ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠳ᠋ᠧᠩᠺᠸᠤ ᠰᠢᠶᠠᠨ᠎ᠤ᠎ᠬᠢᠨ ᠵᠦᠩ ᠬᠠᠩ(ᠱᠠᠨᠳᠦ᠋ᠩ) ᠠᠵᠤ ᠦᠢ᠍ᠯᠡᠰ ᠬᠤᠳᠠ ᠵᠢ ᠠᠭᠤᠰᠤᠯᠴᠠᠭᠤᠯᠤᠨ ᠬᠥᠭᠵᠢᠭᠦᠯᠬᠦ ᠬᠢᠵᠠᠭ᠋ᠠᠷᠲᠤ ᠺᠣᠮᠫᠠᠨᠢ᠎ᠲᠠᠢ ᠵᠢᠭ᠋ᠠᠰᠤ ᠨᠣᠭᠤᠭ᠎ᠠ ᠬᠠᠮᠲᠤ ᠣᠷᠣᠰᠢᠬᠤ ᠲᠦᠷᠦᠯ ᠵᠦᠢ᠍ᠯ᠎ᠢ ᠵᠥᠪᠳᠡᠯᠴᠡᠪᠡ

ᠨᠡᠶ᠋ᠢᠲᠡᠯᠡᠭᠰᠡᠨ ᠴᠠᠭ᠄   2026-01-27

1 ᠰᠠᠷ᠎ᠠ ᠵᠢᠨ 26᠎ᠤ ᠡᠳᠦᠷ᠂ ᠳ᠋ᠧᠩᠺᠸᠤ ᠰᠢᠶᠠᠨ᠎ᠤ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠬᠤ᠌ ᠰᠢᠤᠸᠠᠢ ᠴᠤᠤ ᠳᠤᠮᠳᠠᠳᠤ ᠤᠯᠤᠰ᠎ᠤᠨ ᠠᠭ᠋ᠠᠷ᠎ᠤᠨ ᠠᠶᠠᠯᠠᠯ (ᠱᠠᠨᠳᠦ᠋ᠩ)᠎ᠤᠨ ᠠᠵᠤ ᠦᠢ᠍ᠯᠡᠰ ᠬᠤᠳᠠ ᠵᠢ ᠠᠭᠤᠰᠤᠯᠴᠠᠭᠤᠯᠤᠨ ᠬᠥᠭᠵᠢᠭᠦᠯᠬᠦ ᠬᠢᠵᠠᠭ᠋ᠠᠷᠲᠤ ᠺᠣᠮᠫᠠᠨᠢ᠎ᠲᠠᠢ ᠠᠭᠤᠯᠵᠠᠵᠤ᠂ ᠬᠤᠶᠠᠷ ᠲᠠᠯ᠎ᠠ᠎ᠪᠠᠷ ᠵᠶ᠋ᠠᠨ 《ᠵᠢᠭ᠋ᠠᠰᠤ ᠨᠣᠭᠤᠭ᠎ᠠ ᠬᠠᠮᠲᠤ᠎ᠪᠠᠷ ᠣᠷᠣᠰᠢᠬᠤ》 ᠠᠮᠢ ᠠᠬᠤᠢ ᠵᠢᠨ ᠲᠠᠷᠢᠶᠠᠯᠠᠩ᠎ᠤᠨ ᠲᠦᠷᠦᠯ ᠵᠦᠢ᠍ᠯ᠎ᠤᠨ ᠬᠠᠮᠲᠤᠷᠠᠯᠴᠠᠭ᠋ᠠᠨ᠎ᠤ ᠲᠣᠭᠤᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠪᠠ᠃

ᠶᠠᠷᠢᠯᠴᠠᠬᠤ ᠬᠤᠷᠠᠯ ᠳᠡᠭᠡᠷ᠎ᠡ᠂ ᠺᠣᠮᠫᠠᠨᠢ ᠵᠢᠨ ᠳᠡᠳ᠋ ᠶᠡᠷᠦᠩᠬᠡᠢ ᠳᠠᠭ᠋ᠠᠭ᠋ᠠᠮᠠᠯ ᠯᠢ ᠬᠤᠢ ᠲᠤᠤ ᠺᠣᠮᠫᠠᠨᠢ ᠵᠢᠨ ᠠᠮᠢ ᠠᠬᠤᠢ ᠵᠢᠨ ᠣᠷᠴᠢᠯ ᠲᠠᠷᠢᠶᠠᠯᠠᠩ᠎ᠤᠨ ᠵᠠᠭᠪᠤᠷ᠎ᠢ ᠳᠡᠯᠭᠡᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠭᠰᠡᠨ ᠪᠥᠭᠡᠳ ᠤᠶᠤᠨᠴᠢᠯᠠᠭᠰᠠᠨ ᠦᠢ᠍ᠯᠡᠳᠪᠦᠷᠢᠯᠡᠯ᠎ᠤᠨ ᠰᠢᠰᠲ᠋ᠧᠮ ᠪᠣᠯᠤᠨ ᠤᠯᠠᠨ ᠵᠦᠢ᠍ᠯ᠎ᠤᠨ ᠮᠡᠷᠭᠡᠵᠢᠯ᠎ᠤᠨ ᠲᠤᠰᠬᠠᠢ ᠠᠰᠢᠭ᠎ᠲᠠᠢ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠵᠢᠭ᠋ᠠᠰᠤᠨ ᠨᠣᠭᠤᠭ᠎ᠠ ᠪᠣᠯ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠪᠠ ᠤᠰᠤᠨ ᠲᠠᠷᠢᠶᠠᠯᠠᠭ᠎ᠠ ᠵᠢ ᠬᠠᠷᠢᠯᠴᠠᠨ ᠤᠶᠠᠯᠳᠤᠭᠤᠯᠤᠭᠰᠠᠨ ᠬᠠᠮ ᠲᠠᠷᠢᠶᠠᠯᠠᠬᠤ ᠰᠢᠰᠲ᠋ᠧᠮ ᠮᠥᠨ᠂ ᠠᠮᠢ ᠠᠬᠤᠢ ᠵᠢᠨ ᠵᠢᠷᠤᠭ ᠲᠥᠯᠥᠪᠯᠡᠭᠡ᠎ᠪᠠᠷ ᠳᠠᠮᠵᠢᠭᠤᠯᠤᠨ ᠪᠣᠳᠠᠰ᠎ᠤᠨ ᠡᠷᠭᠢᠯᠲᠡ ᠵᠢ ᠪᠡᠶᠡᠯᠡᠭᠦᠯᠵᠦ᠂ 《ᠵᠢᠭ᠋ᠠᠰᠤ ᠲᠡᠵᠢᠭᠡᠬᠦ᠎ᠳᠤ ᠤᠰᠤ ᠰᠣᠯᠢᠬᠤ ᠦᠭᠡᠢ᠂ ᠨᠣᠭᠤᠭ᠎ᠠ ᠲᠠᠷᠢᠬᠤ᠎ᠳᠤ ᠪᠤᠷᠳᠤᠭᠤᠷ ᠣᠷᠣᠭᠤᠯᠬᠤ ᠦᠭᠡᠢ》 ᠠᠮᠢ ᠠᠬᠤᠢ ᠵᠢᠨ ᠬᠠᠮᠲᠤ ᠣᠷᠣᠰᠢᠬᠤ ᠦᠢ᠍ᠯᠡᠳᠦᠯ ᠮᠥᠨ᠃ ᠲᠤᠰ ᠰᠢᠰᠲ᠋ᠧᠮ ᠵᠢᠭ᠋ᠠᠰᠤᠨ᠎ᠤ ᠲᠥᠷᠥᠯ᠎ᠤᠨ ᠭᠠᠳᠠᠭᠰᠢᠯᠠᠭᠤᠯᠤᠭᠰᠠᠨ ᠪᠣᠳᠠᠰ᠎ᠢ ᠠᠰᠢᠭᠯᠠ ᠡᠭᠦᠰᠦᠭᠰᠡᠨ ᠰᠢᠪᠲᠦᠷᠲᠦ ᠠᠽᠣᠲ᠂ ᠨᠢᠲᠷᠤᠵᠢᠭᠰᠠᠨ ᠪᠠᠺᠲ᠋ᠧᠷᠢ ᠵᠢ ᠤᠷᠭᠤᠮᠠᠯ᠎ᠤᠨ ᠰᠢᠩᠭᠡᠭᠡᠨ ᠠᠪᠴᠤ ᠪᠣᠯᠬᠤ ᠠᠽᠣᠲ ᠬᠦᠴᠢᠯ᠎ᠤᠨ ᠳᠠᠪᠤᠰᠤ ᠪᠣᠯᠭ᠋ᠠᠨ ᠬᠤᠪᠢᠷᠠᠭᠤᠯᠵᠤ᠂ ᠢᠳᠡᠰᠢᠨ ᠨᠣᠭᠤᠭ᠎ᠠ᠎ᠳᠤ ᠰᠢᠮ᠎ᠡ ᠲᠡᠵᠢᠭᠡᠯ ᠬᠠᠩᠭ᠋ᠠᠬᠤ ᠵᠢᠨ ᠬᠠᠮᠲᠤ ᠤᠷᠭᠤᠮᠠᠯ᠎ᠤᠨ ᠦᠨᠳᠦᠰᠦ ᠵᠢᠨ ᠰᠢᠰᠲ᠋ᠧᠮ᠎ᠤᠨ ᠤᠰᠤᠨ᠎ᠤ ᠴᠢᠨᠠᠷ᠎ᠢ ᠴᠡᠪᠡᠷᠰᠢᠭᠦᠯᠵᠦ᠂ ᠵᠢᠭ᠋ᠠᠰᠤᠨ᠎ᠤ ᠲᠥᠷᠥᠯ᠎ᠳᠤ ᠴᠡᠪᠡᠷ ᠣᠷᠣᠰᠢᠨ ᠲᠣᠭᠲᠠᠨᠢᠬᠤ ᠣᠷᠴᠢᠨ ᠲᠣᠭᠤᠷᠢᠨ᠎ᠢ ᠬᠠᠩᠭ᠋ᠠᠵᠤ᠂ ᠠᠮᠢᠲᠠᠨ᠂ ᠤᠷᠭᠤᠮᠠᠯ᠂ ᠮᠢᠺᠷᠣᠪ ᠭᠤᠷᠪᠠ ᠵᠢᠨ ᠬᠤᠭᠤᠷᠣᠨᠳᠣᠬᠢ ᠡᠶ᠎ᠡ ᠵᠣᠬᠢᠴᠠᠯ᠎ᠲᠠᠢ ᠲᠡᠩᠴᠡᠭᠦᠷᠢ ᠵᠢ ᠪᠡᠶᠡᠯᠡᠭᠦᠯᠪᠡ᠃

ᠬᠤ᠌ ᠰᠢᠤᠸᠠᠢ ᠴᠤᠤ ᠠᠵᠤ ᠠᠬᠤᠶ᠋ᠢᠯᠠᠯ᠎ᠳᠤ ᠳ᠋ᠧᠩᠺᠸᠤ ᠰᠢᠶᠠᠨ᠎ᠤ ᠭᠠᠵᠠᠷ ᠰᠢᠷᠣᠢ ᠵᠢᠨ ᠡᠬᠢ ᠪᠠᠶᠠᠯᠢᠭ᠂ ᠪᠣᠬᠢᠷᠲᠤᠯ ᠦᠭᠡᠢ ᠴᠠᠬᠢᠯᠭ᠋ᠠᠨ᠎ᠤ ᠬᠠᠩᠭ᠋ᠠᠯᠭ᠎ᠠ᠂ ᠵᠠᠮ ᠬᠠᠷᠢᠯᠴᠠᠭ᠋ᠠᠨ᠎ᠤ ᠣᠷᠣᠨ ᠪᠠᠶ᠋ᠢᠷᠢ ᠵᠢᠴᠢ ᠲᠠᠷᠢᠶᠠᠯᠠᠩ᠎ᠤᠨ ᠰᠠᠭᠤᠷᠢ ᠵᠡᠷᠭᠡ ᠲᠠᠯ᠎ᠠ ᠵᠢᠨ ᠳᠤᠪᠤᠶ᠋ᠢᠮ᠎ᠠ ᠳᠠᠪᠠᠭᠤᠯᠢᠭ᠎ᠢ ᠭᠤᠣᠯᠳᠠᠯᠭ᠎ᠠ᠎ᠲᠠᠢ ᠲᠠᠨᠢᠯᠴᠠᠭᠤᠯᠪᠠ᠃ ᠲᠡᠷᠡ ᠬᠠᠯᠠᠭᠤᠮᠰᠤᠭ ᠵᠶ᠋ᠠᠷ ᠠᠵᠤ ᠠᠬᠤᠶ᠋ᠢᠯᠠᠯ᠎ᠢ ᠤᠷᠢᠵᠤ ᠪᠡᠯᠡ ᠣᠷᠣᠭᠤᠯᠤᠨ ᠬᠥᠭᠵᠢᠭᠦᠯᠦᠭᠰᠡᠨ ᠪᠥᠭᠡᠳ ᠪᠢᠳᠡ ᠬᠠᠮᠤᠭ᠎ᠤᠨ ᠦᠨᠡᠨᠴᠢ ᠰᠡᠳᠬᠢᠯᠭᠡ ᠪᠠ ᠬᠠᠮᠤᠭ᠎ᠤᠨ ᠰᠢᠯᠢᠳᠡᠭ ᠦᠢ᠍ᠯᠡᠴᠢᠯᠡᠭᠡ᠎ᠪᠠᠷ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠬᠤ᠎ᠳᠤ ᠪᠦᠬᠦ ᠬᠦᠴᠦᠨ ᠵᠶ᠋ᠠᠷ ᠵᠶ᠋ᠠᠨ ᠰᠠᠶ᠋ᠢᠨ ᠰᠠᠶ᠋ᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠦ ᠢᠯᠡᠳᠬᠡᠪᠡ᠃ ᠬᠤᠶᠠᠷ ᠲᠠᠯ᠎ᠠ᠎ᠪᠠᠷ ᠵᠶ᠋ᠠᠨ ᠵᠣᠯᠭ᠋ᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠲᠦᠷᠦᠯ ᠵᠦᠢ᠍ᠯ᠎ᠤᠨ ᠡᠷᠲᠡᠬᠡᠨ ᠭᠡᠷ᠎ᠡ ᠲᠣᠭᠲᠠᠬᠤ᠂ ᠠᠰᠢᠭᠯᠠᠯᠲᠠ᠎ᠳᠤ ᠣᠷᠣᠵᠤ ᠦᠷ᠎ᠡ ᠪᠦᠲᠦᠮᠵᠢ ᠤᠯᠬᠤ ᠵᠢ ᠬᠠᠮᠲᠤ᠎ᠪᠠᠷ ᠠᠬᠢᠭᠤᠯᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃

ᠰᠢᠶᠠᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠲᠣᠪᠴᠢᠶ᠎ᠠ᠂ ᠪᠡᠯᠡ ᠣᠷᠣᠭᠤᠯᠵᠤ ᠠᠬᠢᠭᠤᠯᠬᠤ ᠲᠥᠪ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ