ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠯᠢᠦ ᠰᠢᠶᠠᠩ ᠶᠠᠩ ᠰᠢᠶᠠᠨ᠎ᠤ ᠨᠠᠮ᠎ᠤᠨ ᠬᠤᠷᠢᠶᠠᠨ᠎ᠤ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢᠨ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ

ᠨᠡᠶ᠋ᠢᠲᠡᠯᠡᠭᠰᠡᠨ ᠴᠠᠭ᠄   2026-01-27

1 ᠰᠠᠷ᠎ᠠ ᠵᠢᠨ 26᠎ᠤ ᠡᠳᠦᠷ᠂ ᠰᠢᠶᠠᠨ᠎ᠤ ᠨᠠᠮ᠎ᠤᠨ ᠬᠤᠷᠢᠶᠠᠨ᠎ᠤ ᠤᠨᠤᠯ ᠰᠤᠷᠤᠯᠴᠠᠬᠤ ᠭᠤᠣᠯ ᠳᠤᠭᠤᠶ᠋ᠢᠯᠠᠩ 2026 ᠣᠨ᠎ᠤ ᠠᠩᠬᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠵᠦ᠂ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠭᠤᠣᠯ ᠰᠡᠳᠦᠪ᠎ᠤᠨ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠰᠢᠶᠠᠨ᠎ᠤ ᠨᠠᠮ᠎ᠤᠨ ᠬᠤᠷᠢᠶᠠᠨ᠎ᠤ ᠱᠦᠵᠢ ᠯᠢᠦ ᠰᠢᠶᠠᠩ ᠶᠠᠩ ᠬᠤᠷᠠᠯ ᠡᠷᠬᠢᠯᠡᠵᠦ ᠶᠠᠷᠢᠶ᠎ᠠ ᠲᠠᠯᠪᠢᠪᠠ᠃

ᠬᠤᠷᠠᠯ᠎ᠠᠴᠠ ᠡᠮᠦᠨ᠎ᠡ᠂ ᠭᠤᠣᠯ ᠳᠤᠭᠤᠶ᠋ᠢᠯᠠᠩ᠎ᠤᠨ ᠪᠦᠷᠢᠯᠳᠦᠬᠦᠨ ᠨᠡᠷ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠂ ᠲᠥᠪ ᠬᠤᠷᠢᠶᠠᠨ᠎ᠤ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠡᠷᠭᠡ ᠠᠭᠤᠯᠭ᠎ᠠ ᠵᠢ ᠨᠠᠷᠢᠨ ᠬᠢᠨᠠᠮᠠᠭ᠋ᠠᠢ ᠰᠤᠷᠤᠯᠴᠠᠪᠠ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ᠎ᠵᠢᠨ᠎ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠋ᠠᠨ᠎ᠤ ᠲᠡᠭᠦᠪᠦᠷᠢ ᠵᠡᠷᠭᠡ ᠵᠢ ᠤᠯᠠᠮᠵᠢᠯᠠᠨ ᠰᠤᠷᠤᠯᠴᠠᠵᠤ᠂ ᠭᠤᠤᠯ ᠳᠤᠭᠤᠶ᠋ᠢᠯᠠᠩ᠎ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠨᠢᠭᠲᠠ ᠤᠶᠠᠯᠳᠤᠭᠤᠯᠤᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃ ᠯᠢᠦ ᠰᠢᠶᠠᠩ ᠶᠠᠩ ᠴᠢᠬᠤᠯᠠᠴᠢᠯᠠᠭᠰᠠᠨ᠎ᠨᠢ᠂ ᠪᠦᠬᠦ ᠰᠢᠶᠠᠨ ᠵᠶ᠋ᠠᠷ ᠵᠶ᠋ᠠᠨ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠴᠢᠬᠤᠯᠠ ᠴᠢᠨᠠᠷ ᠲᠤᠯᠭ᠋ᠠᠮ᠎ᠠ ᠴᠢᠨᠠᠷ᠎ᠢ ᠭᠦᠨᠵᠡᠭᠡᠢ ᠡᠵᠡᠮᠳᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ᠃ 《ᠭᠦᠨᠵᠡᠭᠡᠢ ᠰᠤᠷᠤᠯᠴᠠᠨ ᠨᠠᠷᠢᠨ ᠣᠶ᠋ᠢᠯᠠᠭ᠋ᠠᠬᠤ》 ᠳᠤᠮᠳᠠ ᠦᠵᠡᠯ ᠰᠠᠨᠠᠭ᠋ᠠᠨ᠎ᠤ ᠰᠠᠭᠤᠷᠢ᠎ᠪᠠᠨ ᠪᠠᠲᠤᠳᠬᠠᠵᠤ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠵᠡᠪᠰᠡᠭᠯᠡᠬᠦ ᠵᠢ ᠨᠠᠰᠤᠨ ᠲᠤᠷᠰᠢᠳᠠ ᠵᠢᠨ 《ᠵᠠᠪᠠᠯ ᠰᠤᠷᠬᠤ ᠬᠢᠴᠢᠶᠡᠯ》 ᠪᠣᠯᠭ᠋ᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ 《ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ》 ᠳᠤᠮᠳᠠ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠢ ᠡᠷᠡᠰ ᠡᠪᠦᠷᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》 ᠠᠵᠢᠯ᠎ᠤᠨ ᠪᠠᠶ᠋ᠢᠷᠢᠯᠠᠭᠤᠯᠤᠯᠲᠠ ᠪᠣᠯᠤᠨ ᠬᠤᠳᠠ ᠵᠢᠨ ᠨᠠᠮ᠎ᠤᠨ ᠬᠤᠷᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠡᠷᠡᠰ ᠲᠣᠭᠲᠠᠭ᠋ᠠᠵᠤ᠂ ᠰᠢᠶᠠᠨ᠎ᠤ ᠨᠠᠮ᠎ᠤᠨ ᠬᠤᠷᠢᠶ᠎ᠠ ᠵᠢᠨ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ 《ᠨᠢᠭᠡ ᠭᠤᠣᠯ ᠱᠤᠭᠤᠮ》᠎ᠳᠤ ᠠᠩᠬᠠᠷᠤᠯ ᠵᠶ᠋ᠠᠨ ᠲᠥᠪᠯᠡᠷᠡᠭᠦᠯᠬᠦ᠂ 《ᠬᠤᠶᠠᠷ ᠪᠠᠶ᠋ᠢᠷᠢ ᠲᠣᠭᠲᠠᠭ᠋ᠠᠯᠲᠠ》᠎ᠲᠠᠢ ᠨᠢᠭᠲᠠ ᠤᠶᠠᠯᠳᠤᠭᠤᠯᠵᠤ᠂ 《ᠬᠤᠶᠠᠷ ᠲᠠᠯ᠎ᠠ ᠵᠢᠨ ᠬᠠᠮᠲᠤᠷᠠᠯ᠎ᠤᠨ ᠬᠦᠴᠦᠨ》᠎ᠢ ᠨᠢᠭᠲᠠᠷᠠᠭᠤᠯᠵᠤ᠂ 《ᠨᠢᠭᠡ ᠪᠠᠲᠤᠯᠠᠭ᠎ᠠ》 ᠵᠢ ᠴᠢᠩᠭ᠋ᠠᠳᠬᠠᠬᠤ ᠲᠠᠯ᠎ᠠ᠎ᠪᠠᠷ ᠪᠦᠬᠦ ᠬᠦᠴᠦᠨ ᠵᠶ᠋ᠠᠷ ᠵᠶ᠋ᠠᠨ ᠬᠦᠴᠦᠯᠡᠬᠦ ᠬᠡᠷᠡᠭᠲᠡᠢ᠃ 《ᠦᠨᠡᠨ ᠬᠦ᠌ ᠬᠠᠲᠠᠭᠤ᠎ᠲᠠᠢ᠎ᠨᠢ ᠬᠠᠯᠳᠠᠬᠤ》 ᠳᠤᠮᠳᠠ ᠰᠢᠯᠭ᠋ᠠᠷᠠᠭᠰᠠᠨ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠳᠡᠭᠡᠳᠦ ᠱᠠᠳᠤ᠎ᠨᠢ ᠲᠤᠤᠷᠠᠳᠤ ᠱᠠᠳᠤ᠎ᠪᠠᠨ ᠳᠠᠭ᠋ᠠᠭᠤᠯᠬᠤ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠵᠢ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ 《ᠲᠦᠷᠪᠡᠨ ᠰᠤᠷᠲᠠᠯ》᠎ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ᠎ᠢ ᠪᠤᠢ ᠪᠣᠯᠭ᠋ᠠᠵᠤ᠂ ᠰᠢᠯᠢᠳᠡᠭ ᠨᠠᠮ᠎ᠤᠨ ᠰᠤᠷᠲᠠᠯ ᠵᠠᠰᠠᠭ᠎ᠤᠨ ᠰᠤᠷᠲᠠᠯ ᠵᠶ᠋ᠠᠷ ᠨᠡᠶ᠋ᠢᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠲᠠᠶ᠋ᠢᠴᠢᠯᠠᠨ ᠥᠭᠡᠳᠡᠯᠡᠨ ᠲᠠᠪᠰᠢᠬᠤ ᠵᠢ ᠳᠠᠶ᠋ᠢᠴᠢᠯᠠᠬᠤ ᠬᠡᠷᠡᠭᠲᠡᠢ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ