠦ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠤᠯᠤᠰ ᠲᠦᠷᠦ ᠵᠢᠨ ᠵᠥᠪᠯᠡᠯᠭᠡᠨ᠎ᠳᠤ ᠣᠷᠣᠯᠴᠠᠭᠰᠠᠨ ᠡᠯ᠎ᠡ ᠨᠢᠭᠡᠴᠡ ᠪᠣᠯᠣᠨ ᠡᠯ᠎ᠡ ᠲᠤᠰᠬᠠᠢ ᠵᠥᠪᠯᠡᠯ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠣᠨ ᠠᠷᠠᠳ ᠤᠯᠠᠨ᠎ᠤ ᠠᠩᠬᠠᠷᠴᠤ ᠬᠠᠯᠠᠮᠵᠢᠯᠠᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ 112 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠡᠢ᠃ ᠬᠢᠨᠠᠨ ᠪᠠᠶ᠋ᠢᠴᠠᠭ᠋ᠠᠬᠤ᠎ᠪᠠᠷ ᠳᠠᠮᠵᠢᠨ ᠬᠡᠷᠡᠭ᠎ᠢ ᠨᠡᠶ᠋ᠢᠯᠡᠭᠦᠯᠦᠨ ᠰᠢᠢ᠍ᠳᠪᠦᠷᠢᠯᠡᠭᠰᠡᠨ᠎ᠤ ᠳᠠᠷᠠᠭ᠎ᠠ 78 ᠬᠡᠷᠡᠭ᠎ᠢ ᠬᠡᠷᠡᠭ ᠪᠣᠯᠭ᠋ᠠᠨ ᠳᠠᠩᠰᠠᠯᠠᠵᠤ᠃ ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠯ ᠳᠣᠣᠷ᠎ᠠ᠂ ᠡᠯ᠎ᠡ ᠰᠢᠢ᠍ᠳᠪᠦᠷᠢᠯᠡᠬᠦ ᠨᠢᠭᠡᠴᠡ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ ᠬᠡᠷᠡᠭ ᠪᠣᠯᠭ᠋ᠠᠨ ᠳᠠᠩᠰᠠᠯᠠᠬᠤ ᠪᠤᠢ ᠪᠦᠬᠦᠢ ᠰᠠᠨᠠᠯ ᠳᠤᠷᠠᠳᠤᠯᠭ᠎ᠠ ᠵᠢ ᠪᠦᠬᠦᠨ᠎ᠢ ᠰᠢᠢ᠍ᠳᠪᠦᠷᠢᠯᠡᠵᠦ ᠬᠠᠷᠢᠭᠤᠯᠲᠠ ᠥᠭᠪᠡ᠃

ᠸᠧᠢ ᠵᠧᠨ᠂ ᠴᠢᠦ ᠰᠢᠶᠤᠤ ᠶᠠᠨ᠂ ᠯᠢᠦ ᠸᠧᠢ ᠭᠦᠸᠧ᠂ ᠪᠠᠢ ᠮᠤᠤ ᠷᠦᠩ ᠵᠡᠷᠭᠡ 4 ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠶᠡᠭᠡ ᠬᠤᠷᠠᠯ ᠳᠡᠭᠡᠷ᠎ᠡ ᠦᠭᠡ ᠬᠡᠯᠡᠪᠡ᠃ ᠰᠢᠶᠠᠨ᠎ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠂ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠪᠣᠯ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠪᠢᠰᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠨᠢᠭᠡᠴᠡ ᠵᠢᠨ ᠬᠠᠷᠢᠭᠤᠴᠠᠯᠭ᠋ᠠᠲᠠᠨ᠂ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠵᠢᠨ ᠨᠠᠮ᠎ᠤᠨ ᠬᠤᠷᠢᠶᠠᠨ᠎ᠤ ᠱᠦᠵᠢ᠂ ᠰᠢᠶᠠᠨ᠎ᠳᠤ ᠰᠠᠭᠤᠭ᠎ᠠ ᠬᠡᠰᠡᠭ ᠨᠢᠭᠡᠴᠡ ᠵᠢᠨ ᠬᠠᠷᠢᠭᠤᠴᠠᠯᠭ᠋ᠠᠲᠠᠨ᠂ ᠬᠡᠰᠡᠭ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠤᠷᠢᠯᠭ᠎ᠠ᠎ᠪᠠᠷ ᠬᠤᠷᠠᠯ᠎ᠳᠤ ᠰᠤᠯᠠ ᠣᠷᠣᠯᠴᠠᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ