ᠲᠡᠷᠢᠭᠦᠨ ᠬᠠᠭᠤᠳᠠᠰᠤ   -   ᠦᠨᠥᠳᠥᠷ᠎ᠤᠨ ᠳ᠋ᠧᠩᠺᠸᠥ᠍ ᠰᠢᠶᠠᠨ

ᠵᠠᠩ ᠢᠦᠢ ᠪᠦᠯᠬᠦᠮ ᠳᠠᠭᠠᠭᠤᠯᠤᠨ ᠬᠠᠩᠵᠧᠦ ᠬᠤᠲᠠ᠎ᠳᠤ ᠬᠦᠷᠴᠦ᠍ ᠪᠣᠬᠢᠷᠲᠤᠯ᠎ᠦᠭᠡᠢ ᠪᠣᠳᠤᠯᠭ᠎ᠠ᠎ᠶ᠋ᠢᠨ ᠬᠦᠴᠦᠨ ᠪᠠ ᠳᠣᠣᠷ᠎ᠠ ᠠᠭᠠᠷ᠎ᠤᠨ ᠠᠵᠤ ᠠᠬᠤᠢ᠎ᠶ᠋ᠢᠨ ᠲᠥᠷᠦᠯ ᠵᠦᠢᠯ᠎ᠢ ᠰᠢᠨᠵᠢᠯᠡᠨ ᠪᠠᠶ᠋ᠢᠴᠠᠭᠠᠪᠠ

ᠨᠡᠶ᠋ᠢᠲᠡᠯᠡᠭᠰᠡᠨ ᠴᠠᠭ᠄   2026-03-16

3 ᠰᠠᠷ᠎ᠠ᠎ᠶᠢᠨ 14᠎ᠦ ᠡᠳᠦᠷ ᠂ ᠳ᠋ᠧᠩᠺᠧᠦ ᠱᠢᠶᠠᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠂ ᠵᠠᠰᠠᠭ᠎ᠤᠨ ᠣᠷᠳᠣᠨ᠎ᠤ ᠱᠢᠶᠠᠨ᠎ᠤ ᠳᠠᠷᠤᠭ᠎ᠠ ᠵᠠᠩ ᠢᠦᠢ ᠪᠦᠯᠬᠦᠮ ᠳᠠᠭᠠᠭᠤᠯᠤᠨ ᠬᠠᠩᠵᠧᠦ ᠬᠣᠲᠠ᠎ᠲᠦ ᠬᠦᠷᠴᠦ᠍ ᠬᠤᠳᠠᠯᠳᠤᠭᠠᠴᠢᠨ ᠤᠷᠢᠵᠤ ᠪᠠᠢᠴᠠᠭᠠᠯᠲᠠ ᠬᠢᠵᠦ ᠂ ᠪᠣᠬᠢᠷᠲᠤᠯ ᠦᠭᠡᠢ ᠪᠣᠳᠣᠯᠭ᠎ᠠ᠎ᠶᠢᠨ ᠬᠦᠴᠦᠨ ᠪᠠ ᠳᠣᠣᠷ᠎ᠠ ᠠᠭᠠᠷ᠎ᠤᠨ ᠠᠵᠤ ᠠᠬᠤᠢ ᠵᠡᠷᠭᠡ ᠲᠥᠷᠥᠯ ᠵᠦᠢᠯ᠎ᠦᠨ ᠲᠤᠬᠠᠢ ᠬᠠᠮᠢᠶ᠎ᠠ ᠪᠦᠬᠦᠢ ᠠᠵᠤ ᠠᠬᠤᠢᠯᠠᠯ᠎ᠯᠤᠭ᠎ᠠ ᠵᠣᠯᠭᠠᠭᠤᠯᠤᠨ ᠰᠠᠨᠠᠯ᠎ᠢᠶᠠᠨ ᠰᠣᠯᠢᠯᠴᠠᠪᠠ ᠃

ᠳᠤᠮᠳᠠᠳᠤ ᠤᠯᠤᠰ᠎ᠤᠨ ᠴᠠᠬᠢᠯᠭᠠᠨ ᠬᠦᠴᠦᠨ᠎ᠦ ᠪᠦᠲᠦᠭᠡᠨ ᠪᠠᠢᠭᠤᠯᠤᠯᠲᠠ᠎ᠶᠢᠨ ᠬᠤᠸᠠᠳᠦ᠋ᠩ᠎ᠦᠨ ᠬᠠᠢᠨ ᠬᠡᠮᠵᠢᠬᠦ ᠵᠢᠷᠤᠭ ᠲᠥᠯᠥᠪᠯᠡᠭᠡ᠎ᠶ᠋ᠢᠨ ᠰᠤᠳᠤᠯᠭᠠᠨ ᠎ᠤ ᠬᠦᠷᠢᠶᠡᠯᠡᠩ᠎ᠳᠦ ᠂ ᠱᠢᠨᠵᠢᠯᠡᠨ ᠪᠠᠢᠴᠠᠭᠠᠬᠤ ᠳᠤᠭᠤᠢᠯᠠᠩ᠎ᠤᠨ᠎ᠬᠢᠨ ᠠᠵᠤ ᠠᠬᠤᠢᠯᠠᠯ᠎ᠤᠨ ᠬᠥᠭᠵᠢᠯᠲᠡ᠎ᠶ᠋ᠢᠨ ᠶᠠᠪᠤᠴᠠ ᠂ ᠲᠤᠬᠠᠢᠯᠠᠭᠰᠠᠨ ᠠᠵᠢᠯ᠎ᠤᠨ ᠪᠠᠢᠷᠢᠯᠠᠭᠤᠯᠤᠯᠲᠠ ᠵᠢᠴᠢ ᠢᠷᠠᠭᠤ ᠠᠯᠳᠠᠷ᠎ᠤᠨ ᠦᠷ᠎ᠡ ᠪᠦᠲᠦᠭᠡᠯ᠎ᠦᠨ ᠪᠠᠢᠳᠠᠯ᠎ᠢ ᠨᠠᠷᠢᠨ ᠣᠢᠯᠠᠭᠠᠭᠰᠠᠨ ᠪᠥᠭᠡᠳ ᠠᠮᠢ ᠠᠬᠤᠢ ᠣᠷᠴᠢᠨ ᠲᠣᠭᠣᠷᠢᠨ᠎ᠤ ᠢᠨᠵᠧᠨᠧᠷᠢᠩ᠎ᠦᠨ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠱᠦᠵᠢ ᠂ ᠬᠣᠷᠢᠶᠠᠨ ᠳᠠᠷᠤᠭ᠎ᠠ ᠱ᠋ᠢ ᠵᠢᠶᠠ ᠶᠤᠸᠡᠢ᠎ᠨᠡᠷ᠎ᠲᠡᠢ ᠶᠠᠷᠢᠯᠴᠠᠬᠤ ᠬᠤᠷᠠᠯ ᠬᠢᠪᠠ ᠃ ᠶᠠᠷᠢᠯᠴᠠᠬᠤ ᠬᠤᠷᠠᠯ ᠳᠡᠭᠡᠷ᠎ᠡ ᠂ ᠵᠠᠩ ᠢᠦᠢ ᠳ᠋ᠧᠩᠺᠧᠦ ᠱᠢᠶᠠᠨ᠎ᠤ ᠡᠬᠢ ᠪᠠᠶᠠᠯᠢᠭ᠎ᠤᠨ ᠳᠠᠪᠠᠭᠤᠯᠢᠭ ᠵᠢᠴᠢ ᠭᠣᠣᠯᠳᠠᠯᠭ᠎ᠠ᠎ᠲᠠᠢ ᠠᠵᠤ ᠦᠢᠯᠡᠰ᠎ᠦᠨ ᠬᠥᠭᠵᠢᠯᠲᠡ᠎ᠶ᠋ᠢᠨ ᠴᠢᠭᠯᠡᠯ ᠎ᠢ ᠲᠠᠨᠢᠯᠴᠠᠭᠤᠯᠪᠠ ᠃ ᠲᠡᠷᠡ ᠂ ᠳ᠋ᠧᠩᠺᠧᠦ ᠱᠢᠶᠠᠨ ᠤᠯᠤᠰ᠎ᠤᠨ ᠲᠣᠭᠠᠴᠢᠯᠠᠭᠰᠠᠨ ᠠᠵᠤ ᠠᠬᠤᠢ᠎ᠶᠢᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠢᠳᠡᠪᠬᠢᠲᠡᠢ ᠴᠤᠤᠷᠢᠶᠠᠲᠤᠨ ᠳᠠᠭᠠᠵᠤ ᠂ ᠪᠣᠬᠢᠷᠲᠤᠯ᠎ᠦᠭᠡᠢ ᠪᠤᠳᠤᠬᠤ ᠬᠦᠴᠦᠨ᠎ᠦ ᠠᠵᠤ ᠦᠢᠯᠡᠰ᠎ᠢ ᠲᠦᠷᠭᠡᠨ ᠪᠠᠢᠷᠢᠱᠢᠭᠤᠯᠵᠤ ᠪᠠᠢᠨ᠎ᠠ ᠂ ᠬᠤᠸᠠᠳᠦ᠋ᠩ ᠬᠦᠷᠢᠶᠡᠯᠡᠩ᠎ᠦᠨ ᠮᠡᠷᠭᠡᠵᠢᠯ ᠪᠣᠯᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠠᠯ᠎ᠠ ᠎ᠶ᠋ᠢᠨ ᠶᠡᠷᠦᠩᠬᠡᠢᠯᠡᠭᠰᠡᠨ ᠳᠠᠪᠠᠭᠤᠯᠢᠭ᠎ᠲᠤ ᠲᠦᠱᠢᠭᠯᠡᠨ ᠂ ᠬᠠᠮᠲᠤᠷᠠᠯᠴᠠᠭᠠᠨ᠎ᠤ ᠠᠷᠭ᠎ᠠ ᠵᠠᠮ᠎ᠢ ᠬᠠᠮᠲᠤᠪᠠᠷ ᠰᠦᠪᠡᠭᠴᠢᠯᠡᠬᠦ᠎ᠶᠢ ᠬᠦᠰᠡᠵᠦ ᠪᠠᠢᠨ᠎ᠠ ᠭᠡᠵᠦ ᠢᠯᠡᠳᠬᠡᠪᠡ ᠃ ᠬᠣᠶᠠᠷ ᠲᠠᠯ᠎ᠠ᠎ᠪᠠᠷ᠎ᠢᠶᠠᠨ ᠳ᠋ᠧᠩᠺᠧᠦ᠎ᠳᠦ ᠪᠣᠬᠢᠷᠲᠤᠯ᠎ᠦᠭᠡᠢ ᠪᠣᠳᠣᠬᠤ ᠬᠦᠴᠦᠨ᠎ᠦ ᠲᠥᠪ᠎ᠦᠨ ᠲᠥᠷᠥᠯ ᠵᠦᠢᠯ᠎ᠢ ᠪᠠᠢᠷᠢᠯᠠᠭᠤᠯᠬᠤ ᠪᠦᠲᠦᠭᠡᠨ ᠪᠠᠶ᠋ᠢᠭᠤᠯᠤᠯᠲᠠ ᠎ᠶ᠋ᠢᠨ ᠰᠡᠳᠬᠢᠴᠡ᠎ᠪᠡᠨ ᠭᠣᠣᠯᠳᠠᠯᠭ᠎ᠠ᠎ᠲᠠᠢ ᠨᠠᠷᠢᠨ ᠨᠢᠭᠲᠠ ᠰᠤᠳᠤᠯᠤᠨ ᠶᠠᠷᠢᠯᠴᠠᠪᠠ ᠃ ᠵᠠᠩ ᠢᠦᠢ ᠴᠧᠩ ᠬᠤᠸᠠᠳᠦ᠋ᠩ ᠬᠦᠷᠢᠶᠡᠯᠡᠩ᠎ᠳᠦ ᠤᠷᠢᠵᠤ ᠳ᠋ᠧᠩᠺᠧᠦ᠎ᠳᠦ ᠲᠦᠷᠭᠡᠨ ᠣᠴᠢᠭᠤᠯᠵᠤ ᠲᠤᠬᠠᠢ᠎ᠶᠢᠨ ᠭᠠᠵᠠᠷ᠎ᠲᠤᠨᠢ ᠱᠢᠨᠵᠢᠯᠡᠨ ᠪᠠᠢᠴᠠᠭᠠᠵᠤ ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠥᠰᠦᠯ᠎ᠢ ᠤᠯᠠᠮ ᠴᠢᠨᠠᠭᠱᠢᠳᠠ ᠲᠣᠭᠲᠠᠭᠠᠵᠤ ᠂ ᠲᠤᠬᠠᠢ᠎ᠶᠢᠨ ᠦᠶ᠎ᠡ᠎ᠳᠦ ᠠᠵᠢᠯ᠎ᠤᠨ ᠲᠤᠰᠭᠠᠢ ᠠᠩᠭᠢ᠎ᠶᠢ ᠵᠣᠬᠢᠶᠠᠨ ᠪᠠᠢᠭᠤᠯᠵᠤ ᠂ ᠦᠢᠯᠡᠴᠢᠯᠡᠭᠡᠨ᠎ᠦ ᠪᠠᠲᠤᠯᠠᠭ᠎ᠠ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ ᠂ ᠲᠥᠷᠥᠯ ᠵᠦᠢᠯ᠎ᠢ ᠡᠷᠲᠡᠬᠡᠨ ᠨᠠᠢᠳᠠᠪᠤᠷᠢᠵᠢᠭᠤᠯᠬᠤ᠎ᠶᠢ ᠠᠬᠢᠭᠤᠯᠬᠤ ᠪᠣᠯᠤᠨ᠎ᠠ ᠃ ᠬᠤᠷᠠᠯ᠎ᠤᠨ ᠳᠠᠷᠠᠭ᠎ᠠ ᠂ ᠱᠢᠨᠵᠢᠯᠡᠨ ᠪᠠᠢᠴᠠᠭᠠᠬᠤ ᠳᠤᠭᠤᠢᠯᠠᠩ ᠬᠤ ᠵᠧᠦ᠎ᠶ᠋ᠢᠨ ᠳ᠋ᠦᠩ ᠯᠢᠨ ᠲᠦᠮᠡᠨ ᠮᠦ ᠰᠠᠢᠨ ᠲᠠᠷᠢᠶᠠᠨ᠎ᠤ ᠲᠥᠷᠥᠯ ᠵᠦᠢᠯ᠎ᠢ ᠲᠤᠬᠠᠢ᠎ᠶᠢᠨ ᠭᠠᠵᠠᠷ᠎ᠲᠤᠨᠢ ᠱᠢᠨᠵᠢᠯᠡᠨ ᠪᠠᠢᠴᠠᠭᠠᠪᠠ ᠃

ᠵᠧᠵᠢᠶᠠᠩ᠎ᠤᠨ ᠬᠠᠢ ᠲᠤᠤ ᠶᠦᠨ ᠲᠣᠭ᠎ᠠ ᠪᠠᠷᠢᠮᠲᠠ᠎ᠶᠢᠨ ᠬᠢᠵᠠᠭᠠᠷᠲᠤ ᠺᠣᠮᠫᠠᠨᠢ᠎ᠳᠤ ᠂ ᠱᠢᠨᠵᠢᠯᠡᠨ ᠪᠠᠢᠴᠠᠭᠠᠬᠤ ᠳᠤᠭᠤᠢᠯᠠᠩ᠎ᠣᠶᠤᠨ ᠎ᠤ ᠪᠣᠳᠣᠯᠭ᠎ᠠ᠎ᠶᠢᠨ ᠲᠥᠪ᠎ᠦᠨ ᠭᠣᠣᠯ ᠲᠥᠬᠥᠭᠡᠷᠦᠮᠵᠢ ᠵᠢᠴᠢ ᠪᠤᠳᠤᠬᠤ ᠴᠢᠲᠠᠪᠤᠷᠢ᠎ᠶ᠋ᠢᠨ ᠦᠢᠯᠡᠴᠢᠯᠡᠭᠡᠨ᠎ᠤ ᠠᠵᠢᠯᠯᠠᠭᠠᠨ᠎ᠢ ᠬᠠᠮᠢᠶᠠᠷᠤᠨ ᠡᠵᠡᠮᠳᠡᠬᠦ ᠰᠢᠰᠲᠧᠮ ᠎ᠢ ᠲᠣᠭᠣᠷᠢᠨ ᠦᠵᠡᠭᠰᠡᠨ ᠪᠥᠭᠡᠳ ᠲᠤᠬᠠᠢ᠎ᠶᠢᠨ ᠲᠠᠯᠠᠪᠠᠢ᠎ᠳᠤ ᠵᠢᠯᠣᠭᠣᠴᠢ᠎ᠦᠭᠡᠢ ᠨᠢᠰᠬᠡᠯ᠎ᠦᠨ ᠡᠭᠦᠷᠭᠡ ᠭᠦᠢᠴᠡᠳᠬᠡᠬᠦ ᠦᠵᠡᠭᠦᠯᠦᠯᠭᠡ᠎ᠶᠢ ᠲᠣᠭᠣᠷᠢᠨ ᠦᠵᠡᠵᠦ ᠂ ᠠᠵᠤ ᠠᠬᠤᠢᠯᠠᠯ᠎ᠤᠨ ᠪᠣᠳᠣᠯᠭ᠎ᠠ᠎ᠶᠢᠨ ᠬᠦᠴᠦᠨ᠎ᠦ ᠲᠣᠬᠢᠷᠠᠭᠤᠯᠤᠯᠲᠠ ᠂ ᠳᠣᠣᠷ᠎ᠠ ᠠᠭᠠᠷ᠎ᠤᠨ ᠠᠵᠤ ᠠᠬᠤᠢ᠎ᠶᠢᠨ ᠬᠦᠷᠢᠶᠡᠨ᠎ᠳᠡᠬᠢ ᠮᠡᠷᠭᠡᠵᠢᠯ᠎ᠦᠨ ᠳᠠᠪᠠᠭᠤᠯᠢᠭ ᠪᠠ ᠬᠡᠷᠡᠭᠯᠡᠭᠡᠨ᠎ᠦ ᠪᠠᠢᠳᠠᠯ᠎ᠢ ᠨᠠᠷᠢᠨ ᠣᠢᠯᠠᠭᠠᠪᠠ ᠃ ᠶᠠᠷᠢᠯᠴᠠᠬᠤ ᠬᠤᠷᠠᠯ ᠳᠡᠭᠡᠷ᠎ᠡ ᠂ ᠬᠣᠶᠠᠷ ᠲᠠᠯ᠎ᠠ᠎ᠪᠠᠷ᠎ᠢᠶᠠᠨ ᠭᠣᠣᠯᠳᠠᠭᠤ ᠬᠠᠢ ᠲᠤᠤ ᠶᠦᠨ᠎ᠢ ᠳ᠋ᠧᠩᠺᠧᠦ ᠱᠢᠶᠠᠨ᠎ᠳᠤ ᠪᠡᠯᠡ ᠣᠷᠣᠭᠤᠯᠤᠨ ᠪᠦᠲᠦᠭᠡᠨ ᠪᠠᠢᠭᠤᠯᠬᠤ᠎ᠶ᠋ᠢ ᠠᠬᠢᠭᠤᠯᠬᠤ ᠳᠣᠣᠷ᠎ᠠ ᠺᠦᠩ ᠣᠶᠤᠨᠴᠢ ᠪᠣᠳᠣᠯᠭ᠎ᠠ᠎ᠶᠢᠨ ᠲᠥᠪ᠎ᠦᠨ ᠲᠥᠷᠥᠯ ᠵᠦᠢᠯ᠎ᠦᠨ ᠠᠵᠢᠯ ᠡᠬᠢᠯᠡᠭᠦᠯᠦᠨ ᠪᠦᠳᠦᠭᠡᠨ ᠪᠠᠶ᠋ᠢᠭᠤᠯᠬᠤ ᠶᠠᠪᠤᠳᠠᠯ᠎ᠤᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ ᠃ ᠵᠠᠩ ᠢᠦᠢ ᠢᠯᠡᠷᠬᠡᠢᠯᠡᠬᠦ᠎ᠳᠡᠭᠡᠨ ᠂ ᠵᠠᠰᠠᠭ᠎ᠤᠨ ᠣᠷᠳᠣᠨ ᠬᠣᠶᠠᠷ ᠲᠠᠯ᠎ᠠ᠎ᠪᠠᠷ᠎ᠢᠶᠠᠨ ᠨᠡᠪᠲᠡᠷᠡᠯᠴᠡᠭᠡ ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ ᠂ ᠵᠠᠰᠠᠭ᠎ᠤᠨ ᠣᠷᠳᠣᠨ᠎ᠠᠴᠠ ᠪᠦᠬᠦ ᠶᠠᠪᠤᠴᠠ᠎ᠳᠤ ᠦᠢᠯᠡᠴᠢᠯᠡᠭᠡᠨ᠎ᠦ ᠪᠠᠲᠤᠯᠠᠭ᠎ᠠ᠎ᠪᠠᠨ ᠰᠠᠢᠲᠤᠷ ᠬᠢᠵᠦ ᠂ ᠬᠣᠯᠪᠣᠭᠳᠠᠯ ᠪᠦᠬᠦᠢ ᠠᠰᠠᠭᠤᠳᠠᠯ᠎ᠢᠶᠠᠨ ᠢᠳᠡᠪᠬᠢᠲᠡᠢ ᠵᠣᠬᠢᠴᠠᠭᠤᠯᠤᠨ ᠱᠢᠢᠳᠪᠦᠷᠢᠯᠡᠵᠦ ᠂ ᠲᠥᠷᠥᠯ ᠵᠦᠢᠯ᠎ᠢ ᠡᠷᠲᠡᠬᠡᠨ ᠠᠵᠢᠯ ᠡᠬᠢᠯᠡᠭᠦᠯᠬᠦ᠎ᠶᠢ ᠬᠦᠴᠦ᠎ᠪᠡᠨ ᠬᠠᠮᠲᠤᠳᠭᠠᠨ ᠠᠬᠢᠭᠤᠯᠬᠤ ᠬᠡᠷᠡᠭᠲᠡᠢ ᠭᠡᠵᠡᠢ ᠃

ᠱᠢᠶᠠᠨ᠎ᠤ ᠤᠳᠤᠷᠢᠳᠤᠯᠭ᠎ᠠ ᠬᠤ᠌ ᠱᠢᠦᠸᠡᠢ ᠴᠤᠤ ᠂ ᠸᠠᠩ ᠵᠢᠶᠦᠨ ᠪᠠᠷ᠎ᠠ ᠪᠣᠯᠵᠤ ᠱᠢᠨᠵᠢᠯᠡᠨ ᠪᠠᠢᠴᠠᠭᠠᠪᠠ ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ